| 4 ᠰᠠᠷ᠎ᠠ ᠶᠢᠨ 29 ᠤ ᠡᠳᠦᠷ᠂ ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ ᠬᠤᠯᠪᠣᠭᠠᠲᠤ ᠵᠥᠪᠯᠡᠯ ᠤᠨ | ᠳᠤᠮᠳᠠᠳᠤ ᠤᠯᠤᠰ ᠤᠨ ᠲᠠᠯ᠎ᠠ ᠶᠢᠨ ᠵᠥᠪᠯᠡᠯ ᠠᠴᠠ ᠮᠣᠩᠭᠤᠯ ᠤᠯᠤᠰ ᠲᠤ ᠬᠠᠨᠳᠢᠪᠯᠠᠭᠰᠠᠨ ᠬᠢᠵᠢᠭ ᠢ ᠰᠡᠷᠭᠡᠶᠢᠯᠡᠬᠦ | ᠡᠳ᠋ ᠪᠣᠳᠠᠰ ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠮᠠᠨ ᠤ ᠬᠤᠲᠠ ᠳᠤ ᠶᠠᠪᠤᠭᠳᠠᠪᠠ᠃ ᠥᠪᠡᠷᠲᠡᠭᠡᠨ | ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠹᠦ᠋ ᠶᠦᠩ ᠴᠦᠨ᠂ ᠭᠠᠳᠠᠭᠠᠳᠤ | ᠶᠠᠪᠤᠳᠠᠯ ᠤᠨ ᠠᠯᠪᠠᠨ ᠬᠡᠷ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠧᠨ ᠹᠸᠢ᠂ ᠬᠤᠲᠠ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠵᠠᠰᠠᠭ ᠤᠨ ᠣᠷᠳᠣᠨ ᠤ ᠳᠡᠳ᠋ | ᠳᠠᠷᠤᠭ᠎ᠠ ᠴᠣᠭᠵᠢᠯ᠂ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ ᠤᠨ ᠺᠤᠨᠰᠦ᠋ᠯ | ᠵᠢᠴᠢ ᠪᠤᠭᠤᠲᠤ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ ᠵᠡᠷᠭᠡ ᠠᠶᠢᠮᠠᠭ ᠬᠤᠲᠠ ᠶᠢᠨ | ᠲᠥᠯᠥᠭᠡᠯᠡᠭᠴᠢ ᠨᠠᠷ ᠶᠣᠰᠣᠯᠠᠯ ᠳᠤ ᠣᠷᠣᠯᠴᠠᠵᠠᠶ᠃ | | | | | | ᠶᠣᠰᠣᠯᠠᠯ ᠤᠨ ᠲᠤᠬᠠᠶ ᠶᠢᠨ ᠲᠠᠯᠠᠪᠠᠢ | | ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ ᠮᠣᠩᠭᠤᠯ ᠬᠤᠶᠠᠷ ᠤᠯᠤᠰ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠳᠡᠮᠵᠢᠵᠦ᠂ ᠨᠢᠭᠲᠠ ᠬᠠᠮᠲᠤᠷᠠᠯᠴᠠᠵᠤ᠂ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠢᠯᠡᠳᠲᠡ ᠦᠷ᠎ᠡ ᠪᠦᠲᠦᠮᠵᠢ ᠤᠯᠪᠠ᠃ ᠳᠤᠮᠳᠠᠳᠤ ᠮᠣᠩᠭᠤᠯ ᠬᠤᠶᠠᠷ | ᠤᠯᠤᠰ ᠤᠨ ᠬᠢᠯᠢ ᠶᠢᠨ ᠵᠠᠭᠠᠭ ᠤᠨ ᠬᠠᠮᠲᠤᠷᠠᠭᠰᠠᠨ ᠵᠥᠪᠯᠡᠯ ᠤᠨ ᠲᠣᠭᠲᠠᠴᠠ ᠶᠢᠨ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠳᠣᠯᠠᠳᠠ᠂ ᠳᠤᠮᠳᠠᠳᠤ ᠤᠯᠤᠰ ᠤᠨ ᠭᠠᠳᠠᠭᠠᠳᠤ | ᠶᠠᠪᠤᠳᠠᠯ ᠤᠨ ᠶᠠᠮᠤᠨ ᠤ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠶᠠᠪᠤᠳᠠᠯ ᠤᠨ ᠠᠯᠪᠠᠨ | ᠭᠡᠷ ᠠᠴᠠ ᠮᠠᠨ ᠤ ᠣᠷᠣᠨ ᠤ ᠪᠤᠭᠤᠲᠤ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ᠂ | ᠪᠠᠶᠠᠨᠨᠠᠭᠤᠷ ᠬᠤᠲᠠ᠂ ᠠᠯᠠᠱᠠ ᠠᠶᠢᠮᠠᠭ᠂ ᠡᠷᠢᠶᠡᠨ ᠬᠤᠲᠠ ᠵᠡᠷᠭᠡ ᠭᠠᠵᠠᠷ ᠣᠷᠣᠨ ᠤ ᠭᠠᠳᠠᠭᠠᠳᠤ ᠶᠠᠪᠤᠳᠠᠯ ᠤᠨ | ᠠᠯᠪᠠᠨ ᠭᠡᠷ ᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠥᠷᠰᠢᠯᠡᠵᠦ | ᠪᠠᠶᠢᠭ᠎ᠠ ᠮᠣᠩᠭᠤᠯ ᠤᠯᠤᠰ ᠤᠨ ᠡᠮᠦᠨᠡᠭᠤᠪᠢ ᠠᠶᠢᠮᠠᠭ᠂ ᠳᠣᠷᠣᠨᠠᠭᠤᠪᠢ ᠠᠶᠢᠮᠠᠭ᠂ ᠰᠦᠬᠡᠪᠠᠭᠠᠲᠤᠷ ᠠᠶᠢᠮᠠᠭ ᠂ | ᠳᠣᠷᠣᠨ᠎ᠠ ᠠᠶᠢᠮᠠᠭ᠂ ᠵᠠᠮ ᠤᠨ ᠡᠭᠦᠳᠡ ᠬᠤᠲᠠ ᠳᠤ ᠡᠮᠨᠡᠯᠭᠡ ᠳᠤ ᠬᠡᠷᠡᠭᠯᠡᠬᠦ ᠠᠮᠠᠪᠴᠢ᠂ ᠬᠠᠮᠠᠭᠠᠯᠠᠯᠲᠠ ᠶᠢᠨ | ᠬᠤᠪᠴᠠᠰᠤ᠂ ᠲᠤᠰᠠᠭᠠᠷᠯᠠᠬᠤ ᠨᠢᠳᠦᠨ ᠤ ᠪᠦᠲᠡᠭᠡᠯᠭᠡ ᠵᠡᠷᠭᠡ 10 ᠲᠥᠷᠥᠯ ᠤᠨ ᠬᠢᠵᠢᠭ ᠢ ᠰᠡᠷᠭᠡᠶᠢᠯᠡᠬᠦ ᠡᠳ᠋ ᠪᠣᠳᠠᠰ | ᠬᠠᠨᠳᠢᠪᠯᠠᠵᠤ᠂ ᠶᠡᠷᠦᠩᠬᠡᠶ ᠥᠷᠲᠡᠭ ᠨᠢ 30 ᠲᠦᠮᠡᠨ ᠲᠥᠭᠦᠷᠢᠭ ᠠᠷᠠᠳ ᠤᠨ ᠵᠣᠭᠤᠰ ᠪᠣᠯᠤᠨ᠎ᠠ᠃ | | ᠳᠤᠮᠳᠠᠳᠤ ᠮᠣᠩᠭᠤᠯ ᠬᠤᠶᠠᠷ ᠤᠯᠤᠰ ᠪᠠᠷᠤᠭ 4700 ᠺᠢᠯᠣᠮᠧᠲᠷ ᠤᠨ ᠡᠬᠡ ᠬᠠᠭᠤᠷᠠᠶ ᠶᠢᠨ ᠬᠢᠯᠢ ᠶᠢᠨ | ᠵᠠᠭᠠᠭ ᠲᠠᠢ ᠪᠠᠶᠢᠵᠤ᠂ ᠠᠭᠤᠯᠠ ᠤᠰᠤ ᠪᠠᠷ ᠢᠶᠠᠨ ᠵᠠᠯᠭᠠᠯᠳᠤᠭᠰᠠᠨ ᠰᠠᠶᠢᠨ ᠬᠥᠷᠰᠢ ᠤᠯᠤᠰ ᠪᠣᠯᠬᠤ ᠪᠥᠭᠡᠳ | ᠦᠨᠡᠨᠴᠢ ᠪᠠᠷ ᠬᠠᠷᠢᠯᠴᠠᠨ ᠬᠠᠪᠰᠤᠷᠤᠯᠴᠠᠭᠰᠠᠨ ᠰᠠᠶᠢᠨ ᠬᠠᠨᠢᠲᠠᠨ ᠪᠣᠯᠤᠨ᠎ᠠ᠃ ᠣᠯᠠᠨ ᠵᠢᠯ ᠤᠨ ᠲᠤᠷᠰᠢ᠂ ᠳᠤᠮᠳᠠᠳᠤ | ᠮᠣᠩᠭᠤᠯ ᠬᠤᠶᠠᠷ ᠤᠯᠤᠰ ᠤᠨ ᠬᠢᠯᠢ ᠶᠢᠨ ᠵᠠᠭᠠᠭ ᠤᠨ ᠬᠠᠮᠲᠤᠷᠠᠭᠰᠠᠨ ᠵᠥᠪᠯᠡᠯ ᠤᠨ ᠲᠣᠭᠲᠠᠴᠠ ᠳᠣᠤᠷ᠎ᠠ᠂ ᠬᠤᠶᠠᠷ | ᠲᠠᠯ᠎ᠠ ᠪᠠᠷ ᠢᠶᠠᠨ ᠲᠣᠭᠲᠠᠮᠠᠯ ᠬᠤᠭᠤᠴᠠᠭ᠎ᠠ ᠲᠠᠢ ᠪᠠᠷ ︽ᠳᠤᠮᠳᠠᠳᠤ ᠮᠣᠩᠭᠤᠯ ᠤᠨ ᠬᠢᠯᠢ ᠶᠢᠨ ᠵᠠᠭᠠᠭ ᠤᠨ | ᠬᠠᠮᠢᠶᠠᠷᠤᠯᠲᠠ ᠶᠢᠨ ᠲᠦᠷᠢᠮ ᠤᠨ ᠭᠡᠷ᠎ᠡ︾ ᠶᠢ ᠬᠡᠷᠡᠭᠵᠢᠭᠦᠯᠦᠭᠰᠡᠨ ᠪᠠᠶᠢᠳᠠᠯ ᠳᠤ ᠳ᠋ᠦᠩᠨᠡᠯᠲᠡ ᠬᠢᠵᠦ᠂ ᠬᠤᠶᠠᠷ | ᠤᠯᠤᠰ ᠤᠨ ᠬᠢᠯᠢ ᠶᠢᠨ ᠵᠠᠭᠠᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠪᠦᠲᠦᠮᠵᠢᠲᠡᠶ ᠪᠠᠷ ᠡᠮᠬᠢᠯᠡᠨ ᠳᠢᠭᠯᠡᠵᠦ᠂ | ᠳᠤᠮᠳᠠᠳᠤ ᠮᠣᠩᠭᠤᠯ ᠬᠤᠶᠠᠷ ᠤᠯᠤᠰ ᠤᠨ ᠨᠥᠬᠦᠷᠰᠡᠭ ᠶᠠᠪᠤᠯᠴᠠᠭ᠎ᠠ ᠪᠠ ᠬᠤᠶᠠᠷ ᠤᠯᠤᠰ ᠤᠨ ᠬᠢᠯᠢ ᠶᠢᠨ ᠣᠷᠣᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠮᠣᠩᠭᠤᠯ ᠤᠯᠤᠰ ᠲᠤ ᠬᠠᠨᠳᠢᠪᠯᠠᠵᠤ ᠪᠠᠶᠢᠭ᠎ᠠ ᠬᠢᠵᠢᠭ ᠢ | ᠰᠡᠷᠭᠡᠶᠢᠯᠡᠬᠦ ᠡᠳ᠋ ᠪᠣᠳᠠᠰ ᠢ ᠨᠢᠭᠡᠨᠲᠡ ᠲᠡᠭᠡᠭᠡᠪᠦᠷᠢᠯᠡᠵᠦ᠂ ᠵᠠᠯᠭᠠᠯᠳᠤᠭᠠᠪᠠᠷ ᠮᠣᠩᠭᠤᠯ ᠤᠯᠤᠰ ᠲᠤ ᠵᠥᠭᠡᠭᠡᠪᠦᠷᠢᠯᠡᠨ | ᠬᠦᠷᠭᠡᠬᠦ ᠪᠣᠯᠤᠨ᠎ᠠ᠃ |