| | 5 ᠰᠠᠷ᠎ᠠ ᠶᠢᠨ 31 ᠤ ᠡᠳᠦᠷ᠂ ᠬᠤᠲᠠ ᠶᠢᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ | 2021 ᠣᠨ ᠤ ︽6.1︾ ᠤ ᠳᠡᠯᠡᠬᠡᠶ ᠶᠢᠨ ᠬᠡᠤᠬᠡᠳ ᠤᠨ ᠪᠠᠶᠠᠷ ᠢ ᠪᠡᠯᠭᠡᠯᠡᠬᠦ ᠵᠢᠴᠢ ᠠᠷᠪᠠᠨ ᠨᠠᠶ᠋ᠮᠠᠳᠤᠭᠠᠷ | ᠬᠤᠭᠤᠴᠠᠭᠠᠨ ᠤ ᠤᠯᠠᠮᠵᠢᠯᠠᠯᠲᠤ ᠲᠠᠮᠢᠷ ᠤᠨ ᠴᠤᠭᠯᠠᠭᠠᠨ ᠡᠬᠢᠯᠡᠪᠡ᠃ ᠠᠶᠢᠮᠠᠭ ᠤᠨ ᠨᠠᠮ ᠤᠨ ᠬᠤᠷᠢᠶ᠎ᠠ ᠶᠢᠨ | ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ᠂ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ᠂ ᠵᠠᠰᠠᠭ ᠤᠨ ᠣᠷᠳᠣᠨ ᠤ ᠳᠡᠳ᠋ | ᠬᠤᠲᠠ ᠶᠢᠨ ᠳᠠᠷᠤᠭ᠎ᠠ ᠴᠣᠭᠵᠢᠯ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | ᠦᠳᠡ ᠶᠢᠨ ᠬᠤᠶᠢᠨᠠᠬᠢ 15᠄ 00 ᠴᠠᠭ ᠲᠤ᠂ ᠪᠠᠶᠠᠷ ᠪᠠᠶᠠᠰᠬᠤᠯᠠᠩ ᠲᠠᠢ ᠲᠠᠮᠢᠷᠴᠢᠳ ᠤᠨ | ᠤᠷᠤᠭᠰᠢᠯᠠᠯᠲᠠ ᠶᠢᠨ ᠬᠥᠭᠵᠢᠮ ᠢ ᠳᠠᠭᠠᠯᠳᠤᠨ᠂ ᠶᠣᠰᠣᠯᠠᠯ ᠤᠨ ᠠᠩᠭᠢ᠂ ᠤᠯᠤᠰ ᠤᠨ ᠲᠤᠭ ᠤᠨ ᠠᠩᠭᠢ᠂ | ᠬᠡᠩᠭᠡᠷᠭᠡ ᠪᠦᠷᠢᠶ᠎ᠡ ᠶᠢᠨ ᠠᠩᠭᠢ᠂ ᠡᠯ᠎ᠡ ᠲᠣᠭᠯᠠᠯᠲᠠ ᠶᠢᠨ ᠵᠢᠭᠰᠠᠭᠠᠯ ᠤᠨ ᠠᠩᠭᠢ ᠪᠠ ᠤᠷᠤᠯᠳᠤᠭᠠᠨ ᠳᠤ | ᠣᠷᠣᠯᠴᠠᠬᠤ ᠠᠩᠭᠢ ᠶᠢᠨ ᠬᠢᠨ ᠬᠠᠩᠭᠢᠨᠠᠮ᠎ᠠ ᠠᠶᠢᠵᠠᠮ ᠤᠨ ᠳᠣᠮᠳᠠ ᠠᠯᠬᠤᠯᠠᠨ᠂ ᠡᠷᠡᠰ ᠪᠠᠲᠤ ᠠᠯᠬᠤᠭ᠎ᠠ ᠪᠠᠷ | ᠲᠡᠷᠢᠭᠦᠯᠡᠭᠴᠢ ᠶᠢᠨ ᠲᠠᠶᠢᠰᠠ ᠪᠠᠷ ᠦᠩᠬᠡᠷᠡᠨ᠎ᠡ᠃ ᠡᠩᠨᠡᠭᠡ ᠡᠩᠨᠡᠭᠡ ᠵᠢᠭᠳᠡᠷᠡᠨ ᠵᠢᠭᠰᠠᠵᠤ᠂ ᠣᠷᠭᠢᠯᠤᠮ᠎ᠠ ᠬᠠᠯᠠᠭᠤᠨ | ᠤᠷᠢᠶ᠎ᠠ ᠪᠠᠷ ᠲᠤᠬᠠᠢ ᠶᠢᠨ ᠲᠠᠯᠠᠪᠠᠢ ᠳᠤ ᠪᠠᠶᠢᠭ᠎ᠠ ᠦᠵᠡᠭᠴᠢᠳ ᠲᠤ ᠰᠢᠨ᠎ᠡ ᠴᠠᠭ ᠦᠶ᠎ᠡ ᠶᠢᠨ ᠪᠠᠭᠠᠴᠤᠳ | ᠬᠡᠦᠬᠡᠳ ᠤᠨ ᠥᠪᠡᠷᠮᠢᠴᠡ ᠬᠡᠪ ᠨᠠᠮᠪᠠ ᠶᠢ ᠳᠡᠯᠭᠡᠨ ᠦᠵᠡᠭᠦᠯᠵᠦ ᠪᠠᠶᠢᠯ᠎ᠠ᠃ ᠰᠤᠷᠭᠠᠭᠤᠯᠢ ᠶᠢᠨ ᠬᠦᠷᠢᠶᠡᠨ ᠳᠤ ᠪᠠᠶᠠᠷ | ᠪᠠᠭ᠋ᠠᠳᠤᠯ ᠢᠶᠠᠷ ᠪᠢᠯᠬᠠᠵᠤ᠂ ᠬᠡᠦᠬᠡᠳ ᠤᠳ ᠭᠤᠶᠣᠯᠠᠯ ᠤᠨ ᠬᠤᠪᠴᠠᠰᠤ ᠡᠮᠦᠰᠦᠨ᠂ ᠪᠠᠶᠠᠷ ᠪᠠᠶᠠᠰᠬᠤᠯᠠᠩ ᠲᠠᠢ ᠪᠠᠷ | ᠪᠥᠵᠢᠭᠯᠡᠨ᠎ᠡ᠃ ᠢᠷᠠᠭᠤ ᠰᠣᠨᠣᠰᠬᠤᠯᠠᠩ ᠳᠠᠭᠤᠤ ᠨᠤᠭᠤᠳ ᠴᠥᠮ ᠪᠠᠶᠠᠷ ᠤᠨ ᠡᠳᠦᠷ ᠤᠨ ᠪᠠᠶᠠᠷ ᠪᠠᠭ᠋ᠠᠳᠤᠯ ᠪᠠ | ᠢᠷᠥᠭᠡᠯ ᠢ ᠳᠠᠮᠵᠢᠭᠤᠯᠵᠤ᠂ ᠪᠦᠬᠦ᠋ᠢᠯᠡ ᠰᠤᠷᠭᠠᠭᠤᠯᠢ ᠶᠢᠨ ᠬᠦᠷᠢᠶ᠎ᠡ ᠶᠢ ᠪᠠᠶᠠᠷ ᠤᠨ ᠡᠳᠦᠷ ᠤᠨ ᠠᠭᠤᠷ | ᠠᠮᠢᠰᠬᠤᠯ ᠳᠤ ᠰᠣᠭᠲᠣᠭᠤᠷᠠᠭᠤᠯᠤᠨ᠎ᠠ᠃ | | | | | | | ︽ᠲᠡᠦᠬᠡ ᠪᠠᠨ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠮᠥᠷᠥᠭᠡᠳᠦᠨ ᠰᠠᠨᠠᠭᠠᠯᠵᠠᠵᠤ᠂ | ᠡᠩᠭᠡ ᠲᠠᠶᠢᠪᠤᠩ ᠢ ᠨᠠᠨᠳᠢᠩᠨᠠᠵᠤ᠂ ᠢᠷᠡᠭᠡᠳᠦᠶ ᠪᠠᠨ ᠨᠡᠭᠡᠭᠡᠨ᠎ᠡ︕︾ ᠲᠣᠰ ᠰᠤᠷᠭᠠᠭᠤᠯᠢ ᠶᠢᠨ ᠳᠣᠤᠷ᠎ᠠ ᠠᠩᠭᠢ ᠶᠢᠨ | ᠰᠤᠷᠤᠭᠴᠢᠳ ᠬᠥᠮᠦᠨ ᠤ ᠠᠮᠢᠳᠤᠷᠠᠯ ᠤᠨ ᠠᠩᠬᠠᠳᠠᠭᠴᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠥᠮᠦᠰ ᠤᠨ | ᠰᠡᠳᠬᠢᠯ ᠢ ᠳᠣᠭᠳᠣᠯᠤᠭᠤᠯᠤᠮ᠎ᠠ ᠴᠠᠭ ᠮᠥᠴᠡ — ᠢᠷᠠᠭᠤ ᠠᠯᠳᠠᠷᠲᠤ ᠪᠠᠭᠠᠴᠤᠳ ᠤᠨ ᠬᠤᠰᠢᠭᠤᠴᠢ ᠠᠩᠭᠢ ᠳᠤ | ᠣᠷᠣᠬᠤ ᠴᠠᠭ ᠮᠥᠴᠡ ᠶᠢ ᠤᠭᠲᠤᠨ ᠠᠪᠴᠢᠷᠠᠯ᠎ᠠ᠃ ᠪᠠᠭᠠᠴᠤᠳ ᠤᠨ ᠬᠤᠰᠢᠭᠤᠴᠢ ᠠᠩᠬᠢ ᠶᠢᠨ ᠬᠠᠩᠭᠢᠨᠠᠮ᠎ᠠ | ᠳᠠᠭᠤᠤ ᠶᠢ ᠲᠠᠭᠠᠯᠳᠤᠨ᠂ ᠳᠡᠭᠡᠷ᠎ᠡ ᠠᠩᠬᠢ ᠶᠢᠨ ᠠᠬ᠎ᠠ ᠡᠭᠡᠴᠢ ᠨᠡᠷ ᠰᠢᠨ᠎ᠡ ᠨᠢᠭᠡ ᠬᠤᠭᠤᠴᠠᠭᠠᠨ ᠤ ᠪᠠᠭᠠᠴᠤᠳ ᠤᠨ | ᠬᠤᠰᠢᠭᠤᠴᠢ ᠠᠩᠬᠢ ᠶᠢᠨ ᠭᠡᠰᠢᠭᠦᠳ ᠲᠤ ᠤᠯᠠᠭᠠᠨ ᠪᠦᠴᠡ ᠵᠡᠭᠦᠯᠭᠡᠪᠡ᠃ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠳ ᠪᠠᠷᠠᠭᠤᠨ ᠨᠢᠳᠤᠷᠭ᠎ᠠ ᠪᠠᠨ ᠡᠷᠭᠦᠨ ᠬᠤᠷᠴᠠ ᠰᠣᠷᠭᠤᠭ ᠠᠩᠭᠢ ᠶᠢᠨ ᠲᠤᠭ ᠤᠨ ᠳᠣᠣᠷ᠎ᠠ | ᠲᠥᠪ ᠴᠢᠩᠭ᠎ᠠ ᠪᠠᠷ ᠲᠠᠩᠭᠠᠷᠢᠭᠯᠠᠪᠠ᠃ ᠲᠡᠳᠡ ᠯᠠᠪᠲᠠᠶ ᠭᠠᠯ ᠪᠠᠮᠪᠠᠷ ᠤᠨ ᠵᠢᠯᠣᠭᠤᠳᠣᠯᠭ᠎ᠠ ᠳᠣᠣᠷ᠎ᠠ᠂ ᠨᠠᠮ ᠤᠨ | ᠰᠤᠷᠭᠠᠯ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠬᠥᠭᠵᠢᠨ᠂ ᠢᠳᠡᠷᠡᠭᠦᠨ ᠢᠶᠠᠷ ᠦᠰᠦᠨ ᠪᠤᠶᠢᠵᠢᠨ᠎ᠠ ᠭᠡᠳᠡᠭ ᠢ | ᠬᠡᠦᠬᠡᠳ ᠤᠳ ᠤᠨ ᠬᠢᠵᠠᠭᠠᠯᠠᠰᠢ ᠦᠭᠡᠶ ᠵᠣᠯ ᠵᠢᠷᠭᠠᠯ ᠪᠠ ᠣᠮᠣᠭᠰᠢᠯ ᠤᠨ ᠬᠠᠷᠠᠴᠠ ᠪᠢᠳᠡᠨ ᠳᠤ ᠬᠡᠯᠡᠵᠦ ᠥᠭᠴᠡᠶ᠃ | | | | | | | | | |