【 ᠬᠤᠶᠠᠷ ᠬᠤᠷᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠠᠮᠵᠢᠯᠳᠠ ᠲᠠᠢ ᠪᠠᠷ ᠲᠡᠭᠦᠰᠪᠡ
ᠨᠡᠶᠢᠲᠡᠯᠡᠭᠰᠡᠨ ᠴᠠᠭ᠄
2021/6/22
        6 ᠰᠠᠷ᠎ᠠ ᠶᠢᠨ 21 ᠤ ᠡᠳᠦᠷ᠂ ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠵᠠᠰᠠᠭ ᠵᠠᠬᠢᠷᠭᠠᠨ ᠤ ᠲᠥᠪ ᠤᠨ ᠮᠡᠳᠡᠭᠦᠯᠦᠯᠲᠡ ᠶᠢᠨ ᠲᠢᠩᠬᠢᠮ ᠳᠤ ᠠᠮᠵᠢᠯᠳᠠ ᠲᠠᠢ ᠪᠠᠷ ᠦᠨᠳᠣᠷᠯᠡᠪᠡ᠃        ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠯᠢᠦ ᡁᠢ ᠫᠢᠩ᠂ ᠯᠦ ᠪᠦᠦ ᠳ᠋ᠦᠩ᠂  ᠠᠭᠤᠯᠠ᠂ ᠴᠢᠶᠣᠤ ᠸᠧᠢ ᠭᠦᠸᠧ᠂ ᠤᠯᠠᠭᠠᠨ᠂ ᠭᠧᠩ ᡁᠢ ᠵᠢᠶᠦ᠋ᠨ᠂ ᠷᠧᠨ ᠵᠢᠶᠠᠨ ᠯᠦ᠂ ᠯᠢᠦ ᠱᠢ ᠱᠧᠩ᠂ ᠰᠢᠤᠸᠠᠢ ᠸᠧᠨ ᠵᠢᠶᠦ᠋ᠨ  ᠨᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃        ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠵᠢᠶᠠ ᠸᠧᠢ ᠳ᠋ᠦᠩ᠂ ᠶᠠᠨ ᠬᠤᠩ᠂ ᠶᠠᠩ ᠶᠢᠨ ᠷᠦᠢ᠂ ᠨᠠᠷᠠᠨᠳᠠᠨ᠎ᠠ᠂ ᠮᠦᠸᠧ ᠬᠤᠩ ᠵᠢᠶᠦ᠋ᠨ᠂ ᠳ᠋ᠦᠩ ᠵᠢᠶᠧ ᠹᠧᠩ᠂ ᠸᠠᠩ ᠵᠢᠩ᠂ ᠸᠠᠩ ᠠᠢ ᠮᠢᠩ᠂ ᠮᠦᠩᠬᠡᠸᠠᠴᠢᠷ᠂ ᠳᠠᠪᠬᠤᠷᠪᠠᠶᠠᠷ ᠨᠠᠷ ᠪᠤᠢ᠃
     ᠶᠡᠭᠡ ᠬᠤᠷᠠᠯ ᠤᠨ ᠠᠬᠤᠢ ᠲᠠᠯᠠᠪᠠᠢ
   ᠠᠭᠤᠯᠠ ᠶᠠᠷᠢᠶ᠎ᠠ ᠲᠠᠯᠪᠢᠪᠠ        ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠠᠭᠤᠯᠠ ᠲᠡᠭᠦᠰᠬᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃        ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 110 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 104 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃       ᠡᠷᠢᠶᠡᠨ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ  ᠰᠢᠢᠳᠪᠣᠷᠢ︾ ︽ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠤᠬᠠᠶ  ᠰᠢᠢᠳᠪᠣᠷᠢ︾ ︽ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ  ᠰᠢᠢᠳᠪᠣᠷᠢ︾ ︽ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ 2020 ᠣᠨ ᠤ ᠲᠥᠰᠦᠪ ᠢ ᠬᠦᠢᠴᠡᠳᠬᠡᠭᠰᠡᠨ ᠪᠠᠶᠢᠳᠠᠯ ᠬᠢᠭᠡᠳ 2021 ᠣᠨ ᠤ ᠬᠤᠲᠠ ᠶᠢᠨ ᠲᠣᠰ ᠱᠠᠲᠤᠨ ᠤ ᠲᠥᠰᠦᠪ ᠤᠨ ᠲᠤᠬᠠᠶ  ᠰᠢᠢᠳᠪᠣᠷᠢ︾ ︽ᠡᠷᠢᠶᠡᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ ᠡᠷᠢᠶᠡᠨ ᠬᠤᠳᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ  ᠰᠢᠢᠳᠪᠣᠷᠢ︾ ︽ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ  ᠰᠢᠢᠳᠪᠣᠷᠢ ︾ ︽ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠷᠢᠶᠡᠨ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠶ  ᠰᠢᠢᠳᠪᠣᠷᠢ︾᠃    
   ᠰᠣᠩᠭᠤᠭᠤᠯᠢ ᠶᠢᠨ ᠪᠢᠯᠧᠲ ᠥᠭᠬᠦ        ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ᠂ ᠪᠢᠯᠧᠲ ᠪᠦᠷᠢᠳᠬᠡᠭᠴᠢ ᠶᠢᠨ ᠨᠡᠷᠡᠰ ᠢ ᠪᠠᠲᠤᠯᠠᠪᠠ᠃        ᠬᠤᠷᠠᠯ  ᠳᠡᠭᠡᠷ᠎ᠡ ᠪᠢᠯᠧᠲ ᠦᠭᠬᠦ ᠬᠡᠯᠪᠡᠷᠢ ᠪᠠᠷ 2021 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠣᠭᠲᠠᠭᠠᠵᠤ᠂ 2021 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ 4 ᠲᠦᠷᠦᠯ ᠵᠦᠢᠯ ᠢᠶᠠᠷ ᠲᠣᠭᠲᠠᠭᠠᠵᠤ᠂ ᠲᠤᠰ ᠲᠤᠰ ᠡᠷᠢᠶᠡᠨ ᠬᠤᠲᠠ ᠶᠢᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠬᠦ᠂ 2021 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ 2021 ᠣᠨ ᠤ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠬᠤ᠂ ᠬᠤᠭ ᠨᠣᠪᠰᠢ ᠶᠢ ᠰᠢᠢᠳᠪᠦᠷᠢᠯᠡᠬᠦ ᠵᠢᠴᠢ ᠤᠰᠤ ᠪᠠᠷ ᠤᠬᠢᠶᠠᠬᠤ ᠮᠠᠶ᠋ᠢᠭ ᠤᠨ ᠨᠡᠶᠢᠲᠡ ᠶᠢᠨ ᠵᠣᠷᠯᠣᠩ ᠢ ᠥᠭᠡᠷᠡᠴᠢᠯᠡᠬᠦ ᠲᠦᠷᠦᠯ ᠵᠦᠢᠯ ᠪᠣᠯᠭᠠᠬᠤ ᠪᠠᠷ ᠲᠣᠭᠲᠠᠪᠠ᠃
       ᠲᠤᠬᠠᠶ ᠶᠢᠨ ᠭᠠᠵᠠᠷ ᠲᠤᠨᠢ ᠪᠢᠯᠧᠲ ᠪᠦᠷᠢᠳᠬᠡᠬᠦ        ᠶᠡᠭᠡ ᠬᠤᠷᠠᠯ ᠠᠴᠠ ᠪᠢᠯᠧᠲ ᠥᠭᠴᠦ ᠰᠢᠤᠸᠠᠢ ᠸᠧᠨ ᠵᠢᠶᠦ᠋ᠨ ᠢ ᠡᠷᠢᠶᠡᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠪᠠ︔  ᠬᠡᠷᠡᠯᠳᠦ ᠶᠢ ᠡᠷᠢᠶᠡᠨ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠪᠠᠷ ᠲᠣᠮᠢᠯᠠᠪᠠ᠃ ᠰᠢᠤᠸᠠᠢ ᠸᠧᠨ ᠵᠢᠶᠦ᠋ᠨ᠂ ᠭᠡᠷᠡᠯᠳᠦ ᠤᠯᠤᠰ ᠤᠨ ᠰᠦᠯᠳᠡ ᠳᠤ ᠬᠠᠨᠳᠤᠭᠤᠯᠤᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠪᠠᠷ ᠦᠨᠳᠦᠰᠦᠨ ᠬᠠᠤᠯᠢ ᠳᠤ ᠲᠤᠰ ᠲᠤᠰ ᠲᠥᠪ ᠴᠢᠩᠭ᠎ᠠ ᠪᠠᠷ ᠲᠠᠩᠭᠠᠷᠢᠭᠯᠠᠪᠠ᠃  
 
   ᠷᠧᠨ ᠵᠢᠶᠠᠨ ᠯᠦ ᠲᠠᠩᠭᠠᠷᠢᠭᠯᠠᠬᠤ ᠶᠣᠰᠣᠯᠠᠯ ᠢ ᠡᠷᠬᠢᠯᠡᠪᠡ
       ᠡᠷᠢᠶᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠭᠳᠠᠭᠰᠠᠨ ᠰᠢᠤᠸᠠᠢ ᠸᠧᠨ ᠵᠢᠶᠦ᠋ᠨ ᠲᠠᠩᠭᠠᠷᠢᠭᠯᠠᠪᠠ
       ᠡᠷᠢᠶᠡᠨ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠪᠠᠷ ᠰᠣᠩᠭᠤᠭᠳᠠᠭᠰᠠᠨ ᠬᠡᠷᠡᠯᠳᠦ ᠲᠠᠩᠭᠠᠷᠢᠭᠯᠠᠪᠠ        ᠡᠯ᠎ᠡ ᠵᠦᠢᠯ ᠤᠨ ᠵᠥᠪᠯᠡᠬᠦ ᠵᠦᠢᠯ ᠢᠶᠠᠨ ᠪᠡᠶᠡᠯᠡᠭᠦᠯᠦᠭᠰᠡᠨ ᠤ ᠳᠠᠷᠠᠭ᠎ᠠ᠂ ᠠᠭᠤᠯᠠ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠤᠷᠤᠭᠰᠢᠯᠠᠬᠤ ᠠᠩᠬᠠᠨ ᠤ ᠵᠢᠯ ᠮᠥᠨ᠂ ᠪᠠᠰᠠ ᠴᠤ ᠮᠠᠨ ᠤ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠃ ᠪᠦᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠶᠡᠷᠦᠩᠬᠡᠶᠢᠯᠡᠨ ᠵᠠᠬᠢᠷᠬᠤ ᠶᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠡᠩ ᠥᠨᠳᠥᠷ ᠤᠯᠤᠰ ᠲᠦᠷᠦ ᠶᠢᠨ ᠵᠣᠭᠰᠣᠴᠠ᠂ ᠨᠡᠩ ᠴᠢᠩᠭ᠎ᠠ ᠤᠯᠤᠰ ᠲᠦᠷᠦ ᠶᠢᠨ ᠡᠭᠦᠷᠭᠡᠯᠡᠯ᠂ ᠨᠡᠩ ᠭᠦᠢᠴᠡᠳ ᠤᠯᠤᠰ ᠲᠦᠷᠦ ᠶᠢᠨ ᠢᠲᠡᠭᠡᠯ ᠢᠶᠠᠷ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠪᠦᠳᠦᠬᠡᠨ ᠪᠠᠶᠢᠭᠤᠯᠬᠤ ᠶᠢᠨ ᠲᠥᠯᠥᠭᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠪᠠᠷ ᠬᠦᠴᠦᠯᠡᠨ ᠴᠢᠷᠮᠠᠶᠢᠨ᠎ᠠ᠃
       ᠬᠠᠮᠲᠤ ᠶᠢᠨ ᠰᠡᠭᠦᠳᠡᠷ
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号