ᠯᠢᠦ ᡁᠢ ᠫᠢᠩ ᠭᠤᠤᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/6/18
        6 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ ᠪᠦᠯᠬᠦᠮ ᠳᠠᠭᠠᠭᠤᠯᠤᠨ ᠮᠠᠨ ᠤ ᠬᠤᠲᠠ ᠶᠢᠨ ᠭᠤᠤᠯᠳᠠᠯᠭ᠎ᠠ ᠲᠠᠢ ᠬᠡᠰᠡᠭ ᠲᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠣᠣ ᠵᠢᠶᠠ ᠶᠤᠸᠠᠨ᠂ ᠬᠤᠲᠠ ᠶᠢᠨ ᠳᠡᠳ᠋ ᠳᠠᠷᠤᠭ᠎ᠠ ᠴᠣᠭᠵᠢᠯ᠂ ᠭᠦᠸᠧ ᠫᠢᠩ ᠸᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠲᠡᠮᠦᠷ ᠵᠠᠮ ᠤᠨ ᠲᠡᠷᠭᠡᠨ ᠥᠷᠲᠡᠭᠡᠨ ᠳᠤ ᠪᠠᠶᠢᠴᠠᠭᠠᠨ ᠰᠤᠳᠤᠯᠤᠯᠲᠠ ᠬᠢᠪᠡ
ᠲᠡᠮᠦᠷ ᠵᠠᠮ ᠤᠨ ᠪᠣᠭᠤᠮᠲᠠ ᠶᠢᠨ ᠤᠯᠤᠰ ᠤᠨ ᠡᠭᠦᠳᠡᠨ ᠤ ᠡᠮᠦᠨᠡᠬᠢ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠣᠷᠣᠨ ᠳᠤ ᠪᠠᠶᠢᠴᠠᠭᠠᠨ ᠰᠤᠳᠤᠯᠤᠯᠲᠠ ᠬᠢᠪᠡ
ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠵᠠᠮ ᠤᠨ ᠲᠡᠭ ᠺᠢᠯᠣᠮᠧᠲᠷ ᠤᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠪᠡ       ᠯᠢᠦ ᡁᠢ ᠫᠢᠩ ᠤᠷᠢᠳ ᠬᠤᠵᠢᠳ ᠲᠡᠮᠦᠷ ᠵᠠᠮ ᠤᠨ ᠲᠡᠷᠭᠡᠨ ᠥᠷᠲᠡᠭᠡ᠂ ᠲᠡᠮᠦᠷ ᠵᠠᠮ ᠤᠨ ᠪᠣᠭᠤᠮᠲᠠ ᠶᠢᠨ ᠤᠯᠤᠰ ᠤᠨ ᠡᠭᠦᠳᠡᠨ ᠤ ᠡᠮᠦᠨᠡᠬᠢ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠲᠣᠭᠤᠷᠢᠭ ︵ᠬᠢᠯᠢ ᠶᠢᠨ ᠪᠠᠶᠢᠴᠠᠭᠠᠯᠲᠠ ᠶᠢᠨ ᠦᠢᠯᠡᠳᠪᠦᠷᠢ︶᠂ ᠠᠮᠤ ᠪᠤᠳᠠᠭ᠎ᠠ ᠰᠣᠯᠢᠵᠤ ᠠᠴᠢᠶᠠᠯᠠᠬᠤ ᠲᠠᠯᠠᠪᠠᠶ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠲᠡᠭ ᠺᠢᠯᠣᠮᠧᠲᠷ ᠭᠠᠵᠠᠷ᠂ ᠾᠦᠢ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠸᠠᠨ ᠢᠦᠶ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠤᠸᠠᠨ ᠢᠦᠶ ᠪᠠᠭᠤᠳᠠᠯ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠢᠲᠡᠭᠦᠦ ᠴᠠᠭᠠᠷᠢᠭ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ᠂ ᠵᠢᠯᠣᠭᠤᠴᠢ ᠰᠠᠭᠤᠳᠠᠯ ᠤᠨ ᠠᠵᠢᠯᠲᠠᠨ ᠤ ᠬᠠᠮᠢᠶᠠᠷᠤᠯᠲᠠ᠂ ᠠᠵᠢᠯᠲᠠᠨ ᠤ ᠬᠠᠮᠠᠭᠠᠯᠠᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠪᠠᠶᠢᠴᠠᠭᠠᠨ ᠦᠵᠡᠵᠦ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠯᠢᠦ ᡁᠢ ᠫᠢᠩ ᠵᠢᠭᠠᠵᠤ ᠭᠠᠷᠭᠠᠭᠰᠠᠨ ᠨᠢ᠂ ᠳᠡᠯᠡᠬᠡᠶ ᠶᠢᠨ ᠬᠢᠵᠢᠭ ᠤᠨ ᠪᠠᠶᠢᠳᠠᠯ ᠤᠨ ᠲᠠᠰᠤᠷᠠᠯᠲᠠ ᠥᠬᠡᠶ ᠬᠤᠪᠢᠷᠠᠬᠤ ᠶᠢ ᠳᠠᠭᠠᠯᠳᠤᠨ᠂ ᠣᠳᠣᠬᠠᠨ ᠳᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠮᠥᠨ ᠬᠦ ᠤᠷᠢᠳ ᠡᠮᠦᠨ᠎ᠡ ᠪᠠᠶᠢᠭ᠎ᠠ ᠥᠬᠡᠶ ᠳᠠᠷᠤᠯᠲᠠ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠪᠣᠯᠤᠨ ᠪᠦᠬᠦ ᠲᠠᠯ᠎ᠠ ᠶᠢᠨ ᠦᠵᠡᠯᠲᠡ ᠪᠠᠨ ᠦᠨᠡᠨᠬᠦ ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠠᠲᠤᠳᠬᠠᠵᠤ᠂ ᠬᠤᠳᠠ ᠶᠢᠨ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠢ ᠲᠤᠬᠢᠷᠠᠭᠤᠯᠤᠯᠲᠠ ᠬᠠᠮᠢᠶᠠᠷᠤᠯᠲᠠ ᠶᠢ ᠡᠷᠡᠰ ᠳᠠᠭᠠᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠬᠡᠪᠴᠢᠶᠡᠨ ᠳᠠᠬᠢ ᠶᠠᠪᠤᠴᠠ ᠶᠢᠨ ᠬᠠᠮᠢᠶᠠᠷᠤᠯᠲᠠ᠂ ᠬᠢᠨᠠᠯᠲᠠ ᠲᠠᠯᠪᠢᠵᠤ ᠬᠠᠮᠢᠶᠠᠷᠤᠨ ᠡᠵᠡᠮᠳᠡᠬᠦ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠴᠢᠩᠭᠠᠳᠬᠠᠬᠤ ᠬᠡᠷᠡᠭᠲᠡᠢ︔ ᠪᠣᠭᠤᠮᠲᠠ ᠶᠢᠨ ᠬᠠᠮᠢᠶᠠᠷᠤᠨ ᠡᠵᠡᠮᠳᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠣᠭᠤᠮᠲᠠ ᠶᠢᠨ ᠠᠵᠢᠯᠯᠠᠬᠤ ᠣᠷᠣᠨ ᠪᠦᠰᠡ ᠶᠢᠨ ᠬᠢᠨᠠᠨ ᠡᠵᠡᠮᠳᠡᠯ ᠢ ᠦᠷᠭᠦᠯᠵᠢᠯᠡᠨ ᠴᠢᠩᠭᠠᠳᠬᠠᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤᠪᠠᠷ ᠰᠡᠷᠭᠡᠶᠢᠯᠡᠵᠦ ᠬᠠᠮᠲᠤᠪᠠᠷ ᠪᠠᠶᠢᠴᠠᠭᠠᠬᠤ ᠶᠢ ᠪᠡᠶᠡᠯᠡᠭᠦᠯᠬᠦ ᠬᠡᠷᠡᠭᠲᠡᠢ︔ ᠲᠡᠭᠡᠭᠡᠵᠦ ᠪᠠᠭᠤᠯᠭᠠᠬᠤ ᠠᠵᠢᠯᠴᠢᠨ᠂ ᠵᠢᠯᠣᠭᠤᠴᠢ ᠪᠠ ᠰᠠᠭᠤᠳᠠᠯ ᠤᠨ ᠠᠵᠢᠯᠳᠠᠨ ᠤ ᠪᠦᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠡᠪᠡᠳᠴᠢᠨ ᠤ ᠬᠠᠯᠳᠠᠪᠤᠷᠢᠯᠠᠬᠤ ᠠᠷᠭ᠎ᠠ ᠵᠠᠮ ᠢ ᠡᠷᠡᠰ ᠢᠶᠠᠷ ᠲᠠᠰᠤᠯᠵᠤ᠂ ︽ᠬᠥᠮᠦᠨ ᠠᠴᠠ ᠬᠥᠮᠦᠨ ᠳᠤ ᠬᠠᠯᠳᠠᠪᠣᠷᠢᠯᠠᠬᠤ︾᠂ ︽ᠪᠣᠳᠠᠰ  ᠠᠴᠠ ᠬᠦᠮᠦᠨ ᠳᠤ ᠬᠠᠯᠳᠠᠪᠣᠷᠢᠯᠠᠬᠤ︾ ᠶᠢ ᠰᠡᠷᠭᠡᠶᠢᠯᠡᠬᠦ ᠬᠡᠷᠡᠭᠲᠡᠢ᠃     ᠯᠢᠦ ᡁᠢ ᠫᠢᠩ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠭᠤᠭᠴᠤᠭ᠎ᠠ ᠶᠢᠨ ᠶᠠᠪᠤᠴᠠ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ︔ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠲᠣᠭᠲᠠᠴᠠ ᠶᠢ ᠤᠯᠠᠮ ᠴᠢᠨᠠᠭᠰᠢᠳᠠ ᠨᠠᠷᠢᠯᠢᠬᠵᠢᠭᠤᠯᠤᠨ ᠰᠢᠯᠢᠳᠡᠭᠵᠢᠭᠦᠯᠵᠦ᠂ ᠲᠡᠷᠭᠡ ᠤᠨᠤᠭ᠎ᠠ ᠶᠢ ᠠᠷᠢᠭᠤᠳᠬᠠᠬᠤ᠂ ᠲᠡᠷᠭᠡ ᠤᠨᠤᠭ᠎ᠠ ᠶᠢ ᠬᠠᠮᠢᠶᠠᠷᠬᠤ᠂ ᠨᠢᠭᠡᠳᠦᠭᠡᠷ ᠹᠷᠣᠨᠲ ᠤᠨ ᠬᠥᠮᠦᠰ ᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠣᠳᠠᠲᠠᠢ ᠠᠳᠬᠤᠵᠤ᠂ ᠨᠠᠷᠢᠯᠢᠭ ᠠᠳᠬᠤᠵᠤ᠂ ᠰᠡᠷᠭᠡᠶᠢᠯᠡᠯᠲᠡ ᠶᠢᠨ ᠬᠡᠷᠡᠮ ᠢ ᠪᠠᠲᠤ ᠴᠣᠭᠴᠠᠯᠠᠵᠤ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ︔ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠶ ᠬᠡᠵᠦ ᠱᠠᠭᠠᠷᠳᠠᠪᠠ  ᠃    ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ᠂ ᠯᠢᠦ ᡁᠢ ᠫᠢᠩ ᠱᠠᠭᠠᠷᠳᠠᠭᠰᠠᠨ ᠨᠢ᠂ ᠠᠵᠤ ᠠᠬᠤᠶᠢᠯᠠᠯ ᠵᠢᠴᠢ ᠬᠤᠯᠪᠣᠭᠳᠠᠯ ᠪᠥᠬᠦᠶ ᠬᠠᠷᠢᠭᠤᠴᠠᠯᠭᠠᠲᠤ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠵᠤ᠂ ᠡᠷᠬᠡᠪᠰᠢ ᠲᠣᠭᠲᠠᠭᠰᠠᠨ ᠬᠤᠭᠤᠴᠠᠭᠠᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠬᠡᠷᠡᠭᠲᠡᠶ᠂ ᠬᠤᠯᠪᠣᠭᠳᠠᠯ ᠪᠥᠬᠦᠶ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠴᠠᠭ ᠲᠤᠬᠠᠶ ᠳᠤᠨᠢ ᠮᠥᠷᠳᠡᠨ ᠵᠢᠯᠣᠭᠤᠳᠴᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ ᠂ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠶ ᠬᠢᠭᠰᠡᠨ ᠥᠬᠡᠶ᠂ ᠬᠠᠷᠢᠭᠤᠴᠠᠯᠭ᠎ᠠ ᠪᠠᠨ ᠴᠠᠭ ᠲᠤᠬᠠᠶ ᠳᠤᠨᠢ ᠪᠡᠶᠡᠯᠡᠭᠦᠯᠦᠭᠰᠡᠨ ᠥᠬᠡᠶ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠪᠡ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号