ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠡᠳᠡᠭᠡᠷ ᠭᠤᠣᠯᠳᠠᠯᠭ᠎ᠠ ᠲᠠᠢ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2021/5/27
    5 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠠᠩ ᠴᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠠᠴᠠ ᠡᠯ᠎ᠡ ᠰᠠᠯᠠᠭ᠎ᠠ ᠮᠥᠴᠢᠷ ᠤᠨ ︽ᠪᠥᠬᠦ ᠣᠷᠣᠨ ᠤ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠤᠨ ᠦᠨᠡᠯᠡᠯᠲᠡ ᠬᠢᠨᠠᠨ ᠰᠢᠯᠭᠠᠯᠲᠠ ᠶᠢᠨ ᠲᠦᠷ ᠬᠡᠷᠡᠭᠵᠢᠭᠦᠯᠬᠦ ᠠᠷᠭ᠎ᠠ ᠬᠡᠮᠵᠢᠶ᠎ᠡ︾ ︽ᠡᠷᠢᠶᠡᠨ ᠬᠤᠲᠠ ᠶᠢᠨ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠬᠤ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠢ ᠠᠬᠤᠶ ᠶᠢᠨ ᠪᠣᠬᠢᠷ ᠤᠰᠤ ᠶᠢ  ᠰᠢᠢᠳᠪᠣᠷᠢᠯᠡᠬᠦ ᠲᠥᠪ ᠤᠨ ᠥᠭᠡᠷᠡᠴᠢᠯᠡᠯᠲᠡ ᠶᠢᠨ ᠬᠤᠯᠪᠣᠭᠳᠠᠯ ᠪᠥᠬᠦᠶ ᠤᠴᠢᠷ ᠶᠠᠪᠤᠳᠠᠯ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠣᠷᠣᠨ ᠪᠦᠰᠡ ᠶᠢᠨ ᠦᠨᠡᠯᠡᠨ ᠵᠢᠱᠢᠬᠦ  ᠵᠦᠢᠯᠡᠰ ᠤᠨ ᠲᠣᠳᠣᠷᠬᠠᠶ ᠬᠠᠭᠤᠳᠠᠰᠤ ᠪᠠ ᠮᠡᠷᠭᠡᠵᠢᠯ ᠤᠨ ᠪᠠᠷᠢᠮᠵᠢᠶ᠎ᠠ ᠵᠡᠷᠭᠡ ᠣᠯᠠᠨ ᠵᠥᠪᠯᠡᠬᠦ ᠰᠡᠳᠦᠪ ᠢ ᠰᠤᠳᠤᠯᠵᠠᠶ᠃    
   
    ᠯᠢᠦ ᠴᠠᠩ ᠴᠦᠨ ᠵᠢᠭᠠᠵᠤ ᠭᠠᠷᠭᠠᠭᠰᠠᠨ ᠨᠢ᠂ ︽ᠪᠦᠬᠦ ᠣᠷᠣᠨ ᠤ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠦᠨᠡᠯᠡᠨ ᠰᠢᠯᠭᠠᠬᠤ ᠲᠦᠷ ᠬᠡᠷᠡᠭᠵᠢᠭᠦᠯᠬᠦ ᠠᠷᠭ᠎ᠠ ᠬᠡᠮᠵᠢᠶ᠎ᠡ︾ ᠪᠣᠯ ᠥᠪᠡᠷᠲᠡᠭᠡᠨ ᠵᠠᠰᠠᠬᠤ ᠣᠷᠣᠨ ᠠᠴᠠ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠬᠥᠲᠥᠯᠥᠨ ᠵᠢᠯᠣᠭᠤᠳᠬᠤ ᠪᠠ ᠲᠣᠬᠢᠷᠠᠭᠤᠯᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠪᠠᠶᠢᠭᠤᠯᠤᠭᠰᠠᠨ ᠨᠢᠭᠡᠨ ᠢᠵᠢ ᠬᠢᠨᠠᠨ ᠰᠢᠯᠭᠠᠵᠤ ᠦᠨᠡᠯᠡᠬᠦ ᠰᠢᠰᠲ᠋ᠧᠮ ᠮᠥᠨ᠃ ᠡᠯ᠎ᠡ ᠰᠠᠯᠠᠭ᠎ᠠ ᠮᠥᠴᠢᠷ ᢭ ᠤᠨ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠤᠬᠢᠷᠠᠭᠤᠯᠤᠯ ᠡᠵᠡᠮᠳᠡᠯ ᠤᠨ ᠲᠥᠷᠥ ᠶᠢᠨ ᠪᠤᠳᠤᠯᠭ᠎ᠠ ᠶᠢᠨ ᠱᠠᠭᠠᠷᠳᠠᠯᠭ᠎ᠠ ᠪᠣᠯᠤᠨ ᠠᠵᠢᠯ ᠲᠥᠷᠥᠯ   ᠤᠨ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠵᠣᠯᠭᠠᠭᠤᠯᠬᠤ ᠶᠢ ᠢᠳᠡᠪᠬᠢᠲᠡᠶ ᠪᠠᠷ ᠰᠠᠶᠢᠲᠤᠷ ᠬᠢᠵᠦ᠂ ᠲᠤᠭ᠎ᠠ ᠪᠠᠷᠢᠮᠲᠠ ᠪᠣᠯᠤᠨ ᠭᠦᠢᠴᠡᠳᠬᠡᠬᠦ ᠲᠤᠭ᠎ᠠ ᠪᠠᠨ ᠴᠠᠭ ᠲᠤᠬᠠᠶ ᠳᠤ ᠨᠢ ᠳᠡᠭᠡᠭᠰᠢ ᠮᠡᠳᠡᠭᠦᠯᠵᠦ᠂ ᠮᠠᠨ ᠤ ᠬᠤᠳᠠ ᠶᠢᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠬᠠᠮᠢᠶᠠᠷᠤᠯᠲᠠ ᠶᠢᠨ ᠰᠢᠨ᠎ᠡ  ᠰᠢᠰᠲ᠋ᠧᠮ ᠢ ᠤᠭᠰᠠᠷᠠᠵᠤ ᠬᠡᠷᠡᠭᠯᠡᠬᠦ ᠠᠵᠢᠯ   ᠢ ᠲᠦᠷᠭᠡᠬᠡᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠭᠦᠯᠬᠦ᠂ ᠲᠣᠬᠢᠷᠠᠭᠤᠯᠤᠨ ᠡᠵᠡᠮᠳᠡᠬᠦ ᠳᠤ ᠦᠨᠳᠦᠰᠦ ᠪᠠᠷᠢᠮᠲᠠ ᠬᠠᠩᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠡᠪᠲᠡᠷᠡᠯᠴᠡᠭᠡ ᠪᠠᠨ ᠴᠢᠩᠭᠠᠳᠬᠠᠵᠤ᠂ ᠳᠥᠷᠪᠡᠨ  ᠵᠦᠢᠯ ᠤᠨ ᠭᠦᠶ᠋ᠴᠡᠳᠬᠡᠯ ᠲᠤᠭ᠎ᠠ ᠪᠠ ᠭᠠᠵᠠᠷ ᠰᠢᠷᠣᠶ᠂ ᠢᠲᠡᠭᠡᠮᠵᠢᠲᠦ ᠵᠢᠭᠡᠯᠡᠯᠭᠡ᠂ ᠡᠳ᠋ ᠤᠨ ᠵᠠᠰᠠᠭ ᠭᠠᠶᠢᠯᠢ᠂ ᠣᠷᠣᠨ ᠰᠠᠭᠤᠴᠠ ᠶᠢᠨ ᠬᠠᠩᠭᠠᠯᠭ᠎ᠠ ᠪᠣᠷᠣᠯᠠᠭᠤᠯᠭ᠎ᠠ ᠵᠡᠷᠭᠡ ᠯᠠᠪᠯᠠᠯᠲᠠ ᠶᠢᠨ ᠭᠦᠶ᠋ᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠬᠤᠷᠢᠶᠠᠩᠭᠤᠶᠢᠯᠠᠬᠤ ᠪᠠ ᠰᠢᠨᠡᠳᠬᠡᠵᠦ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢᠨ ᠴᠠᠭ ᠲᠤᠬᠠᠶ ᠳᠤᠨᠢ᠂ ᠣᠨᠣᠪᠴᠢᠲᠠᠶ᠂ ᠪᠥᠬᠦ ᠲᠠᠯ᠎ᠠ ᠶᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃        ᠯᠢᠦ ᠴᠠᠩ ᠴᠦᠨ ᠴᠢᠬᠤᠯᠠᠴᠢᠯᠠᠭᠰᠠᠨ ᠨᠢ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠪᠣᠯ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠬᠤ ᠳᠤ ᠣᠯᠠᠨ ᠲᠦᠮᠡᠨ ᠤ ᠵᠣᠭᠰᠣᠯᠲᠠ ᠳᠡᠭᠡᠷ᠎ᠡ ᠵᠣᠭᠰᠣᠵᠤ᠂ ᠣᠯᠠᠨ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠨ᠂ ᠣᠯᠠᠨ ᠲᠦᠮᠡᠨ ᠤ ᠥᠪᠡᠷᠲᠡᠭᠡᠨ ᠵᠠᠰᠠᠬᠤ ᠪᠠ ᠬᠠᠮᠲᠤ ᠪᠠᠷ ᠵᠠᠰᠠᠬᠤ ᠬᠠᠯᠠᠭᠤᠨ ᠰᠡᠳᠬᠢᠯᠭᠡ ᠶᠢ ᠬᠥᠭᠵᠢᠭᠡᠪᠡᠯ ᠰᠠᠶ᠋ᠢ ᠡᠨᠡᠬᠦ ᠠᠷᠠᠳ ᠤᠨ ᠰᠡᠳᠬᠢᠯ ᠤᠨ ᠢᠨᠵᠧᠨᠧᠷᠢᠩ ᠢ ᠨᠡᠩ ᠰᠠᠶᠢᠨ ᠠᠬᠢᠭᠤᠯᠵᠤ ᠴᠢᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠴᠢᠩᠭᠠᠳᠬᠠᠵᠤ᠂ ᠠᠵᠢᠯ ᠤᠨ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠭᠦᠷᠭᠡ ᠶᠢᠨ ᠨᠠᠷᠢᠨ ᠲᠠᠩᠰᠠ ᠶᠢ ᠵᠢᠭᠰᠠᠭᠠᠵᠤ᠂ ᠥᠭᠡᠷᠡᠴᠢᠯᠡᠬᠦ ᠬᠠᠷᠠᠯᠲᠠ᠂ ᠬᠡᠪᠴᠢᠶ᠎ᠡ ᠪᠠ ᠬᠡᠷᠡᠭᠵᠢᠭᠦᠯᠬᠦ ᠠᠷᠭ᠎ᠠ ᠵᠠᠮ ᠢ ᠲᠣᠳᠣᠷᠬᠠᠶᠢᠯᠠᠵᠤ᠂ ᠭᠤᠤᠯᠳᠠᠭᠤ ᠵᠢᠵᠢᠭ ᠲᠣᠭᠤᠷᠢᠭ ᠤᠨ ᠳᠦᠷᠰᠦ ᠪᠠᠶᠢᠳᠠᠯ ᠢ ᠰᠠᠶᠢᠵᠢᠷᠠᠭᠤᠯᠬᠤ᠂ ᠬᠡᠷ ᠪᠠᠶᠢᠰᠢᠩ ᠤᠨ ᠴᠢᠳᠠᠮᠵᠢ ᠶᠢ ᠰᠠᠶᠢᠵᠢᠷᠠᠭᠤᠯᠬᠤ᠂ ᠰᠠᠭᠤᠷᠢ ᠪᠡᠯᠡᠳᠬᠡᠮᠵᠢ ᠶᠢ ᠥᠭᠡᠷᠡᠴᠢᠯᠡᠬᠦ᠂ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠳᠡᠭᠡᠭᠰᠢᠯᠡᠭᠦᠯᠦᠨ ᠥᠭᠡᠷᠡᠴᠢᠯᠡᠵᠦ᠂ ᠲᠥᠷᠥᠯ ᠬᠤᠪᠢᠶᠠᠨ ᠠᠬᠢᠭᠤᠯᠤᠨ ᠬᠡᠷᠡᠭᠵᠢᠭᠦᠯᠵᠦ᠂ ᠬᠠᠭᠤᠴᠢᠨ ᠵᠢᠵᠢᠭ ᠲᠣᠭᠤᠷᠢᠭ ᠤᠨ ᠬᠠᠭᠤᠴᠢᠨ ᠳᠦᠷᠰᠦ ᠪᠠᠶᠢᠳᠠᠯ ᠢ ᠰᠢᠨ᠎ᠡ ᠳᠦᠷᠰᠦ ᠪᠠᠶᠢᠳᠠᠯ ᠲᠠᠢ ᠪᠣᠯᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠦᠨ᠎ᠡ᠃        ᠯᠢᠦ ᠴᠠᠩ ᠴᠦᠨ ᠵᠢᠭᠠᠵᠤ ᠭᠠᠷᠭᠠᠭᠰᠠᠨ ᠨᠢ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠥᠷᠨᠢᠭᠦᠯᠬᠦ ᠪᠣᠯ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠨᠢᠭᠡ  ᠵᠦᠢᠯ ᠤᠨ ᠴᠢᠬᠤᠯᠠ ᠠᠵᠢᠯ ᠮᠥᠨ᠂ ᠪᠠᠰᠠ ᠴᠤ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠦᠴᠦᠲᠡᠶ ᠠᠷᠭ᠎ᠠ ᠬᠡᠮᠵᠢᠶ᠎ᠡ ᠮᠥᠨ᠂ ᠡᠯ᠎ᠡ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠦᠨᠡᠯᠡᠨ ᠵᠢᠱᠢᠬᠦ  ᠵᠦᠢᠯᠡᠰ ᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠭᠲᠠᠭᠠᠵᠤ᠂ ᠲᠥᠷᠥᠯ ᠵᠦᠢᠯ ᠤᠨ ᠡᠷᠬᠡᠪᠰᠢ ᠬᠡᠷᠡᠭᠰᠡᠬᠦ ᠪᠤᠶᠤ ᠪᠠᠴᠢᠮ ᠬᠡᠷᠡᠭᠰᠡᠬᠦ  ᠵᠦᠢᠯᠡᠰ ᠢ ᠤᠷᠢᠳᠠᠪᠠᠷ ᠰᠣᠩᠭᠤᠨ ᠦᠨᠡᠯᠡᠨ ᠵᠢᠱᠢᠵᠦ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠬᠤ ᠬᠡᠷᠡᠭᠲᠡᠶ᠃        ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠶᠠᠷᠢᠯᠴᠠᠪᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号