| | ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠡᠯ ᠪᠣᠯᠭᠠᠬᠤ ᠶᠢ | ᠪᠠᠷᠢᠮᠲᠠᠯᠠᠵᠥ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠥ᠂ | ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠬᠦᠷᠢᠶᠡᠨ ᠳᠤ ᠬᠠᠨᠳᠤᠵᠦ᠂ ᠠᠵᠤ ᠠᠬᠤᠶ ᠶᠢᠨ | ᠭᠤᠤᠯ ᠳᠠᠶᠢᠨ ᠤ ᠲᠠᠯᠠᠪᠤᠷ ᠲᠤ ᠬᠠᠨᠳᠤᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠵᠦ᠂ ᠠᠷᠠᠳ ᠲᠦᠮᠡᠨ ᠤ | ᠠᠮᠢ ᠨᠠᠰᠤᠨ ᠤ ᠡᠷᠡᠭᠦᠯ ᠮᠡᠨᠳᠦ ᠳᠤ ᠬᠠᠨᠳᠤᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ | ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠤᠨ᠂ | ᠶᠡᠭᠡ ᠬᠠᠨᠳᠤᠰᠢ ᠶᠢ ᠡᠵᠡᠮᠳᠡᠵᠤ᠂ ᠠᠵᠠ ᠲᠣᠬᠢᠶᠠᠯ ᠢ ᠠᠮᠵᠢᠨ᠂ ᠠᠰᠠᠭᠤᠳᠠᠯ ᠳᠤ ᠰᠢᠭᠤᠳ ᠬᠠᠨᠳᠤᠨ ᠬᠦᠴᠢᠷ ᠢ ᠰᠦᠷᠦᠨ | ᠤᠷᠤᠭᠰᠢᠯᠠᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠤᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ ᠢ ᠱᠠᠯᠠᠪᠳᠠᠨ ᠪᠠᠶᠢᠭᠤᠯᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠦᠨᠳᠦᠷ ᠲᠦᠪᠰᠢᠨ ᠢᠶᠠᠷ ᠪᠡᠶᠡᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ | ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠢᠢ ᠬᠠᠨ ᠵᠧᠩ | ᠬᠤᠷᠠᠯ ᠳᠤ ᠣᠷᠣᠯᠴᠠᠪᠠ | | | | 5 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ | ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ | ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ | ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | | | 5 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ | ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ | ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ | ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠰᠢ ᠶᠢᠨ ᠫᠢᠩ᠂ ᠯᠢ | ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠶᠡᠭᠡ ᠬᠤᠷᠠᠯ ᠳᠤ | ᠣᠷᠣᠯᠴᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ 28 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ | ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ | ᠶᠠᠷᠢᠶ᠎ᠠ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠡᠯ ᠪᠣᠯᠭᠠᠬᠤ ᠶᠢ ᠪᠠᠷᠢᠮᠲᠠᠯᠠᠵᠥ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠥ᠂ ᠳᠡᠯᠡᠬᠡᠶ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠬᠦᠷᠢᠶᠡᠨ ᠳᠤ ᠬᠠᠨᠳᠤᠵᠦ᠂ ᠠᠵᠤ ᠠᠬᠤᠶ ᠶᠢᠨ ᠭᠤᠤᠯ ᠳᠠᠶᠢᠨ ᠤ | ᠲᠠᠯᠠᠪᠤᠷ ᠲᠤ ᠬᠠᠨᠳᠤᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠵᠦ᠂ ᠠᠷᠠᠳ ᠲᠦᠮᠡᠨ ᠤ ᠠᠮᠢ ᠨᠠᠰᠤᠨ ᠤ | ᠡᠷᠡᠭᠦᠯ ᠮᠡᠨᠳᠦ ᠳᠤ ᠬᠠᠨᠳᠤᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠤᠨ᠂ ᠶᠡᠭᠡ ᠬᠠᠨᠳᠤᠰᠢ ᠶᠢ | ᠡᠵᠡᠮᠳᠡᠵᠤ ᠠᠵᠠ ᠲᠣᠬᠢᠶᠠᠯ ᠢ ᠠᠮᠵᠢᠨ᠂ ᠠᠰᠠᠭᠤᠳᠠᠯ ᠳᠤ ᠰᠢᠭᠤᠳ ᠬᠠᠨᠳᠤᠨ ᠬᠦᠴᠢᠷ ᠢ ᠰᠦᠷᠦᠨ ᠤᠷᠤᠭᠰᠢᠯᠠᠵᠤ᠂ | ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠤᠯᠤᠰ ᠢ ᠱᠠᠯᠠᠪᠳᠠᠨ ᠪᠠᠶᠢᠭᠤᠯᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠥᠨᠳᠥᠷ ᠲᠦᠪᠰᠢᠨ ᠢᠶᠠᠷ ᠪᠡᠶᠡᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠶᠡᠭᠡ ᠬᠤᠷᠠᠯ ᠢ ᠡᠷᠬᠢᠯᠡᠪᠡ᠃ ᠨᠠᠮ ᠤᠨ ᠲᠥᠪ | ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ | ᠵᠤᠤ ᠯᠧ ᠵᠢᠢ᠂ ᠬᠠᠨ ᠵᠧᠩ ᠬᠤᠷᠠᠯ ᠳᠤ ᠣᠷᠣᠯᠴᠠᠪᠠ᠃ | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠳᠠᠯᠠᠪᠠᠢ ᠳᠠᠶᠠᠭᠠᠷ ᠪᠣᠰᠴᠤ ᠵᠣᠭᠰᠣᠨ ᠤᠯᠤᠰ ᠤᠨ | ᠰᠦᠯᠳᠡ ᠳᠠᠭᠤᠤ ᠶᠢ ᠳᠠᠭᠤᠯᠠᠪᠠ᠃ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ | ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ | ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ︽ᠬᠤᠣᠰ ᠵᠠᠭᠤᠨ ᠵᠢᠯ︾ ᠤᠨ | ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠲᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠴᠢᠬᠤᠯᠠ ᠴᠠᠭ ᠮᠥᠴᠡ ᠳᠤ᠂ ᠮᠠᠨ ᠤ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠡᠭᠡ ᠪᠤᠳᠤᠯᠭ᠎ᠠ ᠶᠢ ᠬᠠᠮᠲᠤ ᠪᠠᠷ | ᠵᠥᠪᠳᠡᠯᠴᠡᠬᠦ ᠶᠢᠨ ᠲᠦᠯᠦᠭᠡ ᠬᠤᠷᠠᠯᠳᠤᠭᠰᠠᠨ ᠨᠢᠭᠡ ᠤᠳᠠᠭ᠎ᠠ ᠶᠢᠨ ᠦᠪᠡᠳᠡᠭᠰᠢ ᠬᠤᠷᠠᠯ ᠪᠣᠯᠤᠨ᠎ᠠ ᠬᠡᠵᠥ ᠵᠢᠭᠠᠵᠥ ᠭᠠᠷᠭᠠᠪᠠ | ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ | ᠬᠦᠷᠭᠡᠵᠦ ᠪᠠᠶᠢᠬᠤ ᠪᠠᠨ ᠢᠯᠡᠳᠬᠡᠵᠥ᠂ ᠡᠯ᠎ᠡ ᠠᠵᠢᠯ ᠤᠨ ᠪᠠᠶᠢᠷᠢ ᠳᠤ ᠰᠢᠷᠭᠠᠭᠤ ᠠᠵᠢᠯᠯᠠᠵᠤ ᠬᠤᠪᠢ ᠨᠡᠮᠡᠷᠢ ᠦᠵᠡᠭᠦᠯᠵᠤ | ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ | ᠪᠠᠶᠢᠬᠤ ᠪᠠᠨ ᠢᠯᠡᠳᠬᠡᠪᠡ᠃ 5 ᠰᠠᠷ᠎ᠠ ᠶᠢᠨ 30 ᠤ ᠡᠳᠦᠷ ᠪᠣᠯ ᠲᠠᠪᠤᠳᠡᠬᠢ ᠪᠦᠬᠦ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠳᠠᠨ ᠤ ᠡᠳᠦᠷ ᠪᠣᠯᠤᠨ᠎ᠠ᠂ ᠰᠢ ᠶᠢᠨ ᠫᠢᠩ ᠪᠦᠬᠦ ᠤᠯᠤᠰ ᠤᠨ ᠥᠷᠭᠡᠨ ᠤᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ | ᠰᠢ ᠶᠢᠨ ᠫᠢᠩ᠂ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ᠂ | ᠮᠠᠨ ᠤ ᠨᠠᠮ ᠴᠦᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠥ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠨᠢ ᠨᠠᠮ ᠪᠣᠯᠤᠨ ᠠᠷᠠᠳ ᠲᠦᠮᠡᠨ ᠤ ᠦᠢᠯᠡᠰ ᠤᠨ ᠳᠤᠮᠳᠠ ᠢᠮᠠᠭᠲᠠ | ᠲᠦᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠠᠢ ᠪᠠᠶᠢᠵᠥ᠂ ᠲᠦᠢᠯ ᠤᠨ ᠴᠢᠬᠤᠯᠠ ᠪᠠᠶᠢᠯᠳᠤᠬᠤ | ᠪᠤᠳᠤᠯᠭ᠎ᠠ ᠶᠢᠨ ᠦᠢᠯᠡᠳᠦᠯ ᠦᠵᠡᠭᠦᠯᠵᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠷᠢᠰᠥᠯᠳᠦᠭᠡᠨ ᠤ | ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠢ | ᠰᠤᠳᠤᠯᠤᠨ ᠮᠠᠭᠠᠳᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠤᠰ ᠤᠨ | ᠬᠥᠭᠵᠢᠯᠲᠡ ᠶᠢᠨ ᠪᠦᠬᠦ ᠲᠠᠯ᠎ᠠ ᠶᠢᠨ ᠭᠤᠣᠯ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠦᠬᠦ ᠲᠠᠯ᠎ᠠ ᠪᠠᠷ ᠲᠥᠯᠥᠪᠯᠡᠪᠡ᠃ ᠪᠢᠳᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠢᠯᠡᠰ ᠲᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠶᠡᠭᠡ ᠬᠠᠨᠳᠤᠰᠢ ᠶᠢ | ᠠᠵᠢᠡᠡᠯᠠᠨ᠂ ᠪᠦᠬᠦ ᠲᠠᠯ᠎ᠠ ᠶᠢ ᠲᠥᠯᠥᠪᠵᠢᠭᠦᠯᠵᠦ᠂ ᠦᠨᠳᠦᠰᠦᠨ ᠵᠦᠢᠯ ᠢ ᠠᠳᠬᠤᠵᠤ᠂ ᠥᠨᠳᠥᠷ ᠪᠦᠲᠦᠮᠵᠢᠲᠡᠢ ᠵᠣᠬᠢᠶᠠᠨ | ᠪᠠᠶᠢᠭᠤᠯᠤᠨ ᠳᠠᠶᠢᠴᠢᠯᠠᠬᠤ ᠰᠢᠰᠲ᠋ᠧᠮ ᠪᠣᠯᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠲᠤᠬᠢᠷᠠᠭᠤᠯᠬᠤ ᠵᠠᠭᠪᠤᠷ ᠢ ᠪᠦᠷᠢᠯᠳᠦᠭᠦᠯᠪᠡ᠃ ᠪᠢᠳᠡ ᠳᠡᠯᠡᠬᠡᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ | ᠬᠠᠷᠠᠯᠲᠠ ᠶᠢ ᠪᠠᠲᠤ ᠡᠵᠡᠮᠳᠡᠵᠦ᠂ ᠥᠷᠯᠥᠭᠡ ᠦᠳᠡᠰᠢ ᠶᠢ ᠲᠡᠮᠡᠴᠡᠬᠦ ᠡᠭᠦᠷᠭᠡᠲᠦ ᠪᠤᠳᠤᠯ᠂ ᠬᠠᠷᠢᠭᠤᠴᠠᠯᠭᠠᠲᠤ ᠰᠡᠳᠬᠢᠯᠭᠡ᠂ | ᠲᠤᠯᠭᠠᠮ ᠪᠤᠳᠤᠯ ᠢᠶᠠᠷ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠠᠵᠠ | ᠲᠣᠬᠢᠶᠠᠯ ᠢ ᠠᠮᠵᠢᠨ ᠠᠳᠬᠤᠵᠤ᠂ ᠰᠠᠭᠤᠷᠢ ᠬᠤᠰᠢᠭᠤᠷᠠᠯ ᠬᠦᠷᠢᠶᠡᠨ ᠳᠤ ᠭᠠᠪᠰᠢᠭᠠᠶᠢᠯᠠᠨ ᠲᠡᠮᠡᠴᠡᠪᠡ᠃ ᠪᠢᠳᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠤᠤᠭᠠᠯ ᠰᠢᠨ᠎ᠡ ᠡᠭᠦᠳᠦᠯᠳᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠴᠢᠬᠤᠯᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠤ ᠲᠠᠪᠠᠯᠳᠠᠳᠤ ᠴᠢᠨᠠᠷᠳᠠᠢ ᠬᠥᠭᠵᠢᠯᠲᠡ ᠶᠢ ᠪᠡᠶᠡᠯᠡᠭᠦᠯᠪᠡ᠃ ᠪᠢᠳᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠪᠠᠶᠢᠷᠢᠯᠠᠭᠤᠯᠵᠤ᠂ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠥ᠂ ᠤᠯᠤᠰ ᠤᠨ | ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠠᠰᠢᠬ ᠢ ᠳᠡᠭᠡᠭᠰᠢᠯᠡᠭᠦᠯᠪᠡ᠃ ᠪᠢᠳᠡ | ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠴᠦᠯᠡᠨ ᠬᠡᠷᠡᠭᠵᠢᠭᠦᠯᠵᠦ᠂ ᠳᠡᠯᠡᠬᠡᠢ | ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠵᠦ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯᠳᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠪᠡ᠃ | ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠨᠡᠬᠡᠬᠡᠯᠳᠡ ᠬᠠᠮᠲᠤᠷᠠᠯᠴᠠᠭ᠎ᠠ ᠶᠢ ᠥᠷᠭᠡᠳᠬᠡᠨ᠂ ᠬᠥᠮᠦᠨ | ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠥᠷᠢᠰᠥᠯᠳᠦᠭᠡᠨ ᠢ ᠰᠢᠢᠳᠪᠦᠷᠢᠯᠡᠬᠦ ᠳᠤ ᠢᠳᠡᠪᠬᠢᠲᠡᠢ ᠣᠷᠣᠯᠴᠠᠵᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠨᠡᠩ ᠤᠯᠠᠨ ᠤᠯᠤᠰ ᠪᠠ | ᠠᠷᠠᠳ ᠲᠦᠮᠡᠨ ᠳᠤ ᠠᠰᠢᠬ ᠬᠦᠷᠲᠡᠭᠡᠬᠦ ᠶᠢ ᠴᠢᠷᠮᠠᠶᠢᠨ ᠠᠬᠢᠭᠤᠯᠪᠠ ᠬᠡᠵᠥ ᠴᠢᠬᠤᠯᠠᠴᠢᠯᠠᠪᠠ᠃ | ᠰᠢ ᠶᠢᠨ ᠫᠢᠩ᠂ ᠬᠡᠳᠦᠨ ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ | ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ ᠶᠠᠭ | ᠲᠣᠭᠠᠨ ᠤ ᠬᠤᠷᠠᠮᠳᠤᠯ ᠠᠴᠠ ᠴᠢᠨᠠᠷ ᠤᠨ ᠦᠰᠦᠷᠦᠯᠲᠡ ᠲᠡᠶᠢᠰᠢ ᠠᠬᠢᠵᠤ᠂ ᠴᠡᠭ ᠤᠨ ᠰᠢᠪᠲᠤᠯᠤᠯᠲᠠ ᠠᠴᠠ ᠰᠢᠰᠲ᠋ᠧᠮᠳᠤ | ᠴᠢᠳᠠᠪᠤᠷᠢ ᠶᠢᠨ ᠳᠡᠭᠡᠭᠰᠢᠯᠡᠯᠲᠡ ᠲᠡᠶᠢᠰᠢ ᠠᠬᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠠᠯ᠎ᠠ ᠪᠠᠷ ᠰᠢᠨ᠎ᠡ ᠲᠡᠦᠬᠡᠲᠦ ᠴᠢᠨᠠᠷᠲᠠᠢ ᠠᠮᠵᠢᠯᠲᠠ ᠤᠯᠪᠠ᠃ ᠰᠠᠭᠤᠷᠢ ᠰᠤᠳᠤᠯᠭᠠᠨ ᠪᠠ ᠤᠤᠭᠠᠯ ᠰᠢᠨ᠎ᠡ ᠡᠭᠦᠳᠦᠯᠲᠡ ᠶᠢᠨ | ᠲᠠᠯ᠎ᠠ ᠪᠠᠷ ᠴᠢᠬᠤᠯᠠ ᠠᠬᠢᠴᠠ ᠲᠠᠢ ᠪᠠᠶᠢᠵᠤ᠂ ᠪᠠᠶᠢᠯᠳᠤᠬᠤ ᠪᠤᠳᠤᠯᠭ᠎ᠠ ᠶᠢᠨ ᠳᠡᠭᠡᠳᠦ ᠮᠡᠷᠭᠡᠵᠢᠯ ᠤᠨ ᠬᠦᠷᠢᠶᠡᠨ ᠳᠤ ᠰᠢᠨ᠎ᠡ | ᠳᠠᠪᠠᠯᠲᠠ ᠲᠠᠢ ᠪᠤᠯᠵᠤ᠂ ᠳᠡᠭᠡᠳᠦ ᠲᠡᠰ ᠤᠨ ᠠᠵᠤ ᠦᠢᠯᠡᠰ ᠲᠤ ᠰᠢᠨ᠎ᠡ ᠰᠢᠪᠲᠤᠯᠤᠯᠲᠠ ᠲᠠᠢ ᠪᠠᠶᠢᠵᠤ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠳᠤᠮᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠬᠤᠯᠠ | ᠦᠢᠯᠡᠳᠦᠯ ᠦᠵᠡᠭᠦᠯᠤᠨ᠂ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠤ | ᠲᠤᠪᠤᠶᠢᠮ᠎ᠠ ᠠᠮᠵᠢᠯᠲᠠ ᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠠ ᠶᠢ ᠡᠭᠦᠳᠬᠦ ᠲᠠᠯ᠎ᠠ ᠪᠠᠷ ᠴᠢᠬᠤᠯᠠ ᠶᠡᠭᠡ ᠠᠮᠵᠢᠯᠲᠠ ᠤᠯᠪᠠ᠃ ᠮᠠᠨ ᠤ ᠤᠯᠤᠰ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠦᠢᠯᠡᠰ ᠶᠡᠭᠡ ᠠᠮᠵᠢᠯᠳᠠ ᠤᠯᠵᠤ ᠪᠤᠯᠤᠨ᠎ᠠ᠂ ᠮᠠᠨ ᠤ ᠤᠯᠤᠰ ᠤᠨ ᠥᠷᠭᠡᠨ ᠤᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠶᠡᠭᠡ ᠵᠢᠳᠭᠦᠯ ᠴᠢᠷᠮᠠᠶᠢᠯᠭ᠎ᠠ ᠲᠠᠢ ᠭᠡᠳᠡᠭ ᠢ ᠦᠢᠯᠡᠳᠦᠯᠭᠡ ᠭᠡᠷᠡᠴᠢᠯᠡᠵᠠᠢ᠃ | ᠮᠠᠨ ᠤ ᠤᠯᠤᠰ ᠤᠨ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠴᠠᠭ ᠦᠶ᠎ᠡ ᠲᠠᠢ ᠵᠡᠷᠭᠡ ᠪᠠᠷ | ᠤᠷᠤᠭᠰᠢᠯᠠᠬᠤ ᠵᠣᠷᠢᠭ ᠰᠠᠨᠠᠭ᠎ᠠ᠂ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ ᠰᠥᠰᠥ ᠵᠣᠷᠢᠭ᠂ ᠰᠢᠨᠲᠠᠷᠠᠰᠢ | ᠦᠭᠡᠢ ᠳᠤᠭᠳᠠᠯ ᠬᠦᠴᠦᠨ ᠢᠶᠠᠷ ᠴᠠᠭ ᠦᠶ᠎ᠡ ᠠᠴᠠ ᠤᠯᠭᠤᠭᠰᠠᠨ ᠬᠦᠨᠳᠦ ᠡᠭᠦᠷᠭᠡ ᠶᠢ ᠡᠭᠦᠷᠭᠡᠯᠡᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠥᠨᠳᠥᠷ ᠲᠦᠪᠰᠢᠨ ᠢᠶᠠᠷ ᠴᠢᠷᠮᠠᠶᠢᠨ | ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠤᠤᠭᠠᠯ ᠡᠭᠦᠳᠦᠯᠲᠡ ᠶᠢᠨ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ᠃ ᠰᠠᠭᠤᠷᠢ ᠰᠤᠳᠤᠯᠭᠠᠨ ᠤ | ᠲᠠᠯ᠎ᠠ ᠪᠠᠷ ᠵᠣᠷᠢᠭᠲᠠᠢ ᠰᠦᠪᠡᠭᠴᠢᠯᠡᠵᠦ᠂ ᠤᠤᠭᠠᠯ ᠡᠭᠦᠳᠦᠯᠲᠡ ᠶᠢ ᠲᠤᠪᠤᠶᠢᠯᠭᠠᠨ᠂ ᠪᠠᠶᠢᠭᠠᠯᠢ ᠶᠢᠨ ᠲᠤᠬᠠᠢ ᠲᠠᠨᠢᠯᠳᠠ ᠪᠠᠨ | ᠥᠷᠭᠡᠳᠬᠡᠵᠤ᠂ ᠰᠢᠨ᠎ᠡ ᠲᠠᠨᠢᠨ ᠮᠡᠳᠡᠬᠦᠢ ᠶᠢᠨ ᠬᠦᠷᠢᠶ᠎ᠠ ᠶᠢ ᠨᠡᠭᠡᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠣᠭᠤᠮᠲᠠ ᠰᠢᠪᠲᠤᠯᠬᠤ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮᠤᠭ ᠤᠨ | ᠪᠠᠴᠢᠮ᠂ ᠬᠠᠮᠤᠭ ᠤᠨ ᠲᠤᠯᠭᠠᠮ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠪᠠᠴᠢᠮ ᠲᠤᠯᠭᠠᠮ ᠬᠡᠷᠡᠭᠴᠡᠭᠡ ᠪᠣᠯᠤᠨ ᠠᠯᠤᠰ | ᠬᠡᠳᠦ ᠶᠢᠨ ᠬᠡᠷᠡᠭᠴᠡᠭᠡ ᠶᠢ ᠪᠤᠳᠤᠯᠬᠢᠯᠠᠬᠤ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ | ᠴᠢᠩᠭᠠᠳᠬᠠᠵᠤ᠂ ᠠᠵᠤ ᠠᠬᠤᠶᠢᠯᠠᠯ ᠤᠨ ᠰᠡᠳᠦᠪ ᠭᠠᠷᠭᠠᠭᠴᠢ ᠶᠢᠨ ᠦᠢᠯᠡᠳᠦᠯ ᠢ ᠪᠠᠳᠠᠷᠠᠭᠤᠯᠤᠨ᠂ ᠳᠠᠭᠠᠭᠤᠯᠤᠭᠴᠢ ᠠᠵᠤ | ᠠᠬᠤᠶᠢᠯᠠᠯ ᠲᠦᠷᠦᠭᠦᠯᠡᠨ ᠬᠢᠬᠦ᠂ ᠶᠡᠭᠡ ᠳᠡᠭᠡᠳᠦ ᠰᠤᠷᠭᠠᠭᠤᠯᠢ ᠰᠤᠳᠤᠯᠭᠠᠨ ᠤ ᠬᠦᠷᠢᠶᠡᠯᠡᠩ ᠭᠠᠵᠠᠷ ᠲᠤᠯᠭᠠᠭᠤᠷᠢᠯᠠᠬᠤ᠂ | ᠡᠯ᠎ᠡ ᠰᠢᠨ᠎ᠡ ᠶᠢ ᠡᠭᠦᠳᠬᠦ ᠭᠤᠣᠯ ᠴᠣᠭᠴᠠ ᠬᠠᠷᠢᠯᠴᠠᠨ ᠬᠠᠮᠵᠢᠯᠴᠠᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ | ᠱᠠᠯᠠᠪᠳᠠᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠣᠨᠳᠣᠣᠰᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠠᠨ ᠰᠢᠨᠵᠢᠯᠡᠭᠡᠨ ᠤ ᠰᠠᠯᠠᠭ᠎ᠠ ᠶᠢ | ᠤᠶᠠᠯᠳᠤᠭᠤᠯᠤᠭᠰᠠᠨ ᠤᠳᠤ ᠦᠶ᠎ᠡ ᠶᠢᠨ ᠢᠨᠵᠧᠨᠧᠷᠢᠩ ᠪᠠ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠶᠡᠭᠡ ᠪᠠᠷ | ᠴᠢᠩᠭᠠᠳᠬᠠᠵᠤ᠂ ᠰᠠᠭᠤᠷᠢ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠮᠡᠷᠭᠡᠵᠢᠯ ᠤᠨ ᠬᠥᠭᠵᠢᠯᠲᠡ ᠶᠢ ᠲᠠᠶᠢᠴᠢᠯᠠᠨ᠂ | ᠪᠦᠷᠢᠨ ᠲᠡᠭᠦᠯᠳᠡᠷ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠰᠲ᠋ᠧᠮ ᠢ ᠪᠤᠢ ᠪᠣᠯᠭᠠᠬᠤ ᠬᠡᠷᠡᠭᠲᠡᠢ | ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ | ᠴᠢᠩᠭᠠᠳᠬᠠᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠲᠤᠷᠰᠢᠯᠲᠠ ᠶᠢᠨ ᠲᠠᠰᠤᠭ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ᠂ ᠥᠨᠳᠥᠷ ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠠᠭᠠᠭᠤᠯᠤᠬᠴᠢ ᠠᠵᠤ ᠠᠬᠤᠶᠢᠯᠠᠯ ᠪᠣᠯ ᠴᠥᠮ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠡᠭᠦᠷᠭᠡᠯᠡᠯ | ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠵᠠᠩᠭᠢᠯᠠᠭ᠎ᠠ ᠶᠢᠨ | ᠴᠢᠨᠠᠷᠲᠠᠢ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠢᠯᠡᠭᠦᠬᠡᠨ ᠭᠠᠷᠭᠠᠵᠤ᠂ | ᠤᠯᠤᠰ ᠤᠨ ᠬᠥᠭᠵᠢᠯᠲᠡ ᠶᠢᠨ ᠪᠦᠬᠦ ᠲᠠᠯ᠎ᠠ ᠪᠠ ᠠᠯᠤᠰ ᠬᠡᠳᠤ ᠶᠢᠨ ᠠᠰᠢᠭ ᠲᠤᠰᠠ ᠶᠢ ᠨᠥᠯᠥᠭᠡᠯᠡᠨ ᠬᠢᠵᠠᠭᠠᠷᠯᠠᠬᠤ | ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠤᠭᠠᠯ ᠰᠢᠨ᠎ᠡ | ᠡᠭᠦᠳᠦᠯᠳᠡ ᠶᠢᠨ ᠭᠤᠯᠤᠮᠳᠠ ᠤᠷᠤᠨ ᠢ ᠱᠠᠯᠠᠪᠳᠠᠨ ᠪᠠᠶᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ | ᠰᠤᠷᠭᠠᠭᠤᠯᠢ ᠰᠠᠭᠤᠷᠢ ᠰᠤᠳᠤᠯᠭᠠᠨ ᠭᠦᠨ ᠵᠤᠵᠠᠭᠠᠨ᠂ ᠰᠢᠨᠵᠢᠯᠡᠭᠡᠨ ᠤ ᠰᠠᠯᠠᠭ᠎ᠠ ᠰᠣᠯᠪᠢᠴᠠᠨ ᠠᠭᠤᠰᠤᠯᠴᠠᠬᠤ | ᠳᠠᠪᠠᠭᠤᠯᠢᠭ ᠢᠶᠠᠨ ᠪᠠᠳᠠᠷᠠᠭᠤᠯᠵᠤ᠂ ᠰᠠᠭᠤᠷᠢ ᠰᠤᠳᠤᠯᠭᠠᠨ ᠤ ᠭᠤᠣᠯ ᠬᠦᠴᠦᠨ ᠪᠣᠯᠤᠨ ᠴᠢᠬᠤᠯᠠ ᠶᠡᠭᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ ᠰᠢᠨ᠎ᠡ ᠬᠦᠴᠦᠨ ᠪᠣᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠵᠠᠬ᠎ᠠ ᠳᠡᠯᠭᠡᠭᠦᠷ ᠤᠨ ᠬᠡᠷᠡᠭᠴᠡᠭᠡ᠂ ᠬᠤᠷᠠᠮᠠᠯ ᠰᠢᠨ᠎ᠡ ᠡᠭᠦᠳᠦᠯᠳᠡ᠂ | ᠵᠣᠬᠢᠶᠠᠨ ᠪᠠᠶᠢᠭᠤᠯᠬᠤ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠤᠯᠤᠰ ᠤᠨ ᠠᠵᠤ ᠦᠢᠯᠡᠰ ᠤᠨ ᠰᠠᠭᠤᠷᠢ | ᠴᠢᠳᠠᠪᠤᠷᠢ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠡᠯ᠎ᠡ ᠭᠠᠵᠠᠷ ᠣᠷᠣᠨ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠶᠢᠷᠢᠰᠢᠭᠤᠯᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ | ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠲᠦᠷᠢᠮ ᠢ ᠪᠦᠷᠢᠯᠳᠦᠭᠦᠯᠬᠦ ᠬᠡᠷᠡᠭᠲᠡᠢ᠃ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠨᠥᠬᠦᠴᠡᠯ ᠳᠣᠣᠷᠠᠬᠢ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠯ ᠢ | ᠲᠡᠭᠦᠯᠳᠡᠷᠵᠢᠭᠦᠯᠵᠦ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ | ᠵᠣᠬᠢᠶᠠᠨ ᠪᠠᠶᠢᠭᠤᠯᠤᠭᠴᠢ ᠪᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠦᠨᠡᠯᠡᠬᠦ ᠲᠦᠷᠢᠮ ᠢ | ᠲᠡᠭᠦᠯᠳᠡᠷᠵᠢᠭᠦᠯᠬᠦ ᠵᠡᠷᠭᠡ ᠰᠠᠭᠤᠷᠢ ᠥᠭᠡᠷᠡᠴᠢᠯᠡᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠶᠠᠰᠤ ᠴᠢᠨᠠᠷ᠂ | ᠠᠮᠵᠢᠯᠲᠠ ᠪᠦᠲᠦᠮᠵᠢ᠂ ᠬᠤᠪᠢ ᠨᠡᠮᠡᠷᠢ ᠪᠠᠷ ᠭᠤᠣᠯ ᠪᠣᠯᠭᠠᠭᠰᠠᠨ ᠦᠨᠡᠯᠡᠬᠦ ᠤᠳᠤᠷᠢᠳᠤᠮᠵᠢ ᠶᠢ ᠪᠠᠷᠢᠮᠲᠠᠯᠠᠨ᠂ ᠦᠷ᠎ᠡ | ᠪᠦᠲᠦᠭᠡᠯ ᠤᠨ ᠰᠢᠨ᠎ᠡ ᠶᠢ ᠡᠭᠦᠳᠦᠭᠰᠡᠨ ᠲᠦᠪᠰᠢᠨ᠂ ᠤᠨᠳᠤᠤᠰᠢᠭᠤᠯᠤᠨ ᠬᠡᠷᠡᠭᠯᠡᠭᠰᠡᠨ ᠠᠮᠵᠢᠯᠲᠠ ᠪᠦᠲᠦᠮᠵᠢ ᠪᠣᠯᠤᠨ ᠠᠵᠤ | ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠪᠣᠳᠠᠲᠠᠢ ᠬᠤᠪᠢ ᠨᠡᠮᠡᠷᠢ ᠶᠢ ᠪᠦᠬᠦ ᠲᠠᠯ᠎ᠠ ᠪᠠᠷ ᠣᠨᠣᠪᠴᠢᠲᠠᠢ | ᠲᠤᠰᠬᠠᠬᠤ ᠬᠡᠷᠡᠭᠲᠡᠢ᠃ ᠨᠡᠩ ᠶᠡᠭᠡ ᠰᠥᠰᠥ ᠵᠣᠷᠢᠭ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ | ᠡᠭᠦᠷᠭᠡ ᠴᠢᠳᠠᠪᠬᠢ ᠶᠢᠨ ᠬᠤᠪᠢᠷᠠᠯᠳᠠ ᠶᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢ ᠠᠳᠬᠤᠬᠤ᠂ ᠥᠭᠡᠷᠡᠴᠢᠯᠡᠯᠲᠡ ᠶᠢ | ᠠᠳᠬᠤᠬᠤ᠂ ᠲᠥᠯᠥᠪᠵᠢᠭᠦᠯᠭᠡ ᠶᠢ ᠠᠳᠬᠤᠬᠤ᠂ ᠦᠢᠯᠡᠴᠢᠯᠡᠭᠡ ᠶᠢ ᠠᠳᠬᠤᠬᠤ ᠪᠠᠶᠢᠷᠢ ᠲᠣᠭᠲᠠᠭᠠᠯᠲᠠ ᠶᠣᠰᠣᠭᠠᠷ᠂ | ᠰᠤᠷᠲᠠᠯ ᠢ ᠬᠤᠪᠢᠷᠠᠭᠤᠯᠤᠨ᠂ ᠴᠢᠳᠠᠪᠤᠷᠢ ᠶᠢ ᠳᠡᠭᠡᠭᠰᠢᠯᠡᠭᠦᠯᠵᠦ᠂ ᠲᠥᠯᠥᠪᠵᠢᠭᠦᠯᠭᠡ ᠲᠦᠷᠦ ᠶᠢᠨ ᠪᠤᠳᠤᠯᠭ᠎ᠠ ᠶᠢᠨ | ᠵᠢᠯᠤᠭᠤᠳᠤᠯᠭ᠎ᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠳᠤ ᠨᠡᠩ ᠤᠯᠠᠨ ᠡᠵᠡᠨ ᠮᠡᠳᠡᠬᠦ ᠡᠷᠬᠡ | ᠣᠯᠭᠤᠵᠤ᠂ ᠰᠢᠨᠵᠢᠯᠡᠬᠦ ᠤᠬᠠᠭᠠᠨᠲᠠᠨ ᠳᠤ ᠨᠡᠩ ᠶᠡᠭᠡ ᠮᠡᠷᠭᠡᠵᠢᠯ ᠤᠨ ᠱᠤᠭᠤᠮ ᠢ ᠲᠣᠭᠲᠠᠭᠠᠬᠤ ᠡᠷᠬᠡ ᠪᠣᠯᠤᠨ ᠵᠠᠷᠤᠳᠠᠯ ᠢ | ᠬᠡᠷᠡᠭᠯᠡᠬᠦ ᠡᠷᠬᠡ ᠣᠯᠭᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠣᠯᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠨ ᠢ ᠶᠠᠷᠰᠢᠭ ᠲᠦᠪᠡᠭᠲᠡᠢ᠂ ᠴᠢᠬᠤᠯᠠ ᠪᠤᠰᠤ ᠪᠠᠶᠢᠭᠤᠯᠤᠮᠵᠢ ᠲᠣᠭᠲᠠᠴᠠ ᠶᠢᠨ ᠬᠦᠯᠢᠶᠡᠰᠦᠯᠡᠯ ᠠᠴᠠ | ᠴᠢᠯᠥᠭᠡᠯᠡᠬᠦ ᠬᠡᠷᠡᠭᠲᠡᠢ᠃ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠲᠣᠭᠲᠠᠭᠠᠬᠤ ᠪᠠ | ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠬᠡᠯᠪᠡᠷᠢ ᠶᠢ ᠥᠭᠡᠷᠡᠴᠢᠯᠡᠵᠦ᠂ ︽ᠡᠭᠦᠷᠭᠡ ᠬᠦᠯᠢᠶᠡᠵᠦ ᠲᠦᠷᠦᠭᠦᠯᠡᠨ ᠬᠢᠬᠦ︾᠂ | ︽ᠮᠣᠷᠢ ᠤᠷᠤᠯᠳᠤᠬᠤ︾ ᠵᠡᠷᠭᠡ ᠲᠦᠷᠢᠮ ᠢ ᠬᠡᠷᠡᠭᠵᠢᠭᠦᠯᠤᠨ᠂ ᠬᠢᠷᠢ ᠭᠡᠮ ᠢᠶᠠᠷ ᠬᠢᠵᠠᠭᠠᠷᠯᠠᠬᠤ ᠦᠭᠡᠢ᠂ ᠨᠦᠬᠦᠴᠡᠯ | ᠪᠠᠷᠢᠮᠵᠢᠶ᠎ᠠ ᠲᠣᠭᠲᠠᠭᠠᠬᠤ ᠦᠭᠡᠢ ᠪᠠᠶᠢᠬᠤ ᠶᠢ ᠪᠡᠶᠡᠯᠡᠭᠦᠯᠵᠤ᠂ ᠵᠢᠩᠬᠢᠨᠢ ᠡᠷᠳᠡᠮ ᠴᠢᠳᠠᠪᠤᠷᠢ ᠲᠠᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯᠳᠠᠨ ᠢ ᠴᠢᠳᠠᠪᠤᠷᠢ ᠪᠠᠨ ᠪᠠᠳᠠᠷᠠᠭᠤᠯᠬᠤ ᠭᠠᠵᠠᠷ ᠲᠠᠢ ᠪᠣᠯᠭᠠᠬᠤ ᠬᠡᠷᠡᠭᠲᠡᠢ ᠭᠡᠵᠤ | ᠴᠢᠬᠤᠯᠠᠴᠢᠯᠠᠵᠠᠢ᠃ | ᠰᠢ ᠶᠢᠨ ᠫᠢᠩ᠂ ᠨᠡᠭᠡᠭᠡᠯᠲᠡᠲᠦ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠨ᠂ ᠪᠦᠬᠦ ᠪᠥᠮᠪᠥᠷᠴᠡᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠣᠷᠣᠯᠴᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠳᠤ ᠳᠡᠯᠡᠬᠡᠶᠢᠴᠢ ᠴᠢᠨᠠᠷ᠂ ᠴᠠᠭ ᠦᠶᠡᠴᠢ ᠴᠢᠨᠠᠷ ᠲᠠᠢ ᠪᠠᠶᠢᠵᠤ᠂ ᠬᠥᠮᠦᠨ ᠲᠥᠷᠥᠯᠬᠢᠲᠡᠨ ᠤ ᠬᠠᠮᠲᠤ ᠶᠢᠨ ᠦᠪ | ᠬᠦᠷᠦᠩᠭᠡ ᠪᠤᠯᠤᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠪᠥᠬᠦ ᠪᠥᠮᠪᠥᠷᠴᠡᠭ ᠤᠨ | ᠬᠠᠷᠠᠭᠠᠰᠤ ᠠᠴᠠ ᠰᠢᠨ᠎ᠡ ᠶᠢ ᠡᠭᠦᠳᠬᠦ ᠶᠢ ᠲᠥᠯᠥᠪᠵᠢᠭᠦᠯᠦᠨ ᠠᠬᠢᠭᠤᠯᠵᠤ᠂ ᠪᠥᠬᠦ ᠪᠥᠮᠪᠥᠷᠴᠡᠭ ᠤᠨ ᠰᠢᠨ᠎ᠡ ᠶᠢ ᠡᠭᠦᠳᠬᠦ | ᠲᠤᠤᠷ ᠲᠤ ᠢᠳᠡᠪᠬᠢᠲᠡᠶ ᠠᠭᠤᠰᠤᠯᠴᠠᠨ᠂ ᠠᠭᠤᠷ ᠠᠮᠢᠰᠬᠤᠯ ᠤᠨ ᠬᠤᠪᠢᠷᠠᠯᠲᠠ᠂ ᠬᠥᠮᠦᠨ ᠲᠥᠷᠥᠯᠬᠢᠲᠡᠨ ᠤ ᠡᠷᠡᠭᠦᠯ ᠮᠡᠨᠳᠦ | ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠨ ᠲᠠᠢ ᠬᠠᠮᠳᠤᠷᠠᠨ ᠰᠤᠳᠤᠯᠬᠤ ᠪᠠᠨ ᠴᠢᠩᠭᠠᠳᠬᠠᠬᠤ ᠬᠡᠷᠡᠭᠲᠡᠶ᠃ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ ᠳᠤᠮᠳᠠᠳᠤ ᠤᠯᠤᠰ ᠤᠨ ᠤᠶᠤᠨ ᠤᠬᠠᠭᠠᠨ ᠢᠶᠠᠨ | ᠨᠡᠮᠡᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠦᠨ ᠲᠥᠷᠥᠯᠬᠢᠲᠡᠨ ᠤ ᠠᠵᠠ ᠵᠢᠷᠭᠠᠯ ᠢ ᠨᠡᠩ ᠰᠠᠶᠢᠳᠦᠷ | ᠨᠡᠮᠡᠭᠳᠡᠭᠦᠯᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠦᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ | ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ | ᠪᠦᠬᠦ ᠪᠥᠮᠪᠥᠷᠴᠡᠭ ᠤᠨ ᠴᠢᠳᠠᠪᠤᠷᠢᠲᠠᠨ ᠤ ᠥᠨᠳᠦᠷᠯᠢᠭ ᠭᠠᠵᠠᠷ ᠢ ᠪᠠᠶᠢᠭᠤᠯᠬᠤ ᠬᠡᠷᠡᠭᠲᠡᠢ᠃ ᠣᠳᠣᠬᠠᠨ ᠤ ᠳᠡᠯᠡᠬᠡᠢ | ᠶᠢᠷᠲᠢᠨᠴᠦ ᠶᠢᠨ ᠥᠷᠢᠰᠥᠯᠳᠦᠭᠡᠨ ᠨᠢ ᠡᠴᠦᠰ ᠤᠨ ᠡᠴᠦᠰ ᠲᠡᠭᠡᠨ ᠴᠢᠳᠠᠪᠤᠷᠢᠲᠠᠨ ᠤ ᠥᠷᠢᠰᠥᠯᠳᠦᠭᠡᠨ᠂ ᠰᠤᠷᠭᠠᠨ | ᠬᠥᠮᠦᠵᠢᠯ ᠤᠨ ᠥᠷᠢᠰᠥᠯᠳᠦᠭᠡᠨ ᠪᠣᠯᠤᠨ᠎ᠠ᠃ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠢ ᠨᠡᠩ ᠢᠯᠡᠭᠦᠦ | ᠴᠢᠬᠤᠯᠠᠴᠢᠯᠠᠵᠤ᠂ ᠨᠢᠭᠡ ᠪᠦᠯᠦᠭ ᠳᠡᠯᠡᠬᠡᠢ ᠳᠤ ᠨᠥᠯᠥᠭᠡᠯᠡᠬᠦ ᠬᠦᠴᠦᠨ ᠲᠠᠢ ᠣᠷᠦ᠋ᠢᠯᠠᠭᠰᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠵᠦ᠂ ᠨᠢᠭᠡ ᠪᠦᠯᠦᠭ ᠰᠢᠨ᠎ᠡ ᠶᠢ ᠡᠭᠦᠳᠬᠦ ᠪᠦᠯᠬᠦᠮ ᠢ | ᠲᠣᠭᠲᠠᠭᠤᠨ ᠢᠶᠠᠷ ᠳᠡᠮᠵᠢᠵᠦ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠵᠢᠯ ᠤᠨ ᠴᠢᠳᠠᠪᠤᠷᠢᠳᠠᠨ᠂ ᠤᠷᠠᠨ | ᠳᠠᠷᠬᠠᠨ᠂ ᠶᠡᠭᠡ ᠤᠯᠤᠰ ᠤᠨ ᠭᠠᠷᠮᠠᠭᠠᠢ ᠳᠠᠷᠬᠠᠨ ᠢ ᠬᠥᠮᠦᠵᠢᠭᠦᠯᠬᠦ ᠬᠡᠷᠡᠭᠲᠡᠢ᠃ ᠮᠠᠨ ᠤ ᠤᠯᠤᠰ ᠤᠨ ᠰᠤᠷᠭᠠᠨ ᠬᠥᠮᠦᠵᠢᠯ | ᠶᠡᠭᠡ ᠪᠠᠭᠰᠢᠳᠠᠨ ᠢ ᠬᠥᠮᠦᠵᠢᠭᠦᠯᠵᠦ ᠴᠢᠳᠠᠨ᠎ᠠ᠂ ᠪᠢᠳᠠ ᠡᠶᠢᠮᠦ ᠢᠲᠡᠭᠡᠯ ᠲᠠᠢ ᠪᠠᠶᠢᠬᠤ ᠬᠡᠷᠡᠭᠲᠡᠢ︕ ᠪᠦᠬᠦ ᠲᠡᠯᠡᠭᠡᠢ ᠶᠢᠨ | ᠰᠢᠯᠢᠳᠡᠭ ᠴᠢᠳᠠᠪᠤᠷᠢᠲᠠᠨ ᠢ ᠴᠤᠭᠯᠠᠷᠠᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠥᠨᠳᠦᠷᠯᠢᠭ | ᠭᠠᠵᠠᠷ ᠢ ᠪᠠᠶᠢᠭᠤᠯᠵᠤ᠂ ᠳᠡᠭᠡᠳᠦ ᠲᠡᠰ ᠤᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠤᠮᠳᠠᠳᠤ | ᠤᠯᠤᠰ ᠲᠤ ᠢᠷᠡᠵᠦ ᠠᠵᠢᠯᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠰᠣᠯᠢᠯᠴᠠᠬᠤ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠭᠤᠣᠯ ᠬᠦᠴᠦᠨ ᠢᠶᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠬᠦ ᠠᠵᠢᠯᠯᠠᠭ᠎ᠠ ᠳᠤ ᠵᠤᠷᠢᠭᠤᠯᠬᠤ | ᠪᠤᠯᠭᠠᠬᠤ ᠬᠡᠷᠡᠭᠲᠡᠢ᠂ ᠬᠡᠷᠬᠢᠪᠡᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠶᠡᠭᠡ ᠬᠡᠮᠵᠢᠶᠡᠨ ᠤ ᠴᠠᠭ ᠢᠶᠠᠨ | ᠬᠡᠷᠡᠭ ᠦᠭᠡᠢ ᠤᠭᠲᠤᠵᠤ ᠬᠦᠷᠭᠡᠬᠦ ᠠᠵᠢᠯᠯᠠᠭ᠎ᠠ᠂ ᠴᠢᠬᠤᠯᠠ ᠪᠤᠰᠤ ᠬᠢᠨᠠᠨ ᠦᠨᠡᠯᠡᠬᠦ ᠠᠵᠢᠯᠯᠠᠭ᠎ᠠ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠤᠨ ᠵᠦᠢᠯ ᠪᠦᠷᠢ ᠶᠢᠨ ᠠᠵᠢᠯᠯᠠᠭ᠎ᠠ ᠳᠡᠭᠡᠷ᠎ᠡ ᠵᠤᠷᠢᠭᠤᠯᠬᠤ ᠪᠤᠯᠭᠠᠵᠤ ᠪᠣᠯᠬᠤ ᠦᠭᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠪᠣᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠪᠣᠯᠤᠨ | ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠬᠠᠮᠤᠭ ᠤᠨ ᠳᠡᠭᠡᠳᠦ ᠡᠷᠳᠡᠮ ᠰᠢᠨᠵᠢᠯᠡᠭᠡᠨ ᠤ | ᠪᠠᠶᠢᠭᠤᠯᠤᠮᠵᠢ ᠮᠥᠨ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ | ᠮᠥᠨ᠃ ᠬᠤᠶᠠᠷ ᠬᠦᠷᠢᠶᠡᠯᠡᠩ ᠤᠨ ᠤᠯᠤᠰ ᠤᠨ ᠠᠩᠬᠢ ᠪᠤᠯᠤᠭᠰᠠᠨ ᠤ ᠬᠤᠪᠢ ᠳᠠᠬᠢ ᠡᠷᠳᠡᠮ ᠰᠢᠨᠵᠢᠯᠡᠭᠡᠨ ᠤ ᠬᠦᠳᠦᠯᠦᠨ | ᠳᠠᠭᠠᠭᠤᠯᠬᠤ ᠦᠢᠯᠡᠳᠦᠯ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠦᠢᠯᠡᠳᠦᠯ᠂ ᠰᠢᠨ᠎ᠡ ᠶᠢ | ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠤᠤᠭᠠᠯ ᠡᠭᠦᠳᠦᠯᠲᠡ ᠶᠢᠨ | ᠰᠢᠨᠵᠢᠯᠡᠬᠦ ᠤᠬᠠᠭᠠᠨ ᠤ ᠠᠰᠠᠭᠤᠳᠠᠯ ᠢ ᠰᠢᠢᠳᠪᠦᠷᠢᠯᠡᠨ᠂ ᠵᠣᠷᠢᠭᠲᠠᠢ ᠪᠠᠷ ᠰᠢᠨ᠎ᠠ ᠶᠢ ᠡᠭᠦᠳᠬᠦ ᠶᠢᠨ ︽ᠡᠵᠡᠭᠦᠢ ᠤᠷᠤᠨ︾ | ᠢᠶᠠᠷ ᠠᠶᠠᠯᠠᠨ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠰᠢᠪᠲᠤᠯᠵᠤ᠂ ᠨᠢᠭᠡ | ᠪᠦᠯᠦᠭ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠪᠣᠯᠤᠨ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ | ᠪᠦᠯᠬᠦᠮ ᠢ ᠢᠯᠡᠷᠡᠭᠦᠯᠤᠨ ᠬᠥᠮᠦᠵᠢᠭᠦᠯᠵᠦ ᠲᠥᠪᠯᠡᠷᠡᠭᠦᠯᠬᠦ ᠬᠡᠷᠡᠭᠲᠡᠢ᠃ ᠬᠤᠶᠠᠷ ᠬᠦᠷᠢᠶᠡᠯᠡᠩ ᠤᠨ ᠤᠯᠤᠰ ᠤᠨ ᠳᠡᠭᠡᠳᠦ | ᠲᠡᠰ ᠤᠨ ᠤᠶᠤᠨ ᠤ ᠬᠥᠮᠥᠷᠭᠡ ᠶᠢᠨ ᠴᠢᠳᠠᠪᠬᠢ ᠶᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ | ᠤᠬᠠᠭᠠᠨᠲᠠᠨ ᠤ ᠦᠢᠯᠡᠳᠦᠯ ᠢ ᠪᠠᠳᠠᠷᠠᠭᠤᠯᠤᠨ᠂ ᠵᠥᠪᠯᠡᠯᠭᠡ ᠥᠭᠴᠦ ᠦᠨᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ | ᠤᠯᠤᠰ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠨᠠᠮ ᠪᠣᠯᠤᠨ | ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠲᠠᠢ ᠬᠠᠷᠢᠯᠴᠠᠬᠤ ᠬᠥᠭᠦᠷᠭᠡ | ᠬᠤᠯᠪᠣᠭᠠᠰᠤ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠳᠤ | ᠦᠢᠯᠡᠴᠢᠯᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠳᠤ ᠦᠢᠯᠡᠴᠢᠯᠡᠬᠦ᠂ ᠪᠦᠬᠦ ᠠᠷᠠᠳ ᠤᠨ | ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠦᠢᠯᠡᠴᠢᠯᠡᠬᠦ᠂ ᠨᠠᠮ ᠪᠣᠯᠤᠨ ᠵᠠᠰᠠᠭ ᠤᠨ ᠣᠷᠳᠣᠨ ᠤ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ ᠶᠢ ᠪᠠᠷᠢᠮᠲᠠᠯᠠᠨ᠂ ᠥᠷᠭᠡᠨ ᠤᠯᠠᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠢ ᠨᠠᠮ ᠤᠨ ᠲᠣᠭᠤᠷᠢᠨ ᠳᠤ ᠨᠡᠩ ᠥᠷᠭᠡᠨ ᠢᠶᠠᠷ ᠪᠦᠯᠬᠦᠮᠳᠡᠭᠦᠯᠵᠦ᠂ | ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠯᠢᠳᠡᠭ ᠰᠠᠶᠢᠨ ᠡᠷᠳᠡᠮ ᠰᠢᠨᠵᠢᠯᠡᠭᠡᠨ ᠤ ᠰᠤᠷᠲᠠᠯ ᠢ ᠪᠤᠢ | ᠪᠤᠯᠭᠠᠬᠤ ᠬᠡᠷᠡᠭᠲᠡᠢ᠃ ᠳᠡᠯᠡᠬᠡᠢ ᠳᠤ ᠬᠠᠨᠳᠤᠬᠤ᠂ ᠢᠷᠡᠭᠡᠳᠦᠢ ᠳᠤ ᠬᠠᠨᠳᠤᠬᠤ ᠶᠢ ᠪᠠᠷᠢᠮᠲᠠᠯᠠᠵᠤ᠂ ᠤᠯᠠᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠯᠦᠭᠡ ᠶᠢᠨ ᠨᠡᠭᠡᠭᠡᠯᠲᠡ᠂ ᠢᠲᠡᠭᠡᠯᠴᠡᠭᠡ᠂ ᠬᠠᠮᠲᠤᠷᠠᠯᠴᠠᠭ᠎ᠠ ᠶᠢ | ᠨᠡᠮᠡᠭᠳᠡᠭᠦᠯᠤᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠤᠶᠠᠷ ᠬᠦᠷᠢᠶᠡᠯᠡᠩ ᠤᠨ ᠠᠺᠠᠳᠧᠮᠢᠴᠢ ᠪᠣᠯ ᠤᠯᠤᠰ ᠤᠨ ᠦᠪ ᠬᠦᠷᠦᠩᠭᠡ᠂ ᠠᠷᠠᠳ ᠲᠦᠮᠡᠨ ᠤ | ᠣᠮᠣᠭᠰᠢᠯ᠂ ᠦᠨᠳᠦᠰᠦᠲᠡᠨ ᠤ ᠢᠷᠠᠭᠤ ᠠᠯᠳᠠᠷ ᠮᠥᠨ᠃ ᠠᠺᠠᠳᠧᠮᠢᠴᠢ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠺᠠᠳᠧᠮᠢᠴᠢ ᠶᠢᠨ ᠴᠣᠯᠠ ᠶᠢ ᠢᠷᠠᠭᠤ ᠠᠯᠳᠠᠷᠲᠤ ᠴᠢᠨᠠᠷ᠂ ᠡᠷᠳᠡᠮ ᠰᠢᠨᠵᠢᠯᠡᠭᠡᠨ ᠤ ᠴᠢᠨᠠᠷ ᠲᠤ | ᠡᠭᠡᠭᠦᠯᠦᠨ᠂ ᠠᠺᠠᠳᠧᠮᠢᠴᠢ ᠶᠢᠨ ᠴᠣᠯᠠ ᠶᠢᠨ ᠴᠡᠪᠡᠷ ᠴᠢᠨᠠᠷ ᠢ ᠬᠠᠮᠠᠭᠠᠯᠠᠬᠤ ᠬᠡᠷᠡᠭᠲᠡᠢ᠃ ᠥᠷᠭᠡᠨ ᠣᠯᠠᠨ ᠠᠺᠠᠳᠧᠮᠢᠴᠢ | ᠰᠡᠳᠬᠢᠯ ᠵᠢᠷᠦᠭᠡᠨ ᠳᠡᠭᠡᠨ ᠡᠬᠡ ᠤᠯᠤᠰ ᠢᠶᠠᠨ ᠪᠤᠳᠤᠬᠤ᠂ ᠠᠷᠠᠳ ᠲᠦᠮᠡᠨ ᠳᠤ ᠦᠢᠯᠡᠴᠢᠯᠡᠬᠦ ᠦᠯᠢᠭᠡᠷ ᠳᠠᠭᠤᠷᠢᠶᠠᠯ ᠪᠣᠯᠵᠣ | ᠂ ᠦᠨᠡᠨ ᠶᠣᠰᠣ ᠶᠢ ᠬᠥᠭᠡᠭᠡᠴᠡᠯᠳᠦᠬᠦ᠂ ᠵᠣᠷᠢᠭᠲᠠᠶ ᠪᠠᠷ ᠨᠤᠶᠠᠠ ᠣᠷᠭᠢᠯ ᠳᠤ ᠠᠪᠠᠷᠢᠬᠤ ᠦᠯᠢᠭᠡᠷ ᠳᠠᠭᠤᠷᠢᠶᠠᠯ ᠪᠣᠯᠵᠣ᠂ | ᠡᠷᠳᠡᠮ ᠰᠢᠨᠵᠢᠯᠡᠭᠡᠨ ᠤ ᠶᠣᠰᠣ ᠰᠤᠷᠲᠠᠬᠤᠨ ᠢ ᠪᠠᠲᠤ ᠰᠠᠬᠢᠬᠤ᠂ ᠴᠢᠩᠭ᠎ᠠ ᠨᠢᠮᠪᠠᠢ ᠪᠠᠷ ᠡᠷᠳᠡᠮ ᠰᠢᠨᠵᠢᠯᠡᠭᠡᠨ ᠤ ᠠᠵᠢᠯ ᠬᠢᠬᠦ | ᠥᠯᠢᠭᠡᠷ ᠳᠠᠭᠤᠷᠢᠶᠠᠯ ᠪᠣᠯᠵᠣ᠂ ᠳᠤᠷᠠᠲᠠᠶ᠎ᠠ ᠬᠤᠶᠢᠴᠢ ᠦᠶ᠎ᠠ ᠪᠠᠨ ᠬᠦᠮᠦᠵᠢᠭᠦᠯᠬᠦ᠂ ᠬᠤᠶᠢᠴᠢ ᠦᠶ᠎ᠠ ᠪᠠᠨ ᠤᠷᠮᠠᠰᠢᠭᠤᠯᠤᠨ | ᠵᠤᠷᠢᠡᠡᠵᠢᠭᠤᠯᠬᠤ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ ᠥᠷᠭᠡᠨ ᠣᠯᠠᠨ ᠠᠺᠠᠳᠧᠮᠢᠴᠢ ᠣᠭ ᠰᠠᠨᠠᠭ᠎ᠠ ᠪᠠᠨ ᠥᠯᠥ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠨᠠᠮ ᠤᠨ ᠤᠷᠢᠶᠠᠯᠠᠭ᠎ᠠ ᠶᠢ ᠳᠠᠭᠠᠵᠤ᠂ ᠡᠬᠡ | ᠤᠯᠤᠰ ᠤᠨ ᠢᠶᠠᠨ ᠤᠷᠢᠶᠠᠯᠠᠭ᠎ᠠ ᠶᠢ ᠳᠠᠭᠠᠵᠤ᠂ ᠵᠣᠷᠢᠭᠲᠠᠶ ᠪᠠᠷ ᠲᠦᠷᠦᠭᠦᠯᠡᠨ ᠬᠢᠵᠦ᠂ ᠭᠠᠷᠮᠠᠭᠠᠶ ᠪᠤᠯᠬᠤ ᠪᠠᠷ ᠴᠢᠷᠮᠠᠶᠢᠵᠤ᠂ | ᠡᠷᠳᠡᠮ ᠰᠢᠨᠵᠢᠯᠡᠭᠡᠨ ᠤ ᠶᠣᠰᠣ ᠰᠤᠷᠲᠠᠬᠤᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠶᠣᠰᠣ ᠰᠤᠷᠲᠠᠬᠤᠨ ᠢ ᠪᠠᠲᠤ | ᠰᠠᠬᠢᠵᠤ᠂ ᠳᠤᠷᠠᠲᠠᠶ᠎ᠠ ᠬᠤᠶᠢᠴᠢ ᠦᠶ᠎ᠡ ᠪᠠᠨ ᠵᠢᠯᠤᠭᠤᠳᠤᠨ ᠳᠠᠭᠠᠭᠤᠯᠵᠤ᠂ ᠨᠠᠮ ᠤᠨ ᠲᠥᠯᠥᠭᠡ᠂ ᠡᠬᠡ ᠤᠯᠤᠰ ᠤᠨ | ᠲᠥᠯᠥᠭᠡ᠂ ᠠᠷᠠᠳ ᠲᠦᠮᠡᠨ ᠤ ᠲᠥᠯᠥᠭᠡ ᠮᠡᠷᠡᠶᠢᠨ ᠵᠢᠳᠬᠦᠵᠦ᠂ ᠴᠥᠬᠦᠷᠡᠰᠢ ᠥᠬᠡᠶ ᠲᠡᠮᠡᠴᠡᠬᠦ ᠬᠡᠷᠡᠭᠲᠡᠶ ᠭᠡᠵᠦ ᠵᠢᠭᠠᠵᠦ | ᠭᠠᠷᠭᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠴᠢᠳᠠᠪᠤᠷᠢᠲᠠᠨ ᠢ ᠭᠦᠢᠴᠡᠳ | ᠬᠦᠨᠳᠦᠳᠬᠡᠵᠦ᠂ ᠠᠺᠠᠳᠧᠮᠢᠴᠢ ᠶᠢ ᠤᠯᠤᠰ ᠲᠥᠷᠥ ᠶᠢᠨ ᠲᠠᠯ᠎ᠠ ᠪᠠᠷ ᠬᠠᠯᠠᠮᠵᠢᠯᠠᠵᠤ᠂ ᠠᠵᠢᠯ ᠤᠨ ᠲᠠᠯ᠎ᠠ ᠪᠠᠷ ᠳᠡᠮᠵᠢᠵᠤ᠂ | ᠠᠮᠢᠳᠤᠷᠠᠯ ᠤᠨ ᠲᠠᠯ᠎ᠠ ᠪᠠᠷ ᠬᠠᠯᠠᠮᠵᠢᠯᠠᠵᠤ᠂ ᠠᠺᠠᠳᠧᠮᠢᠴᠢ ᠶᠢ ᠪᠠᠭᠲᠠᠭᠠᠭᠰᠠᠨ ᠥᠷᠭᠡᠨ ᠣᠯᠠᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠨ ᠤ ᠰᠠᠨᠠᠯ ᠢ ᠨᠠᠷᠢᠨ ᠬᠢᠨᠠᠮᠠᠭᠠᠶ ᠰᠣᠨᠣᠰᠴᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠ ᠦᠢᠯᠡᠴᠢᠯᠡᠭᠡᠨ ᠤ ᠪᠠᠳᠤᠯᠠᠭ᠎ᠠ ᠬᠠᠩᠭᠠᠬᠤ ᠶᠢ ᠴᠢᠩᠭᠠᠳᠬᠠᠨ᠂ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠰᠠᠶᠢᠨ ᠰᠠᠶᠢᠬᠠᠨ ᠰᠢᠨ᠎ᠡ ᠶᠢ ᠡᠭᠦᠳᠬᠦ ᠣᠷᠴᠢᠨ ᠡᠭᠦᠳᠴᠦ ᠥᠭᠬᠦ | ᠬᠡᠷᠡᠭᠲᠡᠶ ᠭᠡᠵᠦ ᠴᠢᠬᠤᠯᠠᠴᠢᠯᠠᠪᠠ᠃ | ᠯᠢ ᠺᠧ ᠴᠢᠶᠠᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠮᠠᠨ ᠤ | ᠨᠠᠮ ᠤᠨ ᠡᠯ᠎ᠡ ᠲᠡᠦᠬᠡᠨ ᠴᠠᠭ ᠦᠶ᠎ᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠢᠷᠡᠭᠰᠡᠨ ᠢ ᠡᠷᠭᠢᠴᠡᠭᠦᠯᠵᠦ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠢᠯᠡᠰ ᠤᠨ ᠣᠯᠤᠭᠰᠠᠨ ᠰᠢᠨ᠎ᠡ ᠲᠡᠦᠬᠡᠲᠦ ᠴᠢᠨᠠᠷᠲᠠᠢ ᠠᠮᠵᠢᠯᠲᠠ ᠶᠢ ᠳ᠋ᠦᠩᠨᠡᠨ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠬᠤᠪᠢᠷᠠᠯᠲᠠ ᠶᠢᠨ | ᠬᠠᠨᠳᠤᠰᠢ ᠶᠢ ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠱᠠᠯᠠᠪᠳᠠᠨ ᠪᠠᠶᠢᠭᠤᠯᠬᠤ ᠶᠢᠨ | ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ ᠬᠤᠶᠠᠷ ᠬᠦᠷᠢᠶᠡᠯᠡᠩ ᠤᠨ ᠠᠺᠠᠳᠧᠮᠢᠴᠢ ᠪᠣᠯᠤᠨ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠳᠤ ᠨᠠᠨᠳᠢᠨ | ᠬᠦᠰᠡᠯ ᠲᠠᠯᠪᠢᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠴᠢᠭᠯᠡᠬᠦᠯᠦᠯᠳᠦ ᠴᠢᠨᠠᠷ ᠲᠠᠢ ᠶᠤᠮ᠃ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ ᠮᠠᠨ ᠤ ᠤᠯᠤᠰ ᠢᠶᠠᠨ ᠪᠠᠶᠠᠨ ᠬᠦᠴᠦᠷᠬᠡᠭ | ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ | ᠵᠢᠭᠠᠵᠦ ᠭᠠᠷᠭᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠡᠰᠡᠭ ᠭᠡᠰᠢᠭᠦᠨ᠂ ᠲᠥᠪ ᠤᠨ ᠱᠦᠵᠢ ᠨᠡᠷ ᠤᠨ | ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ | ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ᠂ ᠬᠤᠶᠠᠷ ᠬᠦᠷᠢᠶᠡᠯᠡᠩ ᠤᠨ ᠠᠺᠠᠳᠧᠮᠢᠴᠢ᠂ ᠬᠡᠰᠡᠭ ᠭᠠᠳᠠᠭᠠᠳᠤ ᠶᠢᠨ ᠠᠺᠠᠳᠧᠮᠢᠴᠢ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠶᠡᠭᠡ | ᠬᠤᠷᠠᠯ ᠤᠨ ᠲᠥᠯᠥᠭᠡᠯᠡᠭᠴᠢ ᠵᠡᠷᠭᠡ 3000 ᠭᠠᠷᠤᠢ ᠬᠥᠮᠦᠨ ᠶᠡᠭᠡ ᠬᠤᠷᠠᠯ ᠳᠤ ᠣᠷᠣᠯᠴᠠᠵᠠᠢ᠃ |