ᠯᠢᠦ ᡁᠢ ᠫᠢᠩ ᠡᠷᠢᠶᠡᠨ ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠵᠢᠷᠭᠤᠭᠠᠨ ᠰᠠᠷ᠎ᠠ ᠶᠢᠨ ᠨᠢᠭᠡᠨ ᠤ ᠪᠠᠶᠠᠷ ᠢ ᠪᠡᠯᠭᠡᠯᠡᠬᠦ ᠵᠢᠴᠢ ᠠᠷᠪᠠᠨ ᠨᠠᠢᠮᠠᠳᠣᠭᠠᠷ ᠣᠳᠠᠭᠠᠨ ᠤ ᠤᠯᠠᠮᠵᠢᠯᠠᠯᠲᠤ ᠪᠡᠶ᠎ᠡ ᠲᠠᠮᠢᠷ ᠤᠨ  ᠣᠷᠣᠯᠳᠣᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/6/1
         5 ᠰᠠᠷ᠎ᠠ ᠶᠢᠨ 31᠎ ᠤ ᠡᠳᠦᠷ᠂ ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ 2021 ᠣᠨ ᠤ ︽6.1︾᠎ ᠤ ᠳᠡᠯᠡᠬᠡᠶ ᠶᠢᠨ ᠬᠡᠤᠬᠡᠳ ᠤᠨ ᠪᠠᠶᠠᠷ ᠢ ᠪᠡᠯᠭᠡᠯᠡᠬᠦ ᠵᠢᠴᠢ ᠠᠷᠪᠠᠨ ᠨᠠᠶ᠋ᠮᠠᠳᠤᠭᠠᠷ ᠬᠤᠭᠤᠴᠠᠭᠠᠨ ᠤ ᠤᠯᠠᠮᠵᠢᠯᠠᠯᠲᠤ ᠲᠠᠮᠢᠷ ᠤᠨ ᠴᠤᠭᠯᠠᠭᠠᠨ ᠡᠬᠢᠯᠡᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠴᠣᠭᠵᠢᠯ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠦᠳᠡ ᠶᠢᠨ ᠬᠤᠶᠢᠨᠠᠬᠢ 15᠄ 00 ᠴᠠᠭ ᠲᠤ᠂ ᠪᠠᠶᠠᠷ ᠪᠠᠶᠠᠰᠬᠤᠯᠠᠩ ᠲᠠᠢ ᠲᠠᠮᠢᠷᠴᠢᠳ ᠤᠨ ᠤᠷᠤᠭᠰᠢᠯᠠᠯᠲᠠ ᠶᠢᠨ ᠬᠥᠭᠵᠢᠮ ᠢ ᠳᠠᠭᠠᠯᠳᠤᠨ᠂ ᠶᠣᠰᠣᠯᠠᠯ ᠤᠨ ᠠᠩᠭᠢ᠂ ᠤᠯᠤᠰ ᠤᠨ ᠲᠤᠭ ᠤᠨ ᠠᠩᠭᠢ᠂ ᠬᠡᠩᠭᠡᠷᠭᠡ ᠪᠦᠷᠢᠶ᠎ᠡ ᠶᠢᠨ ᠠᠩᠭᠢ᠂ ᠡᠯ᠎ᠡ ᠲᠣᠭᠯᠠᠯᠲᠠ ᠶᠢᠨ ᠵᠢᠭᠰᠠᠭᠠᠯ ᠤᠨ ᠠᠩᠭᠢ ᠪᠠ ᠤᠷᠤᠯᠳᠤᠭᠠᠨ ᠳᠤ ᠣᠷᠣᠯᠴᠠᠬᠤ ᠠᠩᠭᠢ ᠶᠢᠨ ᠬᠢᠨ ᠬᠠᠩᠭᠢᠨᠠᠮ᠎ᠠ ᠠᠶᠢᠵᠠᠮ ᠤᠨ ᠳᠣᠮᠳᠠ ᠠᠯᠬᠤᠯᠠᠨ᠂ ᠡᠷᠡᠰ ᠪᠠᠲᠤ ᠠᠯᠬᠤᠭ᠎ᠠ ᠪᠠᠷ ᠲᠡᠷᠢᠭᠦᠯᠡᠭᠴᠢ ᠶᠢᠨ ᠲᠠᠶᠢᠰᠠ ᠪᠠᠷ  ᠦᠩᠬᠡᠷᠡᠨ᠎ᠡ᠃ ᠡᠩᠨᠡᠭᠡ ᠡᠩᠨᠡᠭᠡ ᠵᠢᠭᠳᠡᠷᠡᠨ ᠵᠢᠭᠰᠠᠵᠤ᠂ ᠣᠷᠭᠢᠯᠤᠮ᠎ᠠ ᠬᠠᠯᠠᠭᠤᠨ ᠤᠷᠢᠶ᠎ᠠ ᠪᠠᠷ ᠲᠤᠬᠠᠢ ᠶᠢᠨ ᠲᠠᠯᠠᠪᠠᠢ ᠳᠤ ᠪᠠᠶᠢᠭ᠎ᠠ ᠦᠵᠡᠭᠴᠢᠳ ᠲᠤ ᠰᠢᠨ᠎ᠡ ᠴᠠᠭ ᠦᠶ᠎ᠡ ᠶᠢᠨ ᠪᠠᠭᠠᠴᠤᠳ ᠬᠡᠦᠬᠡᠳ ᠤᠨ ᠥᠪᠡᠷᠮᠢᠴᠡ ᠬᠡᠪ ᠨᠠᠮᠪᠠ ᠶᠢ ᠳᠡᠯᠭᠡᠨ ᠦᠵᠡᠭᠦᠯᠵᠦ ᠪᠠᠶᠢᠯ᠎ᠠ᠃ ᠰᠤᠷᠭᠠᠭᠤᠯᠢ ᠶᠢᠨ ᠬᠦᠷᠢᠶᠡᠨ ᠳᠤ ᠪᠠᠶᠠᠷ ᠪᠠᠭ᠋ᠠᠳᠤᠯ ᠢᠶᠠᠷ ᠪᠢᠯᠬᠠᠵᠤ᠂ ᠬᠡᠦᠬᠡᠳ ᠤᠳ ᠭᠤᠶᠣᠯᠠᠯ ᠤᠨ ᠬᠤᠪᠴᠠᠰᠤ ᠡᠮᠦᠰᠦᠨ᠂ ᠪᠠᠶᠠᠷ ᠪᠠᠶᠠᠰᠬᠤᠯᠠᠩ ᠲᠠᠢ ᠪᠠᠷ ᠪᠥᠵᠢᠭᠯᠡᠨ᠎ᠡ᠃ ᠢᠷᠠᠭᠤ ᠰᠣᠨᠣᠰᠬᠤᠯᠠᠩ ᠳᠠᠭᠤᠤ ᠨᠤᠭᠤᠳ ᠴᠥᠮ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠪᠠ ᠢᠷᠥᠭᠡᠯ ᠢ ᠳᠠᠮᠵᠢᠭᠤᠯᠵᠤ᠂ ᠪᠦᠬᠦ᠋ᠢᠯᠡ ᠰᠤᠷᠭᠠᠭᠤᠯᠢ ᠶᠢᠨ ᠬᠦᠷᠢᠶ᠎ᠡ ᠶᠢ ᠪᠠᠶᠠᠷ ᠤᠨ ᠡᠳᠦᠷ ᠤᠨ ᠠᠭᠤᠷ ᠠᠮᠢᠰᠬᠤᠯ ᠳᠤ ᠰᠣᠭᠲᠣᠭᠤᠷᠠᠭᠤᠯᠤᠨ᠎ᠠ᠃
     ︽ᠲᠡᠦᠬᠡ ᠪᠠᠨ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠮᠥᠷᠥᠭᠡᠳᠦᠨ ᠰᠠᠨᠠᠭᠠᠯᠵᠠᠵᠤ᠂ ᠡᠩᠭᠡ ᠲᠠᠶᠢᠪᠤᠩ ᠢ ᠨᠠᠨᠳᠢᠩᠨᠠᠵᠤ᠂ ᠢᠷᠡᠭᠡᠳᠦᠶ ᠪᠠᠨ ᠨᠡᠭᠡᠭᠡᠨ᠎ᠡ︕︾ ᠲᠣᠰ ᠰᠤᠷᠭᠠᠭᠤᠯᠢ ᠶᠢᠨ ᠳᠣᠤᠷ᠎ᠠ ᠠᠩᠭᠢ ᠶᠢᠨ ᠰᠤᠷᠤᠭᠴᠢᠳ ᠬᠥᠮᠦᠨ ᠤ ᠠᠮᠢᠳᠤᠷᠠᠯ ᠤᠨ ᠠᠩᠬᠠᠳᠠᠭᠴᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠴᠠᠭ ᠮᠥᠴᠡ — ᠢᠷᠠᠭᠤ ᠠᠯᠳᠠᠷᠲᠤ ᠪᠠᠭᠠᠴᠤᠳ ᠤᠨ ᠬᠤᠰᠢᠭᠤᠴᠢ ᠠᠩᠭᠢ ᠳᠤ ᠣᠷᠣᠬᠤ ᠴᠠᠭ ᠮᠥᠴᠡ ᠶᠢ ᠤᠭᠲᠤᠨ ᠠᠪᠴᠢᠷᠠᠯ᠎ᠠ᠃ ᠪᠠᠭᠠᠴᠤᠳ ᠤᠨ ᠬᠤᠰᠢᠭᠤᠴᠢ ᠠᠩᠬᠢ ᠶᠢᠨ ᠬᠠᠩᠭᠢᠨᠠᠮ᠎ᠠ ᠳᠠᠭᠤᠤ ᠶᠢ ᠲᠠᠭᠠᠯᠳᠤᠨ᠂ ᠳᠡᠭᠡᠷ᠎ᠡ ᠠᠩᠬᠢ ᠶᠢᠨ ᠠᠬ᠎ᠠ ᠡᠭᠡᠴᠢ ᠨᠡᠷ ᠰᠢᠨ᠎ᠡ ᠨᠢᠭᠡ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠲᠤ ᠤᠯᠠᠭᠠᠨ ᠪᠦᠴᠡ ᠵᠡᠭᠦᠯᠭᠡᠪᠡ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠪᠠᠷᠠᠭᠤᠨ ᠨᠢᠳᠤᠷᠭ᠎ᠠ ᠪᠠᠨ ᠡᠷᠭᠦᠨ ᠬᠤᠷᠴᠠ ᠰᠣᠷᠭᠤᠭ ᠠᠩᠭᠢ ᠶᠢᠨ ᠲᠤᠭ ᠤᠨ ᠳᠣᠣᠷ᠎ᠠ ᠲᠥᠪ ᠴᠢᠩᠭ᠎ᠠ ᠪᠠᠷ ᠲᠠᠩᠭᠠᠷᠢᠭᠯᠠᠪᠠ᠃ ᠲᠡᠳᠡ ᠯᠠᠪᠲᠠᠶ ᠭᠠᠯ ᠪᠠᠮᠪᠠᠷ ᠤᠨ ᠵᠢᠯᠣᠭᠤᠳᠣᠯᠭ᠎ᠠ ᠳᠣᠣᠷ᠎ᠠ᠂ ᠨᠠᠮ ᠤᠨ ᠰᠤᠷᠭᠠᠯ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠬᠥᠭᠵᠢᠨ᠂ ᠢᠳᠡᠷᠡᠭᠦᠨ ᠢᠶᠠᠷ ᠦᠰᠦᠨ ᠪᠤᠶᠢᠵᠢᠨ᠎ᠠ ᠭᠡᠳᠡᠭ ᠢ ᠬᠡᠦᠬᠡᠳ ᠤᠳ ᠤᠨ ᠬᠢᠵᠠᠭᠠᠯᠠᠰᠢ ᠦᠭᠡᠶ ᠵᠣᠯ ᠵᠢᠷᠭᠠᠯ ᠪᠠ ᠣᠮᠣᠭᠰᠢᠯ ᠤᠨ ᠬᠠᠷᠠᠴᠠ ᠪᠢᠳᠡᠨ ᠳᠤ ᠬᠡᠯᠡᠵᠦ ᠥᠭᠴᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号