| | 5 ᠰᠠᠷ᠎ᠠ ᠶᠢᠨ 23 ᠤ ᠡᠳᠦᠷ᠂ ᠡᠷᠢᠶᠡᠨ ᠬᠤᠲᠠ ᠶᠢᠨ ᠭᠡᠷᠡᠯᠳᠦᠠᠣᠳᠦ ᠰᠤᠮᠤ ᠶᠢᠨ ᠳᠥᠷᠪᠡᠳᠦᠭᠡᠷ | ᠤᠳᠠᠭᠠᠨ ᠤ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠬᠤᠷᠠᠯᠳᠤᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠨᠠᠷᠠᠨᠳᠡᠠᠨᠠ ᠬᠤᠷᠠᠯ ᠳᠤ ᠣᠷᠣᠯᠴᠠᠪᠠ᠃ | | | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠷᠡᠯᠳᠦᠠᠣᠳᠦ ᠰᠤᠮᠤ ᠶᠢᠨ ᠳᠥᠷᠪᠡᠳᠦᠭᠡᠷ | ᠤᠳᠠᠭ᠎ᠠ ᠶᠢᠨ ᠨᠠᠮ ᠤᠨ ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ | ᠬᠢᠨᠠᠨ ᠪᠠᠶᠢᠴᠠᠭᠠᠭᠰᠠᠨ ᠮᠡᠳᠡᠭᠦᠯᠦᠯᠲᠡ᠂ ᠲᠡᠷᠢᠭᠦᠯᠡᠭᠴᠢᠳ ᠤᠨ ᠪᠦᠯᠬᠦᠮ ᠤᠨ ᠨᠡᠷᠡᠰ᠂ ᠨᠠᠷᠢᠨ ᠪᠢᠴᠢᠭ ᠤᠨ | ᠳᠠᠷᠤᠭ᠎ᠠ ᠶᠢᠨ ᠨᠡᠷᠡᠰ ᠵᠢᠴᠢ ᠶᠡᠭᠡ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ | ᠪᠠᠰᠠ ᠪᠤᠰᠤᠳ ᠬᠢᠨᠠᠨ ᠵᠥᠪᠯᠡᠬᠦ ᠴᠢᠬᠤᠯᠠᠲᠠᠢ ᠵᠦᠢᠯᠡᠰ ᠢ ᠪᠠᠲᠤᠯᠠᠬᠤ ᠶᠢᠨ ᠬᠠᠮᠲᠤ ᠨᠠᠮ ᠤᠨ ᠲᠥᠯᠥᠭᠡᠯᠡᠭᠴᠢᠳ ᠲᠤ | ᠪᠣᠯᠪᠠᠰᠤᠷᠠᠯ ᠬᠦᠷᠲᠡᠭᠡᠵᠡᠢ᠃ | | | | | | | | ᠪᠡᠯᠡᠳᠬᠡᠯ ᠬᠤᠷᠠᠯ ᠳᠡᠭᠡᠷ᠎ᠡ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ — ︽ᠲᠤᠯᠢ︾ ᠶᠢ ᠨᠡᠪᠲᠡᠷᠡᠭᠦᠯᠵᠦ᠂ | ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠲᠣᠭᠲᠠᠭᠠᠯ ᠢ ᠰᠡᠳᠬᠢᠯ ᠵᠢᠷᠦᠬᠡᠨ ᠳᠡᠭᠡᠨ | ᠬᠠᠳᠠᠩᠰᠢᠭᠤᠯᠬᠤ ᠶᠢ ᠪᠠᠲᠤᠯᠠᠵᠤ᠂ ᠤᠯᠠᠭᠠᠨ ᠱᠤᠭᠤᠮ ᠳᠤ ᠬᠦᠷᠬᠦ ᠦᠭᠡᠢ ᠪᠠᠶᠢᠬᠤ ᠶᠢ ᠪᠡᠶᠡᠯᠡᠭᠦᠯᠵᠦ᠂ ᠰᠠᠬᠢᠯᠭ᠎ᠠ | ᠪᠠᠲᠤ ᠶᠢ ᠵᠥᠷᠢᠴᠡᠭᠰᠡᠨ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠰᠢᠢᠳᠪᠦᠷᠢᠯᠡᠬᠦ ᠬᠡᠷᠡᠭᠲᠡᠢ ᠭᠡᠵᠦ | ᠤᠯᠠᠨ ᠳᠤ ᠰᠠᠨᠠᠭᠤᠯᠵᠠᠢ᠃ | |