【 ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠪᠡ 】 ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ  ᠨᠠᠢᠮᠠᠳᠣᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯᠳᠤᠭᠠᠨ ᠠᠮᠵᠢᠯᠳᠠ ᠲᠠᠢ ᠪᠠᠷ ᠲᠡᠭᠦᠰᠪᠡ
ᠨᠡᠶᠢᠲᠡᠯᠡᠭᠰᠡᠨ ᠴᠠᠭ᠄
2021/6/21
         6 ᠰᠠᠷ᠎ᠠ ᠶᠢᠨ 20 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ  ᠨᠠᠢᠮᠠᠳᠣᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯᠳᠤᠭᠠᠨ ᠤ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠵᠠᠰᠠᠭ ᠵᠠᠬᠢᠷᠭᠠᠨ ᠤ ᠲᠥᠪ ᠤᠨ ᠲᠣᠮᠣ ᠠᠰᠠᠷ ᠤᠨ ᠮᠡᠳᠡᠭᠦᠯᠦᠯᠲᠡ ᠶᠢᠨ ᠲᠢᠩᠬᠢᠮ ᠳᠤ ᠠᠮᠵᠢᠯᠲᠠ ᠲᠠᠢ ᠲᠡᠭᠦᠰᠪᠡ᠃        ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠫᠢᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠠᠭᠤᠯᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠢᠶᠣᠤ ᠸᠧᠶ ᠭᠦᠸᠧ᠂ ᠳᠡᠳ᠋ ᠲᠡᠷᠢᠭᠦᠯᠡᠭᠴᠢ ᠯᠢᠶᠠᠩ ᠲᠢᠶᠧ ᠶᠢᠨ᠂ ᠮᠠ ᠰᠣ᠋ ᠬᠤᠸᠠ᠂ ᠰᠦᠨ ᠰᠢᠶᠠᠩ ᠳ᠋ᠦᠩ᠂ ᠵᠣᠣ ᠱᠣᠤ ᠰᠢᠶᠠ᠂ ᠪᠠᠶ ᠱᠣ᠋ ᠮᠢᠩ᠂  ᠰᠢᠯᠢᠨᠪᠠᠭᠠᠳᠣᠷ᠂ ᠢᠦᠶ ᠬᠤᠩ ᠯᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠹᠠᠨ ᠭᠤᠤ ᠶᠤᠸᠠᠨ ᠬᠤᠷᠠᠯ ᠳᠤ  ᠣᠷᠣᠯᠴᠠᠪᠠ᠃    
   
       ᠶᠡᠭᠡ ᠬᠤᠷᠠᠯ ᠤᠨ ᠲᠤᠬᠠᠶ ᠶᠢᠨ ᠲᠠᠯᠠᠪᠠᠢ        ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠬᠤᠳᠠ ᠶᠢᠨ ᠤᠳᠤᠷᠢᠳᠤᠯᠭ᠎ᠠ ᠳᠤ ᠪᠠᠰᠠ ᠵᠢᠶᠠ ᠸᠧᠢ ᠳ᠋ᠦᠩ᠂ ᠶᠠᠨ ᠬᠤᠩ᠂ ᠶᠠᠩ ᠶᠢᠨ ᠷᠦᠢ᠂  ᠨᠠᠷᠠᠨᠳᠠᠨ᠎ᠠ᠂ ᠮᠦᠸᠧ ᠬᠤᠩ ᠵᠢᠶᠦ᠋ᠨ᠂ ᠤᠯᠠᠭᠠᠨ᠂ ᠭᠧᠩ ᡁᠢ ᠵᠢᠶᠦ᠋ᠨ᠂ ᠵᠤᠤ ᠵᠢᠶᠠ ᠶᠤᠸᠠᠨ ᠪᠤᠢ᠃    
  
       ᠴᠢᠶᠣᠤ ᠸᠧᠢ ᠭᠦᠸᠧ ᠶᠠᠷᠢᠶ᠎ᠠ ᠲᠠᠯᠪᠢᠵᠠᠢ        ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠣᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯᠳᠤᠭᠠᠨ ᠳᠤ ᠣᠷᠣᠯᠴᠠᠬᠤ ᠶᠣᠰᠣᠲᠠᠶ ᠭᠡᠰᠢᠭᠦᠨ 110 ᠬᠥᠮᠦᠨ᠂ ᠪᠣᠳᠠᠲᠠᠶ ᠣᠷᠣᠯᠴᠠᠭᠰᠠᠨ ᠭᠡᠰᠢᠭᠦᠨ 93 ᠬᠥᠮᠦᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠲᠦᠷᠢᠮ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃    
  
       ᠰᠦᠨ ᠰᠢᠶᠠᠩ ᠳ᠋ᠦᠩ ᠬᠤᠷᠠᠯ ᠢ ᠡᠷᠬᠢᠯᠡᠪᠡ    ᠲᠡᠭᠦᠰᠬᠦ ᠬᠤᠷᠠᠯ ᠢ ᠰᠦᠨ ᠰᠢᠶᠠᠩ ᠳ᠋ᠦᠩ ᠡᠷᠬᠢᠯᠡᠪᠡ᠃        ᠬᠤᠷᠠᠯᠳᠤᠭᠠᠨ ᠠᠴᠠ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠤᠯᠤᠰ ᠲᠥᠷᠥ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯᠳᠤᠭᠠᠨ ᠤ ᠰᠢᠢᠳᠪᠣᠷᠢ ᠶᠢ ᠬᠢᠨᠠᠨ ᠶᠠᠷᠢᠯᠴᠠᠵᠤ ᠪᠠᠲᠤᠯᠠᠪᠠ᠃ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠤᠯᠤᠰ ᠲᠦᠷᠦ ᠶᠢᠨ ᠵᠥᠪᠯᠡᠯᠭᠡᠨ ᠤ ᠡᠷᠢᠶᠡᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯᠳᠤᠭᠠᠨ ᠤ ᠰᠠᠨᠠᠯ ᠵᠥᠪᠯᠡᠯᠭᠡ ᠶᠢᠨ ᠺᠣᠮᠢᠰ ᠤᠨ ᠮᠡᠳᠡᠭᠦᠯᠦᠯᠲᠡ᠂ ᠤᠯᠤᠰ ᠲᠦᠷᠦ ᠶᠢᠨ ᠵᠥᠪᠯᠡᠯᠭᠡᠨ ᠤ ᠡᠷᠢᠶᠡᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯᠳᠤᠭᠠᠨ ᠤ ᠤᠯᠤᠰ ᠲᠦᠷᠦ ᠶᠢᠨ ᠵᠥᠪᠯᠡᠯᠭᠡᠨ ᠤ  ᠰᠢᠢᠳᠪᠣᠷᠢ ᠳᠣᠭᠳᠠᠪᠠ᠃        ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠡᠷᠢᠶᠡᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶ᠎ᠠ ᠶᠢᠨ ᠰᠢᠯᠢᠳᠡᠭ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠯᠢᠳᠡᠭ ᠰᠠᠨᠠᠯ ᠳᠤᠷᠠᠳᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠭᠰᠡᠨ ᠲᠡᠷᠢᠭᠦᠨ ᠤ ᠨᠢᠭᠡᠴᠡ ᠶᠢ ᠬᠥᠬᠢᠭᠦᠯᠦᠨ ᠰᠠᠶᠢᠰᠢᠶᠠᠪᠠ᠃    
  
       ᠰᠢᠯᠢᠳᠡᠭ ᠳᠤᠷᠠᠳᠤᠯᠭ᠎ᠠ ᠶᠢ ᠬᠥᠬᠢᠭᠦᠯᠦᠨ ᠰᠠᠶᠢᠰᠢᠶᠠᠬᠤ    
  
       ᠤᠯᠤᠰ ᠲᠥᠷᠥ ᠶᠢᠨ ᠵᠥᠪᠯᠡᠯᠭᠡᠨ ᠤ ᠰᠢᠯᠢᠳᠡᠭ ᠰᠠᠨᠠᠯ ᠳᠤᠷᠠᠳᠤᠯᠭ᠎ᠠ ᠶᠢᠨ ᠲᠡᠷᠢᠭᠦᠨ ᠤ ᠬᠠᠷᠢᠭᠤᠴᠠᠨ ᠬᠦᠢᠴᠡᠳᠬᠡᠬᠦ ᠨᠢᠭᠡᠴᠡ    
  
       ᠰᠢᠯᠢᠳᠡᠭ ᠤᠯᠤᠰ ᠲᠥᠷᠥ ᠶᠢᠨ ᠵᠥᠪᠯᠡᠯᠭᠡᠨ ᠤ  ᠭᠡᠰᠢᠭᠦᠳ         ᠴᠢᠶᠣᠤ ᠸᠧᠶ ᠭᠦᠸᠧ ᠲᠡᠭᠦᠰᠬᠦ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠨᠢ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠰᠢᠨ᠎ᠡ ᠠᠶᠠᠨ ᠳᠠᠶᠢᠨ ᠢ ᠡᠬᠢᠯᠡᠭᠦᠯᠬᠦ ᠡᠬᠢᠯᠡᠯᠲᠡ ᠶᠢᠨ ᠵᠢᠯ ᠮᠥᠨ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ︽ᠵᠢᠷᠭᠤᠭ᠎ᠠ ᠶᠢ ᠯᠠᠪᠳᠠᠭᠤᠨ︾ ᠪᠠᠶᠢᠯᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠬᠢᠨᠠᠮᠠᠭᠠᠶ ᠭᠦᠢᠴᠡᠳᠬᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠷᠢᠮ ᠤᠨ ᠳᠠᠪᠠᠭᠤᠯᠢᠭ ᠢ  ᠴᠡᠭᠴᠡᠯᠡᠯᠳᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃        ᠴᠢᠶᠣᠤ ᠸᠧᠢ ᠭᠦᠸᠧ᠂ ᠰᠢᠨ᠎ᠡ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠠᠨᠢᠵᠤ᠂ ᠨᠡᠶᠢᠭᠡᠮ ᠤᠨ  ᠴᠡᠭᠴᠡᠯᠡᠯᠳᠠ ᠶᠢᠨ ᠰᠢᠰᠲ᠋ᠧᠮ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠤᠯᠬᠤ ᠬᠡᠷᠡᠭᠲᠡᠢ᠃ ᠲᠤᠰᠬᠠᠶ ᠵᠥᠪᠯᠡᠯᠭᠡᠨ ᠤ ᠪᠠᠶᠢᠭᠤᠯᠤᠮᠵᠢ ᠶᠢᠨ ᠳᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠳᠠ ᠶᠢᠨ ᠨᠠᠮ ᠤᠨ ᠬᠤᠷᠢᠶᠠᠨ ᠤ ᠠᠵᠢᠯ ᠢ ᠬᠠᠮᠢᠭ᠎ᠠ ᠪᠠᠶᠢᠷᠢᠯᠠᠭᠤᠯᠪᠠᠯ ᠤᠯᠤᠰ ᠲᠦᠷᠦ ᠶᠢᠨ ᠵᠥᠪᠯᠡᠯᠭᠡᠨ ᠤ ᠬᠦᠴᠦᠨ ᠢ ᠲᠡᠨᠳᠡ ᠲᠥᠪᠯᠡᠷᠡᠭᠦᠯᠵᠦ᠂ ᠭᠡᠰᠢᠭᠦᠳ ᠤᠨ ᠦᠢᠯᠡᠳᠦᠯ ᠢ ᠲᠡᠨᠳᠡ ᠬᠦᠷᠲᠡᠯ᠎ᠡ ᠪᠠᠳᠠᠷᠠᠭᠤᠯᠬᠤ ᠶᠢ ᠦᠨᠡᠨ ᠬᠦ ᠪᠡᠶᠡᠯᠡᠭᠦᠯᠵᠦ᠂ ᠬᠤᠳᠠ ᠶᠢᠨ ᠨᠠᠮ ᠤᠨ ᠬᠤᠷᠢᠶᠠᠨ ᠤ ᠵᠣᠷᠢᠯᠲᠠ ᠶᠢ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠲᠠᠨᠢᠯᠲᠠ ᠪᠠ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ︽ᠨᠡᠶᠢᠭᠡᠮᠯᠢᠭ︾ ᠤᠨ ᠬᠤᠯᠪᠣᠭᠠᠰᠤ ᠶᠢ ᠨᠡᠩ ᠴᠢᠩᠭᠠᠯᠠᠵᠤ᠂ ︽ᠬᠤᠳᠠᠯᠳᠤᠭᠠᠴᠢᠨ︾ ᠤ ᠠᠭᠤᠷ ᠠᠮᠢᠰᠬᠤᠯ ᠢ ᠨᠡᠩ ᠥᠳᠬᠡᠨ ᠪᠣᠯᠭᠠᠵᠤ᠂ ︽ᠤᠴᠢᠷ ᠲᠠᠢ ᠪᠣᠯ ᠢᠯᠡᠭᠦᠬᠡᠨ ᠵᠥᠪᠳᠡᠯᠴᠡᠵᠦ᠂ ᠤᠴᠢᠷ ᠲᠠᠢ ᠪᠣᠯ ᠰᠠᠶᠢᠲᠤᠷ ᠵᠥᠪᠳᠡᠯᠴᠡᠵᠦ᠂ ᠤᠴᠢᠷ ᠲᠠᠢ ᠪᠣᠯ ᠰᠠᠶᠢᠲᠤᠷ ᠵᠦᠪᠳᠡᠯᠴᠡᠵᠦ ᠴᠢᠳᠠᠬᠤ︾ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠶ᠃        ᠴᠢᠶᠣᠤ ᠸᠧᠢ ᠭᠦᠸᠧ᠂ ᠰᠢᠨ᠎ᠡ ᠬᠥᠭᠵᠢᠯᠲᠡ ᠶᠢ ᠠᠬᠢᠭᠤᠯᠵᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠪᠣᠯᠤᠨ ᠡᠨᠡ ᠤᠳᠠᠭ᠎ᠠ ᠶᠢᠨ ︽ᠬᠤᠶᠠᠷ ᠬᠤᠷᠠᠯ︾ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ᠂ ᠤᠨᠴᠠᠯᠢᠬᠳᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠳᠣᠲᠣᠭᠠᠳᠤ ᠬᠡᠷᠡᠭᠴᠡᠭᠡ ᠶᠢ ᠳᠠᠶᠢᠴᠢᠯᠠᠵᠤ ᠬᠡᠷᠡᠭᠯᠡᠭᠡ ᠶᠢ ᠥᠷᠭᠡᠳᠬᠡᠬᠦ ᠵᠡᠷᠭᠡ ᠬᠠᠷᠠᠯᠲᠠᠲᠤ ᠡᠭᠦᠷᠭᠡ ᠶᠢᠨ ᠲᠣᠭᠤᠷᠢᠨ ᠳᠤ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠᠬᠢ ᠶᠡᠭᠡ ᠶᠠᠪᠤᠳᠠᠯ ᠬᠦᠴᠢᠷ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠵᠥᠪᠳᠡᠯᠴᠡᠵᠦ ᠵᠠᠰᠠᠭ ᠲᠤ ᠲᠤᠰᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠪᠦᠬᠦ ᠬᠤᠳᠠ ᠶᠢᠨ ᠭᠤᠣᠯ ᠠᠵᠢᠯ ᠲᠠᠢ ᠰᠡᠳᠬᠢᠯ ᠰᠠᠨᠠᠭ᠎ᠠ ᠪᠠᠨ ᠨᠢᠭᠡᠳᠬᠡᠵᠦ᠂ ᠠᠳᠠᠯᠢ ᠳᠠᠪᠲᠠᠮᠵᠢ ᠲᠠᠢ ᠪᠣᠯᠭᠠᠬᠤ ᠪᠠᠷ ᠴᠢᠷᠮᠠᠶᠢᠵᠤ᠂ ᠣᠨ ᠤ ᠵᠥᠪᠯᠡᠬᠦ ᠲᠥᠯᠥᠪᠯᠡᠭᠡ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠣᠷᠣᠯᠴᠠᠭᠴᠢ᠂ ᠠᠬᠢᠭᠤᠯᠤᠭᠴᠢ᠂ ᠬᠤᠪᠢ ᠨᠡᠮᠡᠷᠢ ᠦᠵᠡᠭᠦᠯᠦᠭᠴᠢ ᠪᠣᠯᠬᠤ ᠬᠡᠷᠡᠭᠲᠡᠢ︔ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤᠮᠳᠠ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠪᠠᠨ ᠢᠯᠡᠷᠡᠭᠦᠯᠬᠦ ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠦᠢᠯᠡᠴᠢᠯᠡᠬᠦ ᠶᠢ ᠪᠠᠷᠢᠮᠲᠠᠯᠠᠵᠤ᠂ ᠰᠡᠳᠬᠢᠯ ᠵᠣᠪᠠᠭ᠋ᠤ ᠶᠠᠪᠤᠳᠠᠯ ᠲᠠᠢ ᠨᠢᠭᠲᠠ ᠤᠶᠠᠯᠳᠤᠭᠤᠯᠤᠨ᠂ ᠪᠠᠶᠢᠴᠠᠭᠠᠨ ᠰᠤᠳᠤᠯᠵᠤ ᠵᠥᠪᠳᠡᠯᠴᠡᠬᠦ ᠪᠠ ᠪᠠᠶᠢᠴᠠᠭᠠᠨ ᠦᠵᠡᠵᠦ ᠬᠢᠨᠠᠯᠲᠠ ᠲᠠᠯᠪᠢᠬᠤ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠠᠵᠢᠯ ᠤᠨ ᠪᠡᠷᠬᠡ ᠰᠡᠳᠦᠪ ᠢ ᠬᠠᠪᠰᠤᠷᠤᠨ ᠰᠢᠢᠳᠪᠣᠷᠢᠯᠡᠵᠦ᠂ ᠠᠷᠠᠳ ᠤᠨ ᠠᠮᠢᠳᠤᠷᠠᠯ ᠤᠨ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠰᠠᠶᠢᠲᠤᠷ ᠬᠢᠬᠦ ᠶᠢ ᠲᠦᠯᠬᠢᠨ ᠠᠬᠢᠭᠤᠯᠵᠤ᠂ ᠥᠷᠭᠡᠨ ᠤᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠪᠠ︔ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠳᠤᠮᠳᠠ ᠢᠳᠡᠪᠬᠢ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠨᠢ ᠴᠢᠨᠠᠷ ᠴᠢᠨᠰᠠᠭ᠎ᠠ ᠲᠠᠢ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠬᠦᠴᠦᠨ ᠴᠢᠳᠠᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠶᠢᠨ ᠵᠥᠪ ᠴᠢᠭᠯᠡᠯ ᠢ ᠪᠠᠲᠤ ᠡᠵᠡᠮᠳᠡᠵᠦ᠂ ᠲᠦᠷᠦ ᠶᠢᠨ ᠪᠤᠳᠤᠯᠭ᠎ᠠ ᠶᠢ ᠤᠬᠠᠭᠤᠯᠬᠤ ᠠᠵᠢᠯ ᠢ ᠢᠯᠡᠭᠦᠬᠡᠨ ᠬᠢᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠰᠠᠶᠢᠨ ᠠᠷᠭ᠎ᠠ ᠪᠤᠳᠤᠯᠭ᠎ᠠ ᠶᠢ ᠢᠯᠡᠭᠦᠬᠡᠨ ᠰᠦᠪᠡᠭᠴᠢᠯᠡᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠶᠡᠭᠡ ᠪᠦᠯᠬᠦᠮᠳᠡᠯ ᠶᠡᠭᠡ ᠬᠤᠯᠪᠣᠭᠠᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠯᠴᠠᠬᠤ ᠠᠷᠭ᠎ᠠ ᠵᠠᠮ ᠢ ᠰᠢᠯᠤᠭᠤᠳᠬᠠᠨ᠂ ᠬᠡᠯᠪᠡᠷᠢ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠬᠠᠮᠤᠭ ᠤᠨ ᠥᠷᠭᠡᠨ ᠬᠡᠪᠴᠢᠶᠡᠨ ᠤ ᠬᠤᠯᠪᠣᠭᠠᠯᠠᠯ᠂ ᠬᠠᠮᠤᠭ ᠤᠨ ᠶᠡᠭᠡ ᠬᠡᠪᠴᠢᠶᠡᠨ ᠤ ᠪᠦᠯᠬᠦᠮᠳᠡᠯ᠂ ᠬᠠᠮᠤᠭ ᠤᠨ ᠶᠡᠭᠡ ᠬᠡᠮᠵᠢᠶᠡᠨ ᠤ ᠡᠶ᠎ᠡ ᠵᠣᠬᠢᠴᠠᠯ ᠢ ᠴᠢᠷᠮᠠᠶᠢᠨ ᠪᠡᠶᠡᠯᠡᠭᠦᠯᠬᠦ ᠬᠡᠷᠡᠭᠲᠡᠶ᠃        ᠴᠢᠶᠣᠤ ᠸᠧᠢ ᠭᠦᠸᠧ᠂ ᠰᠢᠨ᠎ᠡ ᠬᠡᠪ ᠨᠠᠮᠪᠠ ᠶᠢ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠳᠤᠮᠳᠠ ᠭᠡᠰᠢᠭᠦᠳ ᠤᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠭᠡᠰᠢᠭᠦᠳ ᠤᠨ ᠦᠵᠡᠯ ᠤᠬᠠᠮᠰᠠᠷ ᠢᠶᠠᠨ ᠴᠢᠩᠭᠠᠳᠬᠠᠵᠤ᠂ ᠭᠡᠰᠢᠭᠦᠳ ᠤᠨ ᠢᠷᠠᠭᠤ ᠠᠯᠳᠠᠷ ᠢ ᠨᠠᠨᠳᠢᠩᠨᠠᠵᠤ᠂ ᠭᠡᠰᠢᠭᠦᠳ ᠤᠨ ᠲᠦᠷᠢ ᠲᠥᠷᠬᠦ ᠶᠢ ᠬᠠᠮᠠᠭᠠᠯᠠᠵᠤ᠂ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠬᠡᠷᠡᠭᠲᠡᠶ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ︽ᠲᠦᠷᠪᠡᠨ ᠨᠢᠭᠡᠳᠦᠭᠡᠷ ᠹᠷᠣᠨᠲ︾ ᠤᠨ ᠪᠠᠶᠢᠷᠢ ᠲᠣᠭᠲᠠᠭᠠᠯᠲᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠳᠤ ᠣᠷᠣᠯᠴᠠᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠴᠢᠳᠠᠪᠤᠷᠢ ᠪᠠᠨ ᠴᠢᠩᠭᠠᠳᠬᠠᠬᠤ᠂ ᠦᠯᠢᠭᠡᠷ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠦᠯᠢᠭᠡᠷ ᠳᠠᠭᠤᠷᠢᠶᠠᠯ ᠪᠣᠯᠭᠠᠬᠤ ᠶᠢ ᠪᠡᠶᠡᠯᠡᠭᠦᠯᠵᠦ᠂ ᠤᠯᠤᠰ ᠲᠦᠷᠦ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠪᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠪᠠᠷ ᠪᠡᠶᠡᠯᠡᠭᠦᠯᠬᠦ ᠶᠢ ᠪᠡᠶᠡᠯᠡᠭᠦᠯᠦᠨ᠎ᠡ᠃  ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ︽ᠲᠦᠷᠪᠡᠨ ᠨᠢᠭᠡᠳᠦᠭᠡᠷ ᠹᠷᠣᠨᠲ︾ ᠤᠨ ᠪᠠᠶᠢᠷᠢ ᠲᠣᠭᠲᠠᠭᠠᠯᠲᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠳᠤ ᠣᠷᠣᠯᠴᠠᠵᠤ᠂ ᠡᠯ᠎ᠡ ᠵᠦᠢᠯ ᠤᠨ ᠡᠭᠦᠷᠭᠡ ᠪᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ ᠪᠠᠷ ᠪᠡᠶᠡᠯᠡᠭᠦᠯᠦᠨ᠎ᠡ᠃ ᠭᠡᠰᠢᠭᠦᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠭᠤᠣᠯ ᠴᠣᠭᠴᠠ ᠶᠢᠨ ᠦᠢᠯᠡᠳᠦᠯ᠂ ᠡᠲᠡᠭᠡᠳ ᠤᠨ ᠢᠯᠭᠠᠯ ᠤᠨ ᠤᠯᠠᠨ ᠲᠦᠮᠡᠨ ᠤ ᠳᠤᠮᠳᠠᠬᠢ ᠲᠥᠯᠥᠭᠡᠯᠡᠭᠴᠢ ᠶᠢᠨ ᠦᠢᠯᠡᠳᠦᠯ᠂ ᠲᠤᠬᠠᠶᠢᠯᠠᠭᠰᠠᠨ ᠠᠵᠢᠯ ᠳᠠᠬᠢ ᠳᠠᠭᠠᠭᠤᠯᠤᠭᠴᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠡᠭᠦᠨ ᠤ ᠬᠠᠮᠲᠤ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠨᠠᠮ ᠤᠨ ᠰᠠᠬᠢᠯᠭ᠎ᠠ ᠤᠯᠤᠰ ᠤᠨ ᠬᠠᠤᠯᠢ᠂ ᠤᠯᠤᠰ ᠲᠦᠷᠦ ᠶᠢᠨ ᠵᠥᠪᠯᠡᠯᠭᠡᠨ ᠤ ᠲᠦᠷᠢᠮ ᠪᠠ ᠡᠯ᠎ᠡ ᠵᠦᠢᠯ ᠤᠨ ᠲᠦᠷᠢᠮ ᠲᠣᠭᠲᠠᠭᠠᠯ ᠢ ᠵᠢᠱᠢᠶᠡᠴᠢ ᠪᠠᠷ ᠵᠢᠷᠤᠮᠯᠠᠨ ᠰᠠᠬᠢᠵᠤ᠂ ᠲᠣᠭᠲᠠᠯ ᠬᠦᠴᠦᠨ ᠲᠠᠢ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ᠂ ᠵᠢᠳᠬᠦᠯ ᠴᠢᠷᠮᠠᠶᠢᠯᠭ᠎ᠠ ᠲᠠᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号