【 ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠤᠳᠠᠭᠠᠨ ᠤ ᠬᠤᠷᠠᠯ ᠬᠢᠪᠠ
ᠨᠡᠶᠢᠲᠡᠯᠡᠭᠰᠡᠨ ᠴᠠᠭ᠄
2021/6/21
        6 ᠰᠠᠷ᠎ᠠ ᠶᠢᠨ 20 ᠤ ᠡᠳᠦᠷ᠂ ᠡᠷᠢᠶᠡᠨ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠯᠢᠦ ᡁᠢ ᠫᠢᠩ᠂ ᠯᠦ ᠪᠦᠦ ᠳ᠋ᠦᠩ᠂ ᠠᠭᠤᠯᠠ᠂ ᠴᠢᠶᠣᠤ ᠸᠧᠶ ᠭᠦᠸᠧ᠂ ᠵᠢᠶᠠ ᠸᠧᠶ ᠳ᠋ᠦᠩ᠂ ᠶᠠᠨ ᠬᠤᠩ᠂ ᠶᠠᠩ ᠶᠢᠨ ᠷᠦᠢ᠂  ᠨᠠᠷᠠᠨᠳᠠᠨ᠎ᠠ᠂ ᠮᠥᠸᠧ ᠬᠤᠩ ᠵᠢᠶᠦ᠋ᠨ᠂ ᠤᠯᠠᠭᠠᠨ᠂ ᠭᠧᠩ ᡁᠢ ᠵᠢᠶᠦ᠋ᠨ᠂ ᠷᠧᠨ ᠵᠢᠶᠠᠨ ᠯᠦ᠂ ᠯᠢᠦ ᠱᠢ ᠱᠧᠩ᠂ ᠳ᠋ᠦᠩ ᠵᠢᠶᠧ ᠹᠤᠩ᠂ ᠸᠠᠩ ᠵᠢᠩ᠂ ᠰᠢᠤᠸᠠᠢ ᠸᠤᠨ ᠵᠢᠶᠦ᠋ᠨ᠂ ᠸᠠᠩ ᠠᠶ ᠮᠢᠩ᠂  ᠮᠦᠩᠬᠡᠸ᠋ᠴᠢᠷ᠂ ᠳᠠᠪᠬᠤᠷᠪᠠᠶᠠᠷ ᠬᠤᠷᠠᠯ ᠳᠤ ᠣᠷᠣᠯᠴᠠᠪᠠ᠃
   ᠬᠤᠷᠠᠯ ᠤᠨ ᠠᠬᠤᠶ ᠲᠠᠯᠠᠪᠠᠢ        ᠬᠤᠷᠠᠯ ᠳᠤ ᠣᠷᠣᠯᠴᠠᠬᠤ ᠶᠣᠰᠣᠲᠠᠢ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ 19 ᠬᠥᠮᠦᠨ᠂ ᠪᠣᠳᠠᠲᠠᠢ ᠣᠷᠣᠯᠴᠠᠭᠰᠠᠨ ᠨᠢ 19 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠠᠭᠤᠯᠠ ᠡᠷᠭᠢᠯᠡᠵᠡᠶ᠃
     ᠯᠢᠦ ᡁᠢ ᠫᠢᠩ ᠬᠤᠷᠠᠯ ᠳᠤ ᠣᠷᠣᠯᠴᠠᠪᠠ        ᠬᠤᠷᠠᠯ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠰᠢᠭᠦᠬᠦ ᠬᠤᠷᠢᠶᠠᠨ ᠤ ᠠᠵᠢᠯ ᠤᠨ ᠢᠯᠡᠳᠬᠡᠯ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠵᠢᠴᠢ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃        ᠬᠤᠷᠠᠯ ᠠᠴᠠ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠥᠰᠦᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ︵ᠲᠥᠰᠦᠯ︶ ᠶᠢ ᠰᠣᠨᠣᠰᠪᠠ᠃ 2020 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠣᠯᠤᠨ 2021 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ︵ᠲᠥᠰᠦᠯ︶᠂ 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2021 ᠣᠨ ᠤ ᠲᠥᠰᠦᠪ ᠤᠨ ᠲᠥᠰᠦᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ︵ᠲᠥᠰᠦᠯ︶ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠬᠤᠷᠠᠯ ᠠᠴᠠ ᠭᠤᠷᠪᠠᠨ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ︵ᠲᠥᠰᠦᠯ︶ ᠶᠢ ᠪᠠᠲᠤᠯᠠᠭᠰᠠᠨ ᠪᠥᠭᠡᠳ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ᠃
      ᠠᠭᠤᠯᠠ ᠬᠤᠷᠠᠯ ᠡᠷᠭᠢᠯᠡᠪᠡ        ᠬᠤᠷᠠᠯ ᠠᠴᠠ ᠶᠡᠷᠦᠩᠬᠡᠢ ᠪᠢᠯᠧᠲ ᠬᠢᠨᠠᠭᠴᠢ  ᠂ ᠪᠢᠯᠧᠲ ᠪᠦᠷᠢᠳᠬᠡᠭᠴᠢ ᠶᠢᠨ ᠨᠡᠷᠡᠰ ︵ᠲᠥᠰᠦᠯ︶ ᠢ ᠶᠠᠷᠢᠯᠴᠠᠨ ᠲᠠᠨᠢᠯᠴᠠᠭᠤᠯᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠦᠨ ᠶᠠᠷᠢᠯᠴᠠᠭᠤᠯᠬᠤ ᠪᠠᠷ ᠲᠣᠭᠲᠠᠪᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号