ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠬᠠᠮᠲᠤᠷᠠᠭᠰᠠᠨ ᠵᠥᠪᠯᠡᠯ ᠤᠨ ᠳᠤᠮᠳᠠᠳᠤ ᠤᠯᠤᠰ ᠤᠨ ᠲᠠᠯ᠎ᠠ ᠶᠢᠨ ᠵᠥᠪᠯᠡᠯ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠮᠣᠩᠭᠤᠯ ᠤᠯᠤᠰ ᠢ ᠲᠦᠷᠭᠡᠨ ᠲᠤᠰᠠᠯᠠᠪᠠ
ᠨᠡᠶᠢᠲᠡᠯᠡᠭᠰᠡᠨ ᠴᠠᠭ᠄
2021/5/6
     4 ᠰᠠᠷ᠎ᠠ ᠶᠢᠨ 29 ᠤ ᠡᠳᠦᠷ᠂ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠬᠤᠯᠪᠣᠭᠠᠲᠤ ᠵᠥᠪᠯᠡᠯ ᠤᠨ ᠳᠤᠮᠳᠠᠳᠤ ᠤᠯᠤᠰ ᠤᠨ ᠲᠠᠯ᠎ᠠ ᠶᠢᠨ ᠵᠥᠪᠯᠡᠯ ᠠᠴᠠ ᠮᠣᠩᠭᠤᠯ ᠤᠯᠤᠰ ᠲᠤ ᠬᠠᠨᠳᠢᠪᠯᠠᠭᠰᠠᠨ ᠬᠢᠵᠢᠭ ᠢ ᠰᠡᠷᠭᠡᠶᠢᠯᠡᠬᠦ ᠡᠳ᠋ ᠪᠣᠳᠠᠰ ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠮᠠᠨ ᠤ ᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠹᠦ᠋ ᠶᠦᠩ ᠴᠦᠨ᠂ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠧᠨ ᠹᠸᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ  ᠴᠣᠭᠵᠢᠯ᠂ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ ᠤᠨ ᠺᠤᠨᠰᠦ᠋ᠯ ᠵᠢᠴᠢ ᠪᠤᠭᠤᠲᠤ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ ᠵᠡᠷᠭᠡ ᠠᠶᠢᠮᠠᠭ ᠬᠤᠲᠠ ᠶᠢᠨ ᠲᠥᠯᠥᠭᠡᠯᠡᠭᠴᠢ  ᠨᠠᠷ ᠶᠣᠰᠣᠯᠠᠯ ᠳᠤ ᠣᠷᠣᠯᠴᠠᠵᠠᠶ᠃
           ᠶᠣᠰᠣᠯᠠᠯ ᠤᠨ ᠲᠤᠬᠠᠶ ᠶᠢᠨ ᠲᠠᠯᠠᠪᠠᠢ      ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ ᠮᠣᠩᠭᠤᠯ ᠬᠤᠶᠠᠷ ᠤᠯᠤᠰ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠳᠡᠮᠵᠢᠵᠦ᠂ ᠨᠢᠭᠲᠠ ᠬᠠᠮᠲᠤᠷᠠᠯᠴᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠢᠯᠡᠳᠲᠡ ᠦᠷ᠎ᠡ ᠪᠦᠲᠦᠮᠵᠢ ᠤᠯᠪᠠ᠃ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠵᠠᠭᠠᠭ ᠤᠨ ᠬᠠᠮᠲᠤᠷᠠᠭᠰᠠᠨ ᠵᠥᠪᠯᠡᠯ ᠤᠨ ᠲᠣᠭᠲᠠᠴᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠳᠣᠯᠠᠳᠠ᠂ ᠳᠤᠮᠳᠠᠳᠤ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠳᠡᠮᠵᠢᠯᠭᠡ ᠳᠣᠣᠷ᠎ᠠ ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠠᠴᠠ ᠮᠠᠨ ᠤ ᠣᠷᠣᠨ ᠤ ᠪᠤᠭᠤᠲᠤ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠠᠯᠠᠱᠠ ᠠᠶᠢᠮᠠᠭ᠂ ᠡᠷᠢᠶᠡᠨ ᠬᠤᠲᠠ ᠵᠡᠷᠭᠡ ᠭᠠᠵᠠᠷ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠥᠷᠰᠢᠯᠡᠵᠦ ᠪᠠᠶᠢᠭ᠎ᠠ ᠮᠣᠩᠭᠤᠯ ᠤᠯᠤᠰ ᠤᠨ  ᠡᠮᠦᠨᠡᠭᠤᠪᠢ ᠠᠶᠢᠮᠠᠭ᠂ ᠳᠣᠷᠣᠨᠠᠭᠤᠪᠢ ᠠᠶᠢᠮᠠᠭ᠂ ᠰᠦᠬᠡᠪᠠᠭᠠᠲᠤᠷ  ᠠᠶᠢᠮᠠᠭ  ᠂ ᠳᠣᠷᠣᠨ᠎ᠠ ᠠᠶᠢᠮᠠᠭ᠂ ᠵᠠᠮ ᠤᠨ ᠡᠭᠦᠳᠡ ᠬᠤᠲᠠ ᠳᠤ ᠡᠮᠨᠡᠯᠭᠡ ᠳᠤ ᠬᠡᠷᠡᠭᠯᠡᠬᠦ ᠠᠮᠠᠪᠴᠢ᠂ ᠬᠠᠮᠠᠭᠠᠯᠠᠯᠲᠠ ᠶᠢᠨ ᠬᠤᠪᠴᠠᠰᠤ᠂ ᠲᠤᠰᠠᠭᠠᠷᠯᠠᠬᠤ ᠨᠢᠳᠦᠨ ᠤ ᠪᠦᠲᠡᠭᠡᠯᠭᠡ ᠵᠡᠷᠭᠡ 10 ᠲᠥᠷᠥᠯ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠬᠠᠨᠳᠢᠪᠯᠠᠵᠤ᠂ ᠶᠡᠷᠦᠩᠬᠡᠶ ᠥᠷᠲᠡᠭ ᠨᠢ 30 ᠲᠦᠮᠡᠨ ᠲᠥᠭᠦᠷᠢᠭ ᠠᠷᠠᠳ ᠤᠨ ᠵᠣᠭᠤᠰ ᠪᠣᠯᠤᠨ᠎ᠠ᠃   ᠳᠤᠮᠳᠠᠳᠤ ᠮᠣᠩᠭᠤᠯ ᠬᠤᠶᠠᠷ ᠤᠯᠤᠰ ᠪᠠᠷᠤᠭ 4700  ᠺᠢᠯᠣᠮᠧᠲᠷ ᠤᠨ ᠡᠬᠡ ᠬᠠᠭᠤᠷᠠᠶ ᠶᠢᠨ ᠬᠢᠯᠢ ᠶᠢᠨ ᠵᠠᠭᠠᠭ ᠲᠠᠢ ᠪᠠᠶᠢᠵᠤ᠂ ᠠᠭᠤᠯᠠ ᠤᠰᠤ ᠪᠠᠷ ᠢᠶᠠᠨ ᠵᠠᠯᠭᠠᠯᠳᠤᠭᠰᠠᠨ ᠰᠠᠶᠢᠨ ᠬᠥᠷᠰᠢ ᠤᠯᠤᠰ ᠪᠣᠯᠬᠤ ᠪᠥᠭᠡᠳ ᠦᠨᠡᠨᠴᠢ ᠪᠠᠷ ᠬᠠᠷᠢᠯᠴᠠᠨ ᠬᠠᠪᠰᠤᠷᠤᠯᠴᠠᠭᠰᠠᠨ ᠰᠠᠶᠢᠨ ᠬᠠᠨᠢᠲᠠᠨ ᠪᠣᠯᠤᠨ᠎ᠠ᠃ ᠣᠯᠠᠨ ᠵᠢᠯ ᠤᠨ ᠲᠤᠷᠰᠢ᠂ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠵᠠᠭᠠᠭ ᠤᠨ ᠬᠠᠮᠲᠤᠷᠠᠭᠰᠠᠨ ᠵᠥᠪᠯᠡᠯ ᠤᠨ ᠲᠣᠭᠲᠠᠴᠠ ᠳᠣᠤᠷ᠎ᠠ᠂ ᠬᠤᠶᠠᠷ ᠲᠠᠯ᠎ᠠ ᠪᠠᠷ ᠢᠶᠠᠨ ᠲᠣᠭᠲᠠᠮᠠᠯ ᠬᠤᠭᠤᠴᠠᠭ᠎ᠠ ᠲᠠᠢ ᠪᠠᠷ ︽ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠬᠠᠮᠢᠶᠠᠷᠤᠯᠲᠠ ᠶᠢᠨ ᠲᠦᠷᠢᠮ ᠤᠨ ᠭᠡᠷ᠎ᠡ︾ ᠶᠢ ᠬᠡᠷᠡᠭᠵᠢᠭᠦᠯᠦᠭᠰᠡᠨ ᠪᠠᠶᠢᠳᠠᠯ ᠳᠤ ᠳ᠋ᠦᠩᠨᠡᠯᠲᠡ ᠬᠢᠵᠦ᠂ ᠬᠤᠶᠠᠷ ᠤᠯᠤᠰ ᠤᠨ ᠬᠢᠯᠢ ᠶᠢᠨ ᠵᠠᠭᠠᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠪᠦᠲᠦᠮᠵᠢᠲᠡᠶ ᠪᠠᠷ ᠡᠮᠬᠢᠯᠡᠨ ᠳᠢᠭᠯᠡᠵᠦ᠂ ᠳᠤᠮᠳᠠᠳᠤ ᠮᠣᠩᠭᠤᠯ ᠬᠤᠶᠠᠷ ᠤᠯᠤᠰ ᠤᠨ ᠨᠥᠬᠦᠷᠰᠡᠭ ᠶᠠᠪᠤᠯᠴᠠᠭ᠎ᠠ ᠪᠠ ᠬᠤᠶᠠᠷ ᠤᠯᠤᠰ ᠤᠨ ᠬᠢᠯᠢ ᠶᠢᠨ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠲᠡᠶ ᠠᠬᠢᠭᠤᠯᠤᠭᠰᠠᠨ ᠪᠠᠶᠢᠨ᠎ᠠ᠃    ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠮᠣᠩᠭᠤᠯ ᠤᠯᠤᠰ ᠲᠤ ᠬᠠᠨᠳᠢᠪᠯᠠᠵᠤ ᠪᠠᠶᠢᠭ᠎ᠠ ᠬᠢᠵᠢᠭ ᠢ ᠰᠡᠷᠭᠡᠶᠢᠯᠡᠬᠦ ᠡᠳ᠋ ᠪᠣᠳᠠᠰ ᠢ ᠨᠢᠭᠡᠨᠲᠡ ᠲᠡᠭᠡᠭᠡᠪᠦᠷᠢᠯᠡᠵᠦ᠂ ᠵᠠᠯᠭᠠᠯᠳᠤᠭᠠᠪᠠᠷ ᠮᠣᠩᠭᠤᠯ ᠤᠯᠤᠰ ᠲᠤ ᠵᠥᠭᠡᠭᠡᠪᠦᠷᠢᠯᠡᠨ ᠬᠦᠷᠭᠡᠬᠦ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号