ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠣᠭᠠᠷ ᠬᠤᠭᠤᠴᠠᠭᠠᠨ ᠤ  ᠵᠦᠪᠯᠡᠯᠭᠡᠨ ᠤ ᠲᠠᠪᠤᠳᠤᠭᠠᠷ ᠬᠤᠷᠠᠯᠳᠤᠭᠠᠨ ᠲᠤᠰᠬᠠᠶ ᠰᠡᠳᠦᠪᠲᠦ ᠲᠠᠶᠢᠯᠤᠮᠵᠢ ᠬᠢᠪᠠ
ᠨᠡᠶᠢᠲᠡᠯᠡᠭᠰᠡᠨ ᠴᠠᠭ᠄
2021/6/18
        6 ᠰᠠᠷ᠎ᠠ ᠶᠢᠨ 17 ᠤ ᠡᠳᠦᠷ᠂ ᠤᠳᠠᠯ ᠥᠬᠡᠶ ᠬᠤᠷᠠᠯᠳᠤᠬᠤ ᠭᠡᠵᠦ ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠣᠭᠠᠷ ᠬᠤᠭᠤᠴᠠᠭᠠᠨ ᠤ  ᠵᠦᠪᠯᠡᠯᠭᠡᠨ ᠤ ᠲᠠᠪᠤᠳᠤᠭᠠᠷ ᠬᠤᠷᠠᠯᠳᠤᠭᠠᠨ ᠲᠤᠰᠬᠠᠶ ᠰᠡᠳᠦᠪᠲᠦ ᠲᠠᠶᠢᠯᠤᠮᠵᠢ ᠬᠢᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠶᠣᠤ ᠸᠧᠶ ᠭᠦᠸᠧ ᠲᠠᠶᠢᠯᠤᠮᠵᠢ ᠶᠢ ᠡᠷᠭᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ  ᠲᠢᠶᠧ ᠶᠢᠨ᠂ ᠮᠠ ᠰᠦ᠋ ᠬᠤᠸᠠ᠂ ᠰᠦᠨ ᠰᠢᠶᠠᠩ ᠳ᠋ᠦᠩ ᠂ ᠵᠣᠣ ᠱᠣᠤ ᠰᠢᠶᠠ᠂  ᠰᠢᠯᠢᠨᠪᠠᠭᠠᠳᠣᠷ ᠣᠷᠣᠯᠴᠠᠵᠠᠶ᠃
  ᠤᠯᠤᠰ ᠲᠦᠷᠦ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯᠳᠤᠭᠠᠨ
   ᠯᠢᠦ ᡁᠢ ᠫᠢᠩ ᠶᠠᠷᠢᠶ᠎ᠠ ᠲᠠᠯᠪᠢᠵᠠᠢ        ᠯᠢᠦ ᡁᠢ ᠫᠢᠩ᠂ ᠤᠷᠳᠤ ᠬᠤᠭᠤᠴᠠᠭᠠᠨ ᠤ ᠲᠤᠷᠰᠢ᠂ ᠬᠤᠭᠤᠴᠠᠭ᠎ᠠ ᠪᠦᠷᠢ ᠶᠢᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠨᠢ ᠬᠤᠳᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠲᠤᠭ ᠢ ᠥᠨᠳᠥᠷ ᠮᠠᠨᠳᠤᠭᠤᠯᠵᠤ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠲᠤ ᠡᠵᠡᠮᠳᠡᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠳᠠᠯᠢ ᠪᠤᠰᠤ ᠲᠡᠦᠬᠡᠨ ᠴᠠᠭ ᠦᠶ᠎ᠡ ᠳᠤ ᠪᠣᠭᠤᠮᠲᠠ ᠶᠢᠨ ᠬᠥᠭᠵᠢᠯ ᠴᠡᠴᠡᠭᠯᠡᠯ ᠳᠤ ᠭᠠᠷᠮᠠᠭᠠᠢ ᠬᠤᠪᠢ ᠨᠡᠮᠡᠷᠢ ᠦᠵᠡᠭᠦᠯᠵᠡᠢ᠃ ᠤᠳᠠᠯ ᠦᠭᠡᠶ ᠬᠤᠷᠠᠯᠳᠤᠬᠤ ᠭᠡᠵᠦ ᠪᠠᠶᠢᠭ᠎ᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠪᠣᠯ ᠪᠦᠬᠦ ᠬᠤᠲᠠ ᠶᠢᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠂ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢ ᠪᠤᠶ ᠪᠣᠯᠭᠠᠵᠤ᠂ ︽ᠬᠤᠶᠠᠷ ᠬᠠᠯᠬᠠᠪᠴᠢ︾ ᠶᠢ ᠪᠠᠬᠢᠵᠢᠭᠦᠯᠬᠦ ᠶᠢᠨ ᠲᠥᠯᠥᠭᠡ ᠬᠤᠷᠠᠯᠳᠤᠭᠤᠯᠤᠭᠰᠠᠨ ᠤᠷᠢᠳᠤᠬᠢ ᠶᠢ ᠵᠠᠯᠭᠠᠮᠵᠢᠯᠠᠨ ᠢᠷᠡᠭᠡᠳᠦᠶ ᠶᠢ ᠨᠡᠭᠡᠭᠡᠬᠦ᠂ ᠥᠭᠡᠷᠡᠴᠢᠯᠡᠯᠲᠡ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠴᠢᠬᠤᠯᠠ ᠬᠤᠷᠠᠯᠳᠤᠭᠠᠨ ᠮᠥᠨ᠃    ᠯᠢᠦ ᡁᠢ ᠫᠢᠩ ᠴᠢᠬᠤᠯᠠᠴᠢᠯᠠᠭᠰᠠᠨ ᠨᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠨᠢ ᠶᠡᠷᠦᠩᠬᠡᠶ ᠱᠦᠵᠢ ᠰᠢ ᠶᠢᠨ ᠫᠢᠩ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠨ ᠢᠯᠡᠳᠬᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠬᠦᠳᠦᠯᠦᠨ ᠵᠢᠯᠣᠭᠤᠳᠴᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠵᠤ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃     ᠯᠢᠦ ᡁᠢ ᠫᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠠᠳᠬᠤᠵᠤ᠂ ᠬᠠᠷᠢᠴᠠᠭ᠎ᠠ ᠶᠢ ᠵᠣᠬᠢᠴᠠᠭᠤᠯᠵᠤ᠂ ᠵᠥᠷᠢᠴᠡᠯ ᠢ ᠨᠠᠮᠳᠠᠭᠤᠯᠵᠤ᠂ ᠰᠡᠵᠢᠭᠯᠡᠯ ᠢ ᠲᠠᠶᠢᠯᠵᠤ ᠲᠥᠭᠡᠷᠢᠭᠳᠡᠯ ᠢ ᠲᠠᠶᠢᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠲᠤᠰᠬᠠᠵᠤ᠂ ᠠᠷᠠᠳᠴᠢᠯᠠᠯ ᠢᠶᠠᠷ ᠵᠥᠪᠳᠡᠯᠴᠡᠬᠦ ᠶᠢ ᠥᠷᠨᠢᠭᠦᠯᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠨᠢᠭᠡ ᠪᠦᠯᠦᠭ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠤᠷᠠᠯ︾ ᠤᠨ ᠲᠥᠪ ᠴᠢᠩᠭ᠎ᠠ ᠨᠡᠷᠡᠶᠢᠳᠦᠯ ᠤᠨ ᠠᠭᠤᠯᠤᠭᠳᠠᠬᠤᠨ ᠢ ᠣᠨᠣᠪᠴᠢᠲᠠᠶ ᠡᠵᠡᠮᠰᠢᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠳᠦᠷᠢᠮ ᠠᠴᠠ ᠣᠯᠭᠤᠭᠰᠠᠨ ᠡᠭᠦᠷᠭᠡ ᠶᠢ ᠣᠨᠣᠪᠴᠢᠲᠠᠶ ᠡᠵᠡᠮᠰᠢᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠣᠨᠣᠯ ᠤᠨ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠲᠠᠰᠤᠷᠠᠯᠲᠠ ᠦᠭᠡᠶ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠰᠢ ᠶᠢᠨ ᠫᠢᠩ ᠶᠡᠷᠦᠩᠬᠡᠶ ᠱᠦᠵᠢ ᠶᠢᠨ ᠭᠤᠣᠯᠯᠠᠬᠤ ᠪᠠᠶᠢᠷᠢ ᠰᠠᠭᠤᠷᠢ ᠶᠢ ᠤᠬᠠᠮᠰᠠᠷ ᠠᠴᠠ ᠪᠠᠨ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠵᠠᠮ᠂ ᠪᠠᠶᠢᠭᠤᠯᠤᠯ᠂ ᠲᠤᠭ᠂ ᠴᠢᠭᠯᠡᠯ ᠵᠡᠷᠭᠡ ᠳᠤ ᠬᠤᠯᠪᠣᠭᠳᠠᠬᠤ ᠦᠨᠳᠦᠰᠦᠨ ᠠᠰᠠᠭᠤᠳᠠᠯ ᠤᠨ ᠲᠠᠯ᠎ᠠ ᠪᠠᠷ ᠦᠵᠡᠯ ᠰᠠᠨᠠᠭ᠎ᠠ᠂ ᠵᠣᠷᠢᠭ ᠰᠠᠨᠠᠭ᠎ᠠ᠂ ᠠᠯᠬᠤᠭ᠎ᠠ ᠪᠠᠨ ᠨᠢᠭᠡᠳᠬᠡᠵᠦ᠂ ᠢᠮᠠᠭᠲᠠ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠰᠡᠳᠬᠢᠯ ᠰᠠᠨᠠᠭ᠎ᠠ ᠪᠠᠨ ᠨᠢᠭᠡᠳᠬᠡᠵᠦ᠂ ᠠᠳᠠᠯᠢ ᠴᠢᠭᠯᠡᠯ ᠢᠶᠠᠷ ᠬᠠᠮᠲᠤ ᠪᠠᠷ ᠤᠷᠤᠭᠰᠢᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠵᠥᠪ ᠣᠨᠣᠪᠴᠢᠲᠠᠶ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ ᠶᠡᠭᠡ ᠮᠣᠷᠠᠯ ᠢ ᠮᠡᠳᠡᠵᠦ᠂ ᠨᠡᠶᠢᠲᠡ ᠶᠢᠨ ᠮᠣᠷᠠᠯ ᠢ ᠰᠠᠬᠢᠵᠤ᠂ ᠬᠤᠪᠢ ᠶᠢᠨ ᠮᠣᠷᠠᠯ ᠢ ᠴᠢᠩᠳᠠᠯᠠᠵᠤ᠂ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠬᠠᠮᠰᠠᠷ ᠠᠴᠠ ᠪᠠᠨ ︽ᠰᠠᠬᠢᠯᠭ᠎ᠠ ᠪᠠᠲᠤ︾ ᠶᠢ ᠰᠠᠬᠢᠬᠤ ᠬᠡᠷᠡᠭᠲᠡᠢ︔ ᠬᠠᠤᠯᠢ ᠶᠢ ᠴᠢᠩᠭ᠎ᠠ ᠵᠢᠷᠤᠮᠯᠠᠨ ᠲᠦᠷᠢᠮ ᠢ ᠵᠢᠷᠤᠮᠯᠠᠵᠤ᠂ ᠳᠡᠭᠡᠳᠦ ᠬᠡᠮᠵᠢᠶᠡᠨ ᠤ ᠤᠬᠠᠮᠰᠠᠷ ᠠᠴᠠ ᠪᠠᠨ ︽ᠶᠣᠰᠣ ᠲᠦᠷᠢᠮ ᠢ ᠡᠷᠬᠢᠮᠯᠡᠬᠦ︾ ᠬᠡᠷᠡᠭᠲᠡᠢ︔ ᠶᠣᠰᠣ ᠮᠣᠷᠠᠯ ᠤᠨ ᠬᠥᠮᠦᠵᠢᠯ ᠢ ᠴᠢᠬᠤᠯᠠᠴᠢᠯᠠᠵᠤ᠂ ᠳᠡᠭᠡᠳᠦ ᠬᠡᠮᠵᠢᠶᠡᠨ ᠤ ᠤᠬᠠᠮᠰᠠᠷ ᠠᠴᠠ ᠪᠠᠨ ︽ᠵᠠᠩ ᠰᠤᠷᠲᠠᠯ ᠢ ᠴᠢᠬᠤᠯᠠᠴᠢᠯᠠᠬᠤ︾ ᠬᠡᠷᠡᠭᠲᠡᠶ᠃    ᠯᠢᠦ ᡁᠢ ᠫᠢᠩ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠯᠤᠰ ᠲᠦᠷᠦ ᠶᠢᠨ ᠵᠥᠪᠯᠡᠯᠭᠡᠨ ᠤ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠮ ᠪᠣᠯᠤᠨ ᠠᠷᠠᠳ ᠲᠦᠮᠡᠨ ᠤ ᠦᠢᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠢᠯᠡᠳᠬᠡᠯ ᠢ ᠰᠠᠶᠢᠲᠤᠷ ᠬᠢᠨᠠᠨ ᠵᠥᠪᠯᠡᠵᠦ᠂ ᠬᠦᠴᠦᠨ ᠢᠶᠠᠨ ᠰᠠᠶᠢᠲᠤᠷ ᠨᠢᠭᠲᠠᠷᠠᠭᠤᠯᠬᠤ ᠬᠡᠷᠡᠭᠲᠡᠢ᠃ ᠰᠣᠩᠭᠤᠭᠤᠯᠢ ᠶᠢᠨ ᠠᠵᠢᠯ ᠢ ᠢᠳᠡᠪᠬᠢᠲᠡᠶ ᠰᠠᠶᠢᠨ ᠬᠢᠵᠦ᠂ ᠤᠯᠤᠰ ᠲᠦᠷᠦ ᠶᠢ ᠡᠷᠬᠢᠮᠯᠡᠨ᠂ ᠶᠡᠭᠡ ᠲᠠᠯ᠎ᠠ ᠶᠢ ᠬᠠᠷᠠᠭᠠᠯᠵᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠶᠡᠭᠡ ᠬᠤᠷᠠᠯ ᠢ ᠠᠷᠠᠳᠴᠢᠯᠠᠭᠰᠠᠨ᠂ ᠪᠦᠯᠬᠦᠮᠳᠡᠭᠰᠡᠨ᠂ ᠦᠨᠡᠨ ᠢ ᠪᠠᠷᠢᠮᠲᠠᠯᠠᠭᠰᠠᠨ᠂ ᠡᠷᠴᠢ ᠵᠣᠷᠢᠭ ᠢᠶᠠᠨ ᠬᠥᠪᠴᠢᠯᠡᠭᠰᠡᠨ ᠶᠡᠭᠡ ᠬᠤᠷᠠᠯ ᠪᠣᠯᠭᠠᠨ ᠬᠤᠷᠠᠯᠳᠤᠭᠤᠯᠬᠤ ᠪᠠᠷ ᠴᠢᠷᠮᠠᠶᠢᠵᠤ᠂ ᠪᠦᠬᠦ ᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠳᠠᠶᠢᠴᠢᠯᠠᠨ ᠪᠦᠯᠬᠦᠮᠳᠡᠭᠦᠯᠵᠦ ᠪᠠᠶᠢᠭᠠᠳ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠶ᠃
  ᠴᠢᠶᠣᠤ ᠸᠧᠶ ᠭᠦᠸᠧ ᠬᠤᠷᠠᠯ ᠡᠷᠭᠢᠯᠡᠪᠡ       ᠴᠢᠶᠣᠤ ᠸᠧᠶ ᠭᠦᠸᠧ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠣᠶᠤᠨ ᠴᠢᠳᠠᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠵᠥᠪᠯᠡᠯᠭᠡᠨ ᠤ ᠬᠤᠷᠠᠯᠳᠤᠭᠠᠨ ᠢ ᠰᠠᠶᠢᠲᠤᠷ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠪᠣᠯᠤᠨ ᠠᠷᠠᠳ ᠣᠯᠠᠨ ᠤ ᠬᠦᠨᠳᠦ ᠬᠦᠰᠡᠯ ᠢ ᠬᠥᠰᠡᠷᠳᠡᠭᠦᠯᠬᠦ ᠦᠭᠡᠶ ᠪᠠᠷ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠰᠠᠶᠢᠲᠤᠷ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃
    ᠯᠢᠨ ᠰᠢᠤᠸᠠᠢ ᠱᠠᠨ ᠲᠤᠰᠬᠠᠶ ᠰᠡᠳᠦᠪᠲᠦ ᠲᠠᠶᠢᠯᠤᠮᠵᠢ ᠬᠢᠪᠡ        ᠬᠤᠷᠠᠯ ᠠᠴᠠ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠣᠨᠣᠯ ᠤᠨ ᠰᠤᠳᠤᠯᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠯᠢᠨ ᠰᠢᠤᠸᠠᠢ ᠱᠠᠨ ᠢ ᠤᠷᠢᠵᠤ ᠲᠤᠰᠬᠠᠶ ᠰᠡᠳᠦᠪ ᠢᠶᠠᠷ ᠶᠠᠷᠢᠯᠴᠠᠭᠤᠯᠪᠠ᠃ ᠯᠢᠨ ᠰᠢᠤᠸᠠᠢ ᠱᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠭᠵᠢᠯᠲᠡ ᠶᠢᠨ ᠶᠠᠪᠤᠴᠠ ᠳᠠᠬᠢ ᠴᠢᠬᠤᠯᠠ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠨᠢᠭᠡᠪᠦᠷᠢ ᠳᠤ ᠡᠭᠦᠰᠦᠭᠰᠡᠨ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠢ ᠶᠠᠷᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠭᠵᠢᠨ ᠪᠤᠵᠠᠭᠠᠶᠢᠷᠠᠵᠤ᠂ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠦᠭᠰᠡᠨ ᠵᠠᠭᠤᠨ ᠵᠢᠯ ᠤᠨ ᠲᠡᠮᠡᠴᠡᠯ ᠤᠨ ᠲᠡᠦᠬᠡ ᠶᠢ ᠡᠷᠭᠢᠴᠡᠭᠦᠯᠵᠦ᠂ ᠮᠠᠨ ᠤ ᠤᠯᠤᠰ ᠤᠨ ᠤᠯᠠᠨ ᠨᠠᠮ ᠤᠨ ᠬᠠᠮᠲᠤᠷᠠᠨ ᠠᠵᠢᠯᠯᠠᠬᠤ ᠲᠦᠷᠢᠮ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠭᠳᠠᠭᠰᠠᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠪᠡ᠃ ᠲᠠᠶᠢᠯᠤᠮᠵᠢ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠬᠢᠵᠦ᠂ ᠬᠠᠵᠠᠭᠤ ᠠᠴᠠ ᠡᠰᠢ ᠲᠠᠲᠠᠵᠤ᠂ ᠬᠥᠮᠦᠰ ᠤᠨ ᠪᠠᠭ᠋ᠠᠷᠤᠯ ᠢ ᠲᠠᠲᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠨᠡᠩ ᠰᠠᠶᠢᠨ ᠢᠶᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠰᠢᠭᠲᠠᠶ ᠬᠠᠪᠰᠤᠷᠤᠯᠭ᠎ᠠ ᠪᠠ ᠰᠡᠩᠬᠡᠷᠡᠭᠦᠯᠦᠯ ᠬᠠᠩᠭᠠᠭᠰᠠᠨ ᠪᠠᠶᠢᠨ᠎ᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号