2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/6/23
                                                                                      — 2021 ᠣᠨ ᠤ 6 ᠰᠠᠷ᠎ᠠ ᠶᠢᠨ 19 ᠤ ᠡᠳᠦᠷ ᠡᠷᠢᠶᠡᠨ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ                                                                                        ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠳᠡᠭᠡᠷ᠎ᠡ                                                                                            ᠡᠷᠢᠶᠡᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠳᠠᠷᠤᠭ᠎ᠠ    ᠯᠦ ᠪᠦᠦ ᠳ᠋ᠦᠩ ᠲᠥᠯᠥᠭᠡᠯᠡᠭᠴᠢᠳ ᠡ᠄ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠣ︕ ᠬᠤᠳᠠ ᠶᠢᠨ ᠣᠯᠣᠰ ᠳᠦᠷᠦ ᠶᠢᠨ ᠵᠦᠪᠯᠡᠯᠭᠡᠨ ᠤ ᠬᠡᠰᠢᠬᠦᠳ ᠪᠣᠯᠣᠨ ᠬᠤᠷᠠᠯ  ᠳᠤ ᠰᠣᠯᠠ ᠣᠷᠣᠯᠴᠠᠭᠰᠠᠨ ᠨᠦᠬᠦᠳ ᠰᠠᠨᠠᠯ ᠢᠶᠠᠨ ᠳᠣᠷᠠᠳᠣᠭᠠᠷᠠᠢ᠃ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠤᠨ ᠬᠤᠭᠤᠴᠠᠭᠠᠨ  ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ ᠦᠩᠬᠡᠷᠡᠭᠰᠡᠨ ᠨᠢᠭᠡ ᠵᠢᠯ ᠪᠣᠯ ᠲᠦᠢᠯ ᠤᠨ ᠣᠨᠴᠠᠭᠠᠢ᠂ ᠲᠦᠢᠯ ᠤᠨ ᠬᠦᠨᠳᠦ ᠬᠡᠴᠡᠬᠦᠣ ᠰᠢᠯᠭᠠᠯᠳᠠ ᠶᠢ ᠦᠩᠬᠡᠷᠡᠭᠡᠭᠰᠡᠨ᠂ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠳᠠᠢ ᠳᠠᠭᠠᠷᠢᠯᠳᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠳᠠᠯᠠᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠪᠠᠲᠤᠯᠠᠭ᠎ᠠ ᠪᠠᠷ ᠲᠣᠭᠲᠠᠭᠤᠨ ᠢ ᠠᠬᠢᠭᠤᠯᠵᠣ᠂ ᠲᠣᠭᠲᠠᠭᠤᠨ ᠪᠠᠶᠢᠯᠭᠠᠬᠤ ᠮᠦᠷᠳᠡᠭᠡᠨ ᠣᠷᠣᠭᠰᠢᠯᠠᠨ ᠳᠠᠪᠰᠢᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠣᠰ ᠢᠯᠠᠯᠲᠠ ᠶᠢ ᠴᠢᠷᠮᠠᠶᠢᠨ ᠲᠡᠮᠡᠴᠡᠨ ᠤᠯᠪᠠ᠃ ᠪᠥᠬᠦ ᠵᠢᠯ ᠤᠨ ᠣᠷᠣᠨ ᠨᠣᠳᠤᠭ ᠤᠨ ᠦᠢᠯᠡᠳᠪᠣᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠲᠠᠢ ᠲᠡᠩᠴᠡᠭᠦᠷᠢᠴᠡᠵᠣ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 18.9% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠤᠨ ᠡᠬᠢᠨ ᠤ ᠲᠥᠰᠦᠪ ᠤᠨ 103.9% ᠳᠤ ᠬᠦᠷᠴᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠲᠣᠰ ᠲᠣᠰ 1.3% ᠪᠠ 7.5% ᠪᠠᠷ ᠨᠡᠮᠡᠭᠳᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠣᠭᠳᠠᠭᠤᠨ ᠪᠦᠭᠡᠳ ᠰᠠᠶᠢᠵᠢᠷᠠᠬᠤ ᠬᠠᠨᠳᠣᠰᠢ ᠲᠠᠢ ᠪᠣᠯᠪᠠ ᠃ ︽ᠭᠠᠳᠠᠨ᠎ᠠ ᠠᠴᠠ ᠬᠠᠯᠳᠠᠪᠣᠷᠢᠯᠠᠨ ᠣᠷᠣᠵᠣ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠳᠠᠯᠠᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ︽ᠳᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠳᠠᠶᠢᠵᠢᠭᠤᠯᠣᠨ᠂ ︽ᠬᠥᠮᠦᠨ᠂ ᠪᠣᠳᠠᠰ︾ ᠢ ᠵᠡᠷᠭᠡᠪᠡᠷ ᠰᠡᠷᠭᠡᠶᠢᠯᠡᠬᠦ ᠶᠢ ᠨᠠᠶᠢᠳᠠᠪᠤᠷᠢᠵᠢᠭᠤᠯᠪᠡ᠃ ᠪᠢᠳᠡᠭᠦᠮᠵᠢᠯᠡᠭᠰᠡᠨ ᠳᠣᠭᠤᠷᠢᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠷᠲᠡᠭᠡ ᠲᠠᠯᠠᠪᠤᠷ ᠤᠨ ᠠᠵᠢᠯ ᠤᠨ ᠡᠬᠡᠯᠵᠢ ᠰᠣᠯᠢᠯᠴᠠᠭᠴᠢ ᠶᠢᠨ ᠰᠦᠯᠵᠢᠶᠡᠨ ᠤ ᠲᠦᠷᠰᠦ ᠰᠢᠩᠭᠡᠭᠡᠯᠳᠡ ᠶᠢᠨ ᠬᠡᠯᠪᠡᠷᠢ ᠪᠠᠷ ᠠᠵᠢᠯᠯᠠᠵᠦ᠂ ᠬᠢᠯᠢ ᠪᠠᠷ ᠣᠷᠣᠵᠤ ᠭᠠᠷᠬᠤ ᠭᠠᠯᠲᠤ ᠲᠡᠷᠭᠡ ᠳᠤ ᠬᠠᠷᠢᠯᠴᠠᠨ ᠪᠢᠲᠡᠭᠦᠮᠵᠢᠯᠡᠬᠦ ᠬᠠᠭᠤᠳᠠᠰᠤ ᠨᠠᠭᠠᠬᠤ ᠶᠢ ᠬᠡᠷᠡᠭᠵᠢᠭᠦᠯᠪᠡ︔ ᠵᠠᠰᠠᠮᠠᠯ ᠵᠠᠮ ᠤᠨ ᠪᠣᠭᠤᠮᠲᠠ ᠶᠢᠨ ᠲᠡᠭ ᠺᠢᠯᠣᠮᠧᠲᠷ ᠲᠤ ᠠᠷᠢᠭᠤᠳᠬᠠᠨ ᠠᠷᠢᠯᠭᠠᠬᠤ ᠬᠠᠰᠢᠭᠤᠷ ᠭᠠᠷᠭᠠᠵᠤ᠂ ᠮᠣᠩᠭᠤᠯ ᠤᠨ ᠲᠠᠯ᠎ᠠ ᠠᠴᠠ ᠳᠣᠭᠳᠠᠭᠰᠠᠨ ᠵᠢᠯᠣᠭᠤᠴᠢᠳ ᠢ ᠳᠣᠮᠢᠯᠠᠨ ᠰᠠᠭᠤᠯᠭᠠᠵᠣ ᠬᠤᠭᠤᠷᠣᠨᠳᠣ ᠪᠠᠨ ᠬᠦᠷᠦᠯᠴᠡᠬᠦ ᠦᠭᠡᠢ ᠪᠠᠷ ᠲᠡᠷᠭᠡ ᠰᠣᠯᠢᠬᠤ ᠶᠢ ᠬᠡᠷᠡᠭᠵᠢᠭᠦᠯᠪᠡ︔ ᠭᠠᠳᠠᠭᠠᠳᠤ ᠠᠴᠠ ᠣᠷᠣᠭᠤᠯᠤᠭᠰᠠᠨ ᠬᠦᠷᠦᠬᠡᠬᠦᠷᠳᠣ ᠢᠳᠡᠭᠡᠨ ᠢ ᠵᠠᠭᠤᠨ ᠤ ᠵᠠᠭᠤ ᠪᠠᠷ ᠪᠠᠶᠢᠴᠠᠭᠠᠨ ᠰᠢᠯᠭᠠᠵᠤ ᠠᠷᠢᠭᠤᠳᠬᠠᠪᠠ᠃ ᠳᠤᠮᠳᠠᠳᠤ ᠮᠣᠩᠭᠤᠯ ᠤᠨ ᠠᠵᠢᠯ ᠢᠶᠠᠨ ᠰᠡᠷᠭᠦᠭᠡᠨ ᠦᠢᠯᠡᠳᠪᠣᠷᠢᠯᠡᠯ ᠢᠶᠠᠨ ᠰᠡᠷᠭᠦᠭᠡᠭᠰᠡᠨ ᠬᠥᠮᠦᠰ ᠢ ᠪᠣᠭᠤᠮᠲᠠ ᠪᠠᠷ ᠨᠡᠪᠳᠡᠷᠡᠭᠦᠯᠬᠦ ︽ᠰᠠᠭᠠᠳ ᠥᠬᠡᠶ ᠭᠠᠷᠴᠠ︾ ᠶᠢᠨ ᠪᠠᠷᠢᠮᠵᠢᠶᠠᠵᠢᠭᠤᠯᠣᠭᠰᠠᠨ ᠰᠢᠨᠡᠴᠢᠯᠡᠯᠳᠡ ᠶᠢ ᠳᠠᠭᠤᠰᠬᠠᠵᠣ᠂ ᠮᠣᠩᠭᠤᠯ ᠳᠤ ᠣᠴᠢᠵᠤ ᠠᠵᠢᠯ ᠢᠶᠠᠨ ᠰᠡᠷᠭᠦᠭᠡᠨ ᠦᠢᠯᠡᠳᠪᠣᠷᠢᠯᠡᠯ ᠢᠶᠠᠨ ᠰᠡᠷᠭᠦᠭᠡᠭᠰᠡᠨ 500 ᠭᠠᠷᠣᠢ ᠬᠥᠮᠦᠨ ᠢ ᠡᠮᠬᠢ ᠵᠢᠷᠤᠮ ᠲᠠᠢ ᠪᠠᠷ ᠬᠢᠯᠢ ᠪᠠᠷ ᠣᠷᠣᠭᠤᠯᠵᠣ᠂ ᠮᠣᠩᠭᠤᠯ ᠤᠯᠤᠰ ᠤᠨ 6000 ᠭᠠᠷᠤᠶ ᠬᠥᠮᠦᠨ ᠤᠳᠠᠭ᠎ᠠ ᠬᠢᠯᠢ ᠪᠠᠷ ᠭᠠᠷᠴᠤ ᠤᠯᠤᠰ ᠲᠤ ᠪᠠᠨ ᠪᠣᠴᠠᠪᠠ᠃ ᠸᠠᠺᠼᠢᠨ ᠤ ᠲᠠᠷᠢᠯᠭ᠎ᠠ ᠶᠢ 3100 ᠭᠠᠷᠤᠶ ᠬᠥᠮᠦᠨ ᠤᠳᠠᠭ᠎ᠠ ᠳᠠᠷᠢᠪᠠ᠃ ᠭᠤᠷᠪᠠᠨ ᠶᠡᠭᠡ ᠪᠣᠭᠤᠮᠳᠠ ᠰᠢᠪᠳᠣᠯᠬᠤ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠳᠠᠩᠰᠠᠯᠠᠵᠦ ᠺᠠᠷᠲᠯᠠᠭᠰᠠᠨ ᠡᠷᠦᠬᠡ ᠶᠢᠨ ᠬᠥᠮᠦᠨ ᠳᠤᠮᠳᠠᠴᠢ ᠣᠷᠣᠯᠭ᠎ᠠ 51% ᠪᠠᠷ ᠨᠡᠮᠡᠭᠳᠡᠪᠡ᠃ ︽ᠳᠠᠷᠠᠬᠠᠢ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾  39 ᠠᠵᠤ ᠠᠬᠤᠶᠢᠯᠠᠯ᠂ 5 ᠠᠵᠤ ᠦᠢᠯᠡᠳᠪᠣᠷᠢ ᠶᠢᠨ ᠵᠤᠤᠬ᠎ᠠ ᠶᠢ ᠪᠦᠲᠦᠮᠵᠢᠲᠡᠶ ᠵᠠᠰᠠᠨ᠂ ᠪᠣᠬᠢᠷ ᠤᠰᠤᠨ ᠤ ᠦᠢᠯᠡᠳᠪᠣᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠬᠡᠷᠡᠴᠢᠯᠡᠨ ᠰᠢᠨᠡᠳᠭᠡᠬᠦ ᠢᠨᠵᠧᠨᠧᠷᠢᠩ ᠢ ᠳᠠᠭᠤᠰᠬᠠᠵᠤ᠂ ᠳᠡᠭᠡᠳᠦ ᠱᠠᠲᠤᠨ ᠤ ᠣᠷᠴᠢᠨ ᠳᠣᠭᠤᠷᠢᠨ ᠤ ᠬᠠᠮᠠᠭᠠᠯᠠᠯᠲᠠ ᠶᠢᠨ  ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠪᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠮᠬᠢᠳᠬᠡᠨ ᠰᠢᠯᠢᠳᠡᠭᠵᠢᠬᠦᠯᠵᠦ᠂ ᠪᠥᠬᠦ ᠬᠤᠲᠠ ᠶᠢᠨ 26.43% ᠶᠢᠨ ᠣᠯᠣᠰ ᠤᠨ ᠨᠤᠲᠤᠭ ᠳᠡᠪᠢᠰᠬᠡᠷ ᠤᠨ ᠲᠠᠯᠠᠪᠠᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠳᠤ ᠣᠷᠣᠭᠤᠯᠪᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠨ ᠰᠢᠢᠳᠪᠣᠷᠢᠯᠡᠬᠦ ᠣᠨ ᠤ ᠡᠭᠦᠷᠭᠡ  ᠶᠢ 175% ᠪᠠᠷ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠮᠠᠷᠭᠤᠭᠠᠨ ᠥᠬᠡᠶ ᠳᠠᠩᠰᠠᠨ ᠳᠠᠬᠢ ᠮᠦᠩᠬᠦ ᠶᠢ ᠪᠦᠬᠦᠨ ᠢ ᠳᠥᠯᠥᠵᠦ ᠳᠠᠭᠤᠰᠬᠠᠨ᠂ ᠣᠷᠣᠨ ᠨᠤᠲᠤᠭ ᠤᠨ ᠬᠠᠤᠯᠢ ᠶᠢᠨ ᠡᠷᠬᠡᠳᠣ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢ 1.27 ᠳ᠋ᠦᠩᠰᠢᠭᠤᠷ ᠲᠥᠭᠦᠷᠢᠭ ᠰᠢᠢᠳᠪᠦᠷᠢᠯᠡᠪᠡ᠃ᠠᠵᠤ ᠠᠬᠤᠶ ᠶᠢᠨ ᠡᠷᠭᠢᠯᠳᠡ ᠲᠣᠭᠲᠠᠭᠤᠨ ᠮᠦᠷᠳᠡᠭᠡᠨ ᠣᠷᠣᠭᠰᠢᠯᠠᠯᠳᠠ ᠲᠠᠢ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠣᠷᠢᠯᠡᠯ ᠢᠶᠠᠨ ᠰᠡᠷᠭᠦᠭᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠵᠢᠭᠡᠯᠡᠯᠭᠡ ᠶᠢᠨ ᠲᠡᠮᠳᠡᠭᠲᠦ ᠶᠢ 9 ᠳ᠋ᠦᠩᠰᠢᠭᠤᠷ ᠲᠥᠭᠦᠷᠢᠭ ᠬᠦᠬᠡᠬᠡᠴᠡᠯᠳᠦᠨ ᠣᠯᠵᠣ᠂ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠣᠭᠰᠠᠨ ᠬᠡᠮᠵᠢᠶ᠎ᠡ 4652 ᠭᠠᠷᠤᠶ ᠲᠦᠮᠡᠨ ᠲᠥᠭᠦᠷᠢᠭ ᠲᠤ ᠬᠦᠷᠪᠡ᠃ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠭᠪᠤᠷ ᠲᠤ ᠰᠢᠨ᠎ᠡ ᠶᠢ ᠡᠭᠦᠳᠴᠦ᠂ ︽ᠬᠢᠯᠢ ᠶᠢᠨ ᠠᠷᠠᠯᠵᠢᠶᠠᠨ ᠤ e ᠵᠢᠭᠡᠯᠡᠯᠭᠡ︾ ᠶᠢ ᠡᠬᠢᠯᠡᠭᠦᠯᠦᠨ᠂ 1.8 ᠳ᠋ᠦᠩᠰᠢᠭᠤᠷ ᠲᠥᠭᠦᠷᠢᠭ ᠤᠨ ︽ᠳᠣᠰᠠᠯᠠᠨ ᠪᠠᠳᠣᠯᠠᠬᠤ ᠵᠢᠭᠡᠯᠡᠯᠭᠡ︾ ᠶᠢ ᠲᠠᠷᠬᠠᠭᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠬᠤᠷᠠᠮᠳᠣᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠨᠠᠮᠳᠠᠭᠤᠯᠪᠠ᠃ ᠲᠡᠮᠦᠷ ᠵᠠᠮ ᠤᠨ ᠪᠣᠭᠤᠮᠲᠠ ᠶᠢᠨ ᠬᠢᠯᠢ ᠶᠢᠨ ᠪᠠᠶᠢᠴᠠᠭᠠᠯᠲᠠ ᠶᠢᠨ ᠲᠠᠯᠠᠪᠠᠶ ᠶᠢᠨ ᠴᠢᠳᠠᠮᠵᠢ ᠶᠢ ᠦᠷᠭᠡᠳᠭᠡᠨ ᠰᠢᠨᠡᠳᠭᠡᠬᠦ ᠲᠦᠷᠦᠯ ᠵᠦᠢᠯ  ᠢ ᠬᠡᠷᠡᠭᠵᠢᠭᠦᠯᠦᠨ᠂ ᠡᠳ᠋ ᠪᠠᠷᠠᠭ᠎ᠠ ᠶᠢ ᠪᠣᠭᠤᠮᠲᠠ ᠪᠠᠷ ᠨᠡᠪᠳᠡᠷᠡᠭᠦᠯᠬᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠢ ᠡᠬᠢᠯᠡᠨ ᠬᠡᠷᠡᠭᠯᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1897 ᠲᠦᠮᠡᠨ ᠲᠣᠨ ᠳᠤ ᠬᠦᠷᠴᠦ᠂ 3.5% ᠪᠠᠷ ᠨᠡᠮᠡᠭᠳᠡᠪᠡ︔ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠱᠤᠭᠤᠮ ᠨᠡᠮᠡᠭᠳᠡᠭᠡᠳ 43 ᠵᠤᠷᠪᠤᠰ ᠪᠣᠯᠵᠣ᠂ 2384 ᠴᠤᠪᠤᠭ᠎ᠠ ᠭᠠᠯᠲᠤ ᠲᠡᠷᠭᠡ ᠶᠢ ᠰᠢᠯᠭᠠᠨ ᠨᠡᠪᠳᠡᠷᠡᠬᠦᠯᠵᠦ᠂ 60% ᠪᠠᠷ ᠨᠡᠮᠡᠭᠳᠡᠪᠡ᠃ ᠵᠢᠶᠦ᠋ᠨ ᠸᠧᠶ ᠲᠡᠮᠦᠷ ᠤᠨ ᠬᠦᠳᠡᠷ᠂ ᠬᠤᠤ ᠲᠢᠶᠠᠨ ᠠᠮᠤ ᠲᠣᠰᠣ ᠡᠳ᠋ᠰᠢᠭᠦᠯᠬᠦ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠣᠷᠢ ᠶᠢᠨ ᠦᠢᠯᠡᠳᠬᠦᠨ ᠤ ᠥᠷᠲᠡᠭ 11.1 ᠳ᠋ᠦᠩᠰᠢᠭᠤᠷ ᠲᠥᠭᠦᠷᠢᠭ ᠬᠦᠷᠴᠦ᠂ 10.8% ᠪᠠᠷ ᠨᠡᠮᠡᠭᠳᠡᠪᠡ᠃ ᠤᠯᠤᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠳᠣᠭᠤᠷᠢᠭ ᠵᠦᠪᠰᠢᠶᠡᠷᠡᠯ ᠣᠯᠵᠣ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠳᠣᠭᠤᠷᠢᠭ ᠤᠨ ᠠᠩᠬᠠᠨ ᠤ ᠳᠦᠯᠦᠪ ᠪᠦᠷᠢᠯᠳᠦᠵᠦ᠂ ᠤᠯᠤᠰ ᠤᠨ ᠡᠬᠦᠳᠠ ᠦᠵᠡᠮᠵᠢ ᠶᠢᠨ ᠣᠷᠣᠨ ᠢ ᠲᠠᠰ ᠳᠡᠪᠰᠢᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ᠃ ᠳᠠᠬᠢᠨ ᠰᠡᠷᠬᠦᠭᠡᠵᠦ ᠪᠣᠯᠬᠤ ᠡᠨᠧᠷᠭᠢ ᠶᠢᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠲᠦᠷᠦᠯ ᠵᠦᠢᠯ ᠤᠨ 110 ᠺᠢᠯᠣᠸᠠᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ 2 ᠲᠦᠮᠡᠨ ᠺᠢᠯᠣᠸᠠᠲ ᠤᠨ ᠭᠡᠷᠡᠯ ᠤᠨ ᠴᠠᠬᠢᠯᠭᠠᠨ᠂ 4 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠴᠠᠬᠢᠯᠭᠠᠨ ᠰᠦᠯᠵᠢᠶᠡᠨ ᠳᠤ ᠬᠤᠯᠪᠣᠵᠣ᠂ ᠪᠦᠬᠦ ᠵᠢᠯ ᠤᠨ ᠴᠡᠪᠡᠷ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ 7.3 ᠳ᠋ᠦᠩᠰᠢᠭᠤᠷ ᠺᠢᠯᠣᠸᠠᠲ ᠴᠠᠭ ᠬᠦᠷᠪᠡ  ᠃ ᠬᠥᠭᠵᠢᠯᠲᠡ ᠶᠢᠨ ᠬᠥᠳᠡᠯᠭᠡᠬᠦ ᠬᠦᠴᠦᠨ ᠦᠷᠭᠦᠯᠵᠢᠯᠡᠨ ᠴᠢᠩᠭᠠᠷᠠᠪᠠ᠃ ᠴᠢᠨᠠᠷ ᠰᠠᠶᠢᠲᠠᠶ ᠬᠥᠭᠵᠢᠯᠲᠡ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠲᠤ ᠨᠡᠶᠢᠲᠡ 8.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠬᠢᠪᠡ᠃ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠠᠸᠠᠷ ᠢ ᠭᠠᠳᠠᠭᠠᠳᠤ ᠠᠴᠠ ᠣᠷᠣᠭᠤᠯᠵᠤ ᠲᠤᠬᠠᠶ ᠶᠢᠨ ᠭᠠᠵᠠᠷ ᠲᠤᠨᠢ ᠡᠳ᠋ᠰᠢᠭᠦᠯᠬᠦ ᠲᠤᠷᠰᠢᠯᠲᠠ ᠶᠢᠨ ᠴᠡᠭ ᠤᠨ ᠵᠦᠪᠰᠢᠶᠡᠷᠡᠯ ᠣᠯᠵᠣ᠂ ᠬᠢᠯᠢ ᠶᠢᠨ ᠢᠷᠭᠡᠳ ᠤᠨ ᠬᠤᠷᠰᠢᠶ᠎ᠠ ᠪᠠ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠢ 41 ᠪᠠᠶᠢᠭᠤᠯᠵᠤ᠂ ᠲᠤᠬᠠᠶ ᠶᠢᠨ ᠭᠠᠵᠠᠷ ᠲᠤᠨᠢ ᠡᠳ᠋ᠰᠢᠭᠦᠯᠬᠦ 10 ᠠᠵᠤ ᠠᠬᠤᠶᠢᠯᠠᠯ ᠢ ᠦᠨᠡᠯᠡᠨ ᠳᠣᠭᠳᠠᠭᠠᠪᠠ᠃ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠪᠥᠬᠦ ᠶᠠᠪᠤᠴᠠ ᠶᠢ ᠡᠯᠧᠺᠲᠷᠦᠨᠴᠢᠯᠠᠬᠤ ᠶᠢ ᠪᠡᠶᠡᠯᠡᠭᠦᠯᠦᠨ᠂ ᠠᠵᠤ ᠠᠬᠤᠶᠢᠯᠠᠯ ᠨᠡᠬᠡᠬᠡᠨ ᠡᠷᠬᠢᠯᠡᠬᠦ ᠭᠠᠷᠳᠠᠮ ᠢ ᠬᠦᠢᠴᠡᠳᠬᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠢᠴᠡᠳᠬᠡᠬᠦ ᠴᠠᠭ ᠤᠨ ᠬᠢᠵᠠᠭᠠᠷ ᠢ 50% ᠠᠴᠠ ᠢᠯᠡᠬᠦᠣ ᠪᠠᠷ ᠪᠣᠭᠤᠨᠢᠰᠬᠠᠪᠠ᠃ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠶᠠᠪᠤᠴᠠ ᠶᠢ ᠰᠢᠯᠢᠳᠡᠭᠵᠢᠭᠦᠯᠵᠦ᠂ ᠪᠣᠭᠤᠮᠲᠠ ᠪᠠᠷ ᠨᠡᠪᠳᠡᠷᠡᠭᠦᠯᠬᠦ ᠴᠠᠭ ᠢ 60% ᠠᠴᠠ ᠳᠡᠭᠡᠭᠰᠢ  ᠪᠣᠭᠤᠨᠢᠰᠬᠠᠪᠠ᠃ᠬᠤᠳᠠ ᠬᠥᠳᠡᠭᠡ ᠶᠢᠨ ᠲᠦᠷᠢ ᠲᠦᠷᠬᠦ ᠶᠡᠭᠡ ᠪᠠᠷ ᠰᠠᠶᠢᠵᠢᠷᠠᠪᠠ᠃ 3 ᠳ᠋ᠦᠩᠰᠢᠭᠤᠷ ᠰᠢᠬᠠᠮ ᠲᠥᠭᠦᠷᠢᠭ ᠤᠨ ᠪᠠᠯᠠ ᠣᠷᠣᠭᠤᠯᠵᠤ᠂ ᠭᠤᠷᠪᠠᠳᠣᠭᠠᠷ ᠤᠰᠤᠨ ᠤ ᠦᠢᠯᠡᠳᠪᠣᠷᠢ ᠶᠢᠨ ᠤᠰᠤ ᠳᠠᠮᠵᠢᠭᠤᠯᠬᠤ ᠬᠤᠭᠤᠯᠠᠶ ᠱᠤᠭᠤᠮ᠂ ᠬᠤᠲᠠ ᠲᠣᠭᠤᠷᠢᠭ ᠤᠨ ᠴᠠᠬᠢᠯᠭᠠᠨ ᠬᠦᠷᠭᠡᠬᠦ ᠱᠤᠭᠤᠮ᠂ ᠭᠤᠳᠣᠮᠵᠢ ᠶᠢᠨ ᠵᠠᠮ ᠢ ᠰᠡᠯᠪᠢᠨ ᠵᠠᠰᠠᠬᠤ ᠵᠡᠷᠭᠡ ᠢᠨᠵᠧᠨᠧᠷᠢᠩ ᠢ ᠳᠠᠭᠤᠰᠬᠠᠨ᠂ 22 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠭᠡᠬᠦ᠂ 72 ᠰᠠᠭᠤᠭᠠᠯᠢ ᠲᠣᠭᠤᠷᠢᠭ ᠤᠨ ᠰᠠᠭᠤᠷᠢ ᠲᠦᠭᠦᠭᠡᠷᠦᠮᠵᠢ ᠶᠢ ᠢᠵᠢ ᠪᠦᠷᠢᠳᠦᠭᠦᠯᠬᠦ ᠪᠥᠲᠥᠭᠡᠨ ᠪᠠᠶᠢᠭᠤᠯᠤᠯᠲᠠ ᠶᠢ ᠳᠠᠭᠤᠰᠬᠠᠪᠠ᠃ ᠡᠬᠡ ᠬᠠᠭᠤᠷᠠᠶ ᠶᠢᠨ ᠬᠥᠭᠦᠷᠭᠡ ᠴᠡᠴᠡᠷᠯᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠳᠠᠭᠤᠰᠬᠠᠨ ᠠᠰᠢᠭᠯᠠᠯᠲᠠ ᠳᠤ ᠣᠷᠣᠭᠤᠯᠪᠠ᠃ ︽ᠵᠢᠷᠭᠤᠭᠠᠨ ᠶᠡᠭᠡ ᠰᠢᠪᠳᠣᠯᠣᠯᠳᠠ︾᠂ ︽ᠨᠠᠢᠮᠠᠨ ᠲᠦᠷᠦᠯ ᠤᠨ ᠴᠡᠭᠴᠡᠯᠡᠯᠳᠠ ︾ ᠶᠢᠨ ᠠᠵᠢᠯᠯᠠᠭ᠎ᠠ ᠶᠢ ᠪᠠᠶᠢᠩᠭᠤᠵᠢᠭᠤᠯᠣᠨ ᠥᠷᠨᠢᠭᠦᠯᠵᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠳᠠ᠂ ᠪᠦᠬᠦ ᠤᠯᠤᠰ ᠤᠨ ᠰᠠᠭᠠᠳ ᠦᠭᠡᠢ ᠣᠷᠴᠢᠨᠳᠦ ᠵᠢᠱᠢᠶ᠎ᠡ ᠦᠵᠡᠭᠦᠯᠬᠦ ᠬᠤᠳᠠ ᠪᠠ ᠪᠦᠬᠦ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ ᠢᠶᠠᠷ ᠵᠥᠪᠰᠢᠶᠡᠷᠡᠭᠳᠡᠵᠦ᠂ ᠤᠯᠤᠰ ᠤᠨ ᠢᠳᠡᠭᠡᠨ ᠤ ᠵᠦᠢᠯ ᠤᠨ ᠠᠮᠣᠷ ᠳᠦᠪᠰᠢᠨ ᠤ ᠵᠢᠱᠢᠶ᠎ᠡ ᠦᠵᠡᠭᠦᠯᠬᠦ ᠬᠤᠳᠠ᠂ ᠤᠯᠠᠨ ᠤᠯᠤᠰ ᠤᠨ ᠡᠷᠡᠭᠦᠯ ᠬᠠᠮᠠᠭᠠᠯᠠᠯ ᠤᠨ ᠡᠭᠡ ᠬᠠᠭᠤᠷᠠᠶ ᠶᠢᠨ ᠭᠠᠷᠠᠮ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠡᠶᠡᠯᠡᠭᠦᠯᠵᠦ᠂ 11 ᠴᠠᠬᠢᠯᠭᠠᠨ ᠬᠦᠳᠡᠯᠭᠡᠬᠦᠷᠳᠦ ᠮᠠᠰᠢᠨ ᠬᠤᠳᠳᠤᠭ ᠢ ᠰᠢᠨ᠎ᠡ ᠪᠠᠷ ᠮᠠᠯᠲᠠᠵᠤ᠂ 321 ᠡᠷᠦᠬᠡ ᠶᠢᠨ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠵᠦ᠂ 120 ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠭᠡᠵᠣ ᠠᠰᠢᠭᠯᠠᠯᠳᠠ ᠳᠤ ᠣᠷᠣᠭᠤᠯᠵᠤ᠂ 858 ᠮᠠᠯᠴᠢᠨ ᠳᠤ ᠠᠰᠢᠭ ᠬᠦᠷᠲᠡᠭᠡᠪᠡ᠃ ᠠᠷᠠᠳ ᠲᠦᠮᠡᠨ ᠤ ᠵᠣᠯ ᠵᠢᠷᠭᠠᠯ ᠢᠯᠡᠳᠲᠡ ᠨᠡᠮᠡᠭᠳᠡᠪᠡ᠃ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠵᠠᠷᠤᠯᠭ᠎ᠠ ᠨᠢ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 68.4% ᠠᠴᠠ ᠳᠡᠭᠡᠭᠰᠢᠬᠢ ᠶᠢ ᠡᠵᠡᠯᠡᠪᠡ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠳᠡᠮᠵᠢᠯᠭᠡ ᠶᠢ ᠴᠢᠩᠭᠠᠳᠬᠠᠵᠤ᠂ ᠪᠦᠬᠦ ᠵᠢᠯ ᠳᠤ 1165 ᠬᠥᠮᠦᠨ ᠳᠤ ᠰᠢᠨ᠎ᠡ ᠪᠠᠷ ᠠᠵᠢᠯ ᠣᠯᠭᠤᠪᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠬᠠᠮᠣᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ 2493 ᠬᠦᠮᠦᠨ ᠰᠢᠨ᠎ᠡ ᠪᠠᠷ ᠨᠠᠰᠤᠵᠢᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠪᠠ᠃ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠨ᠂ ᠠᠯᠪᠠᠨ ᠠᠴᠠ ᠡᠷᠭᠢᠯᠡᠭᠰᠡᠨ ᠬᠢᠳᠡᠳ ᠦᠨᠳᠦᠰᠦᠳᠡᠨ ᠪᠠ ᠴᠦᠬᠡᠨ ᠳᠣᠭᠠᠳᠣ ᠦᠨᠳᠣᠰᠣᠳᠡᠨ ᠬᠤᠯᠢᠯᠳᠣᠭᠰᠠᠨ ᠬᠡᠤᠬᠡᠳ ᠤᠨ ᠴᠡᠴᠡᠷᠯᠢᠭ ᠢ 1 ᠰᠢᠨ᠎ᠡ ᠪᠠᠷ ᠨᠡᠮᠡᠭᠳᠡᠭᠦᠯᠵᠣ᠂ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠬᠥᠬᠡ ᠲᠠᠰ ᠤᠨ ᠬᠡᠤᠬᠡᠳ ᠤᠨ ᠴᠡᠴᠡᠷᠯᠢᠭ ᠢᠶᠠᠷ ᠦᠨᠡᠯᠡᠭᠳᠡᠪᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠳᠡ ᠶᠢ ᠡᠷᠡᠰ ᠭᠤᠶᠢᠪᠢᠰᠢ ᠥᠬᠡᠶ ᠬᠡᠷᠡᠭᠵᠢᠭᠦᠯᠵᠦ᠂ ᠪᠥᠬᠦ ᠠᠶᠢᠮᠠᠭ ᠲᠤ ᠬᠠᠮᠤᠭ ᠲᠡᠷᠢᠭᠦᠨ ᠳᠤ ᠬᠡᠪ ᠤᠨ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠰᠡᠷᠬᠦᠭᠡᠭᠰᠡᠨ ᠪᠠᠶᠢᠨ᠎ᠠ᠃ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ PCR ᠲᠤᠷᠰᠢᠯᠲᠠ ᠶᠢᠨ ᠲᠠᠰᠤᠭ ᠢ ᠠᠰᠢᠭᠯᠠᠯᠲᠠ ᠳᠤ ᠣᠷᠣᠭᠤᠯᠵᠤ᠂ ᠡᠪᠡᠳᠴᠢᠨ ᠬᠢᠵᠢᠭ ᠢ ᠤᠷᠢᠳᠴᠢᠯᠠᠨ ᠰᠡᠷᠭᠡᠶᠢᠯᠡᠬᠦ ᠢᠨᠵᠧᠨᠧᠷᠢᠩ ᠤᠨ ᠠᠵᠢᠯ ᠢ ᠳᠠᠭᠤᠰᠬᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ᠂ ᠨᠠᠭᠠᠳᠣ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠭᠤᠤᠯ ᠪᠣᠯᠬᠤ ᠬᠦᠢᠴᠡᠳᠬᠡᠯ ᠲᠤᠭ᠎ᠠ ᠣᠷᠣᠨ ᠠᠶᠢᠮᠠᠭ ᠤᠨ ᠡᠮᠦᠨ᠎ᠡ ᠡᠩᠨᠡᠭᠡᠨ ᠳᠤ ᠵᠢᠭᠰᠠᠭᠠᠭᠳᠠᠬᠤ ᠶᠢ ᠪᠠᠳᠣᠯᠠᠪᠠ᠃ ︽ᠠᠮᠣᠷ ᠳᠠᠶᠢᠪᠣᠩ ᠡᠷᠢᠶᠡᠨ︾ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠪᠥᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠ ᠥᠬᠡᠶ︾ ᠬᠤᠲᠠ ᠪᠠᠷ ᠦᠨᠡᠯᠡᠭᠳᠡᠪᠡ᠃ ᠴᠡᠷᠢᠭ ᠤᠨ ᠠᠯᠪᠠᠨ ᠠᠴᠠ ᠪᠠᠭᠤᠭᠰᠠᠨ 21 ᠴᠡᠷᠢᠭ ᠪᠠᠶᠢᠯᠳᠤᠭᠴᠢ ᠶᠢ ᠲᠣᠬᠢᠲᠠᠶ ᠲᠥᠪᠬᠢᠨᠡᠭᠦᠯᠵᠦ᠂ ᠳᠠᠷᠠᠭᠠᠯᠠᠨ ᠳᠦᠷᠪᠡ ᠣᠳᠠᠭ᠎ᠠ ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢᠨ ︽ᠮᠠᠩᠯᠠᠶᠢᠯᠠᠭᠴᠢ︾ ᠶᠢᠨ ᠢᠷᠠᠭᠤ ᠠᠯᠳᠠᠷ ᠢ ᠭᠥᠷᠳᠡᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ 2 ᠨᠢᠭᠡᠴᠡ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠣᠯᠪᠠ᠃ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠳᠠᠭᠤᠰᠬᠠᠵᠣ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠪᠠᠶᠢᠴᠠᠭᠠᠯᠲᠠ ᠱᠠᠲᠤ ᠦᠶᠡᠴᠢ ᠴᠢᠨᠠᠷᠳᠠᠢ ᠦᠷ᠎ᠡ ᠪᠦᠳᠦᠮᠵᠢ ᠣᠯᠪᠠ᠃ᠲᠥᠯᠥᠭᠡᠯᠡᠭᠴᠢᠳ ᠡ᠂ ᠴᠠᠭ ᠦᠶ᠎ᠡ ᠪᠠᠭᠠᠳᠣᠷᠴᠣᠳ ᠢ ᠪᠦᠳᠦᠬᠡᠵᠦ᠂ ᠬᠦᠴᠢᠷ ᠪᠡᠷᠭᠡ ᠠᠮᠵᠢᠯᠳᠠ ᠶᠢ ᠬᠤᠷᠠᠶᠢᠯᠠᠳᠠᠭ ᠃ ᠥᠩᠭᠡᠷᠡᠭᠰᠡᠨ ᠲᠠᠪᠤᠨ ᠵᠢᠯ ᠢ ᠡᠷᠬᠢᠴᠡᠬᠦᠯᠪᠡᠯ᠂ ᠪᠢᠳᠡ ᠰᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠮᠡᠬᠡᠶᠢᠯᠡᠨ ᠲᠠᠪᠰᠢᠵᠥ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠠᠷᠠᠯᠲᠠ ᠶᠢ ᠶᠡᠷᠦᠩᠬᠡᠢ ᠳᠡᠭᠡᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠰᠢᠢᠳᠪᠦᠷᠢᠲᠦ ᠴᠢᠨᠠᠷᠲᠠᠢ ᠠᠮᠵᠢᠯᠲᠠ ᠪᠦᠲᠦᠮᠵᠢ ᠤᠯᠪᠠ᠃ ᠲᠠᠪᠤᠨ ᠵᠢᠯ ᠤᠨ ᠲᠤᠷᠰᠢ᠂ ᠠᠵᠤ ᠠᠬᠤᠶ ᠶᠢᠨ ᠬᠥᠭᠵᠢᠯᠲᠡ ᠲᠣᠭᠲᠠᠭᠤᠨ ᠮᠦᠷᠳᠡᠭᠡᠨ ᠣᠷᠣᠭᠰᠢᠯᠠᠨ ᠳᠠᠪᠰᠢᠵᠣ᠂ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠣᠷᠣᠨ ᠨᠣᠳᠤᠭ ᠤᠨ ᠦᠢᠯᠡᠳᠪᠣᠷᠢᠯᠡᠯ ᠤᠨ ᠶᠡᠷᠦᠩᠬᠡᠢ ᠥᠷᠲᠡᠭ ᠵᠢᠯ ᠪᠦᠷᠢ ᠳᠤᠮᠳᠠᠴᠢ ᠪᠠᠷ 3.9% ᠪᠠᠷ ᠨᠡᠮᠡᠭᠳᠡᠪᠡ︔ ᠲᠠᠪᠤᠨ ᠵᠢᠯ ᠳᠤ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠳᠡ 20.29 ᠳ᠋ᠦᠩᠰᠢᠭᠤᠷ ᠲᠥᠭᠦᠷᠢᠭ ᠲᠤ ᠬᠦᠷᠪᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ 114 .75 ᠳ᠋ᠦᠩᠰᠢᠭᠤᠷ ᠲᠥᠭᠦᠷᠢᠭ ᠲᠤ ᠬᠦᠷᠪᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠶ ᠦᠷᠳᠡᠭ ᠵᠢᠯ ᠪᠦᠷᠢ ᠳᠤᠮᠳᠠᠴᠢ ᠪᠠᠷ 2.5%  ᠪᠠᠷ ᠨᠡᠮᠡᠭᠳᠡᠪᠡ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠯ ᠪᠦᠷᠢ ᠳᠤᠮᠳᠠᠴᠢ ᠪᠠᠷ 3.9% ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ 1612 ᠪᠠᠶᠢᠭᠰᠠᠨ ᠠᠴᠠ ᠪᠠᠨ ᠨᠡᠮᠡᠭᠳᠡᠭᠡᠳ 2155 ᠪᠤᠯᠵᠤ᠂ ᠬᠢᠯᠢ ᠪᠠᠷ ᠥᠩᠭᠡᠷᠡᠬᠦ ᠳᠤᠮᠳᠠᠳᠤ ᠧᠦ᠋ᠷᠣᠫᠠ ᠶᠢᠨ ᠡᠭᠡᠯᠵᠢ  ᠶᠢᠨ ᠭᠠᠯᠲᠤ ᠲᠡᠷᠭᠡ ᠪᠦᠬᠦ ᠤᠯᠤᠰ ᠤᠨ ᠶᠡᠷᠦᠩᠬᠡᠢ ᠬᠡᠮᠵᠢᠶᠡᠨ ᠤ 20% ᠶᠢ ᠡᠵᠡᠯᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ᠂ ᠠᠷᠠᠯᠵᠢᠶᠠᠨ ᠤ ᠦᠷᠳᠡᠭ ᠵᠢᠯ ᠪᠦᠷᠢ ᠳᠤᠮᠳᠠᠴᠢ ᠪᠠᠷ 6.2%᠂ 6.5% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠣᠷᠢ ᠶᠢᠨ ᠦᠢᠯᠡᠳᠬᠦᠨ ᠤ ᠥᠷᠲᠡᠭ ᠵᠢᠯ ᠪᠦᠷᠢ ᠳᠤᠮᠳᠠᠴᠢ ᠪᠠᠷ 1.1% ᠪᠠᠷ ᠨᠡᠮᠡᠭᠳᠡᠵᠦ᠂ ᠦᠢᠯᠡᠳᠬᠦᠨ ᠤ ᠶᠡᠷᠦᠩᠬᠡᠶ ᠥᠷᠲᠡᠭ 38.24 ᠳ᠋ᠦᠩᠰᠢᠭᠤᠷ ᠲᠥᠭᠦᠷᠢᠭ ᠲᠤ ᠬᠥᠷᠪᠡ᠃ ᠲᠠᠪᠤᠨ ᠵᠢᠯ ᠤᠨ ᠲᠤᠷᠰᠢ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠵᠣ᠂ ᠨᠡᠭᠡᠭᠡᠯᠲᠡ ᠶᠢᠨ ᠲᠦᠪᠰᠢᠨ ᠪᠦᠬᠦ ᠲᠠᠯ᠎ᠠ ᠪᠠᠷ ᠳᠡᠭᠡᠭᠰᠢᠯᠡᠪᠡ᠃ ᠤᠯᠤᠰ ᠤᠨ ᠭᠤᠤᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠲᠤᠷᠰᠢᠯᠲᠠ ᠶᠢᠨ ᠳᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠡᠯᠡᠯᠴᠡᠭᠡᠷ ᠲᠤ ᠠᠯᠪᠠᠨ ᠶᠣᠰᠣ ᠪᠠᠷ ᠭᠠᠷ ᠤᠨ ᠦᠰᠦᠭ ᠵᠢᠷᠣᠪᠠ᠃ ᠠᠷᠠᠳ ᠤᠨ ᠵᠣᠭᠤᠰ ᠬᠢᠭᠡᠳ ᠮᠣᠩᠭᠤᠯ ᠲᠥᠭᠦᠷᠢᠭ ᠤᠨ ᠪᠡᠯᠡᠨ ᠵᠣᠭᠤᠰ ᠰᠣᠯᠢᠬᠤ᠂ ᠬᠢᠯᠢ ᠠᠯᠤᠰᠯᠠᠨ ᠰᠢᠯᠵᠢᠭᠦᠯᠦᠨ ᠲᠤᠰᠢᠶᠠᠬᠤ᠂ ᠪᠡᠯᠡᠨ ᠵᠣᠭᠤᠰᠣᠨ ᠤ ᠭᠤᠪᠢᠭᠤᠯᠭ᠎ᠠ ᠬᠢᠬᠦ ᠶᠢ ᠪᠥᠬᠦ ᠤᠯᠤᠰ ᠲᠤ ᠬᠠᠮᠤᠭ ᠲᠦᠷᠦᠭᠦᠨ ᠳᠤ ᠪᠡᠶᠡᠯᠡᠭᠦᠯᠵᠦ᠂ ᠪᠥᠬᠦ ᠤᠯᠤᠰ ᠤᠨ ᠠᠩᠬᠠᠳᠠᠭᠴᠢ ᠮᠣᠩᠭᠤᠯ ᠣᠯᠣᠰ ᠲᠤ ᠬᠠᠨᠳᠣᠭᠤᠯᠣᠭᠰᠠᠨ ᠠᠷᠠᠳ ᠤᠨ ᠵᠣᠭᠤᠰ ᠤᠨ ᠬᠢᠯᠢ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠲᠥᠪ ᠢ ᠪᠠᠶᠢᠭᠤᠯᠪᠠ᠃ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠲᠦᠷᠢᠮ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠦᠷᠢᠮ ᠵᠡᠷᠭᠡ ᠶᠢᠨ ᠥᠭᠡᠷᠡᠴᠢᠯᠡᠯᠲᠡ ᠪᠥᠬᠦ ᠣᠷᠣᠨ ᠤ ᠡᠮᠦᠨ᠎ᠡ ᠡᠩᠨᠡᠬᠡᠨ ᠳᠤ  ᠵᠢᠭᠰᠠᠭᠠᠭᠳᠠᠭᠰᠠᠨ ᠪᠠᠶᠢᠨ᠎ᠠ᠃ ᠮᠣᠩᠭᠤᠯ ᠤᠷᠤᠰ ᠯᠤᠭ᠎ᠠ ᠶᠢᠨ ᠬᠠᠮᠲᠤᠷᠠᠯᠴᠠᠭᠠᠨ ᠤ ᠳᠣᠭᠳᠠᠯᠴᠠᠭ᠎ᠠ ᠳᠤ ᠰᠢᠨ᠎ᠡ ᠶᠢ ᠡᠭᠦᠳᠴᠦ᠂ ᠮᠣᠩᠭᠤᠯ ᠤᠷᠤᠰ ᠤᠨ 20 ᠭᠠᠷᠤᠢ ᠭᠠᠵᠠᠷ ᠣᠷᠣᠨ ᠲᠠᠢ ᠨᠥᠬᠦᠷᠰᠡᠭ ᠢᠶᠠᠷ ᠬᠠᠮᠳᠣᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ︽ᠡᠷᠢᠶᠡᠨ ᠬᠤᠳᠠ ᠶᠢᠨ ᠴᠢᠭᠤᠯᠭ᠎ᠠ ᠠᠭᠤᠯᠵᠠᠯᠳᠠ︾ ᠨᠢ ᠭᠤᠷᠪᠠᠨ ᠤᠯᠤᠰ ᠤᠨ ᠣᠷᠣᠨ ᠨᠣᠳᠤᠭ ᠤᠨ ᠬᠤᠭᠤᠷᠣᠨᠳᠣᠬᠢ ᠴᠢᠬᠤᠯᠠ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠪᠣᠯᠪᠠ᠃ ᠭᠠᠳᠠᠭᠠᠳᠤ ᠶᠢᠨ ᠬᠠᠷᠢᠶᠠᠲᠤ ᠢᠷᠭᠡᠳ ᠤᠨ ᠰᠤᠷᠭᠠᠭᠤᠯᠢ ᠳᠤ ᠰᠠᠭᠤᠬᠤ᠂ ᠡᠪᠡᠳᠴᠢᠨ ᠦᠵᠡᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠶᠢᠨ ᠬᠠᠷᠢᠶᠠᠲᠤ ᠰᠣᠷᠣᠭᠴᠢ ᠶᠢ ᠨᠡᠶᠢᠲᠡ 8700 ᠭᠠᠷᠤᠶ ᠬᠦᠮᠦᠨ ᠢ ᠭᠥᠯᠢᠶᠡᠨ ᠠᠪᠴᠤ᠂ ᠮᠣᠩᠭᠤᠯ ᠤᠯᠤᠰ ᠤᠨ ᠡᠪᠡᠳᠴᠢᠲᠡᠨ ᠢ ᠨᠡᠶᠢᠲᠡ 3600 ᠭᠠᠷᠤᠶ ᠬᠥᠮᠦᠨ ᠤᠳᠠᠭ᠎ᠠ ᠭᠥᠯᠢᠶᠡᠨ ᠠᠪᠴᠤ ᠣᠨᠣᠰᠢᠯᠠᠨ ᠡᠮᠨᠡᠪᠡ᠃ ᠲᠠᠪᠤᠨ ᠵᠢᠯ ᠤᠨ ᠲᠤᠷᠰᠢ᠂ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠳᠡᠭᠦᠯᠳᠡᠷᠵᠢᠭᠦᠯᠵᠣ᠂ ᠬᠤᠲᠠ ᠬᠥᠳᠡᠭᠡ ᠶᠢᠨ ᠣᠷᠴᠢᠨ ᠳᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠡᠷᠢᠶᠡᠨ— ᠮᠠᠨᠳᠠᠯᠳᠣ ᠱᠤᠭᠤᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠢ ᠥᠷᠭᠡᠳᠬᠡᠨ ᠪᠠᠶᠢᠭᠤᠯᠵᠤ᠂ ᠮᠤᠵᠢ ᠶᠢᠨ ᠳᠡᠰ ᠤᠨ ᠵᠠᠰᠠᠮᠠᠯ ᠵᠠᠮ ᠤᠨ 312 ᠱᠤᠭᠤᠮ ᠤᠨ ᠡᠷᠢᠶᠡᠨ ᠤ ᠬᠡᠰᠡᠭ ᠪᠠ ᠬᠦᠨᠳᠦ ᠠᠴᠢᠶᠠᠨ ᠤ ᠵᠠᠯᠭᠠᠯᠲᠠ ᠶᠢᠨ ᠱᠤᠭᠤᠮ ᠤᠨ ᠵᠠᠰᠠᠮᠠᠯ ᠵᠠᠮ ᠢ ᠵᠠᠰᠠᠨ ᠳᠠᠭᠤᠰᠬᠠᠵᠤ ᠲᠡᠷᠭᠡ ᠨᠡᠪᠲᠡᠷᠡᠭᠦᠯᠦᠨ᠂ ᠡᠷᠢᠶᠡᠨ— ᠭᠤᠸ᠋ᠩᠵᠸᠦ ᠴᠢᠭᠯᠡᠯ ᠤᠨ ᠦᠨᠳᠦᠷ ᠬᠤᠷᠳᠤᠴᠠᠲᠤ ᠵᠠᠰᠠᠮᠠᠯ ᠵᠠᠮ ᠤᠨ ᠡᠷᠢᠶᠡᠨ ᠠᠴᠠ ᠰᠠᠶᠢᠬᠠᠨᠳᠠᠯ᠎ᠠ ᠬᠦᠷᠬᠦ ᠬᠡᠰᠡᠭ᠂ ᠤᠯᠤᠰ ᠤᠨ ᠳᠡᠰ ᠤᠨ ᠵᠠᠰᠠᠮᠠᠯ ᠵᠠᠮ ᠤᠨ 331 ᠱᠤᠭᠤᠮ ᠤᠨ ᠡᠷᠢᠶᠡᠨ ᠠᠴᠠ ᠠᠶᠢᠷᠠᠭ ᠬᠡᠶᠢᠳ ᠬᠦᠷᠬᠦ ᠬᠡᠰᠡᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠳᠠ  ᠶᠢᠨ ᠠᠵᠢᠯ ᠢ ᠡᠬᠢᠯᠡᠬᠦᠯᠪᠡ᠃ ᠲᠡᠮᠦᠷ ᠵᠠᠮ ᠤᠨ ᠴᠢᠩᠭᠡᠯᠢᠭ ᠢ ᠰᠣᠯᠢᠵᠤ ᠤᠭᠰᠠᠷᠠᠬᠤ ᠠᠵᠢᠯ ᠤᠨ ᠲᠠᠯᠠᠪᠤᠷ ᠤᠨ ᠥᠭᠡᠷᠡᠴᠢᠯᠡᠯᠲᠡ ᠰᠢᠨᠡᠴᠢᠯᠡᠯᠳᠡ ᠶᠢ ᠳᠠᠭᠤᠰᠬᠠᠪᠠ᠃ ᠰᠠᠶᠢᠬᠤᠰᠦ ᠨᠢᠰᠬᠡᠯ ᠤᠨ ᠪᠠᠭᠤᠳᠠᠯ ᠤᠨ ᠤᠯᠠᠨ ᠤᠯᠤᠰ ᠤᠨ ᠠᠭᠠᠷ ᠠᠶᠠᠯᠠᠯ ᠤᠨ ᠠᠰᠠᠷ ᠢ ᠠᠰᠢᠭᠯᠠᠯᠲᠠ ᠳᠤ ᠣᠷᠣᠭᠤᠯᠪᠠ᠃ 15 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠣᠨ ᠬᠤᠲᠠ ᠶᠢᠨ ᠰᠠᠭᠤᠷᠢ ᠲᠥᠬᠦᠭᠡᠷᠦᠮᠵᠢ᠂ ᠵᠢᠭᠤᠯᠴᠢᠳ ᠤᠨ ᠦᠢᠯᠡᠴᠢᠯᠡᠭᠡᠨ ᠤ ᠲᠥᠪ᠂ ᠤᠯᠤᠰ ᠤᠨ ᠡᠬᠦᠳᠠ ᠦᠵᠡᠮᠵᠢ ᠶᠢᠨ ᠣᠷᠣᠨ᠂ ᠠᠪᠤᠷᠭᠤ ᠭᠦᠷᠪᠡᠯ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠶᠡᠷᠦᠩᠬᠡᠶᠢᠯᠡᠭᠰᠡᠨ ᠮᠦᠽᠧᠶ ᠵᠡᠷᠭᠡ ᠵᠢᠭᠤᠯᠴᠢᠯᠠᠯ ᠤᠨ ᠲᠥᠬᠦᠭᠡᠷᠦᠮᠵᠢ ᠶᠢ ᠲᠠᠰ ᠳᠡᠪᠰᠢᠬᠦᠯᠦᠨ ᠲᠡᠭᠦᠯᠳᠡᠷᠵᠢᠭᠦᠯᠪᠡ᠃ ᠰᠠᠶᠢᠬᠤᠰᠦ ᠭᠠᠴᠠᠭ᠎ᠠ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠪᠠ ᠪᠦᠬᠦ ᠤᠯᠤᠰ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠪᠡ᠃ ᠲᠠᠪᠤᠨ ᠵᠢᠯ ᠤᠨ ᠲᠤᠷᠰᠢ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠢᠯᠡᠳᠲᠡ ᠰᠠᠶᠢᠵᠢᠷᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠤ ᠪᠦᠬᠦ ᠲᠠᠯ᠎ᠠ ᠶᠢᠨ ᠢᠯᠠᠯᠲᠠ ᠶᠢ ᠣᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠪᠣᠯᠣᠨGDP ᠵᠡᠷᠭᠡᠪᠡᠷ ᠦᠰᠪᠡ᠃ 3986 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 2.5% ᠶᠢᠨ ᠳᠣᠲᠣᠷ᠎ᠠ ᠬᠢᠵᠠᠭᠠᠷᠯᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠪᠦᠬᠦ ᠳᠠᠯ᠎ᠠ ᠪᠠᠷ ᠬᠡᠷᠡᠭᠵᠢᠬᠦᠯᠵᠦ᠂ ᠠᠵᠢᠯ ᠠᠯᠳᠠᠯᠲᠠ ᠶᠢᠨ ᠳᠠᠭᠠᠳᠬᠠᠯ ᠪᠠ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠲᠣᠰ ᠲᠣᠰ 85%᠂ 100% ᠳᠤ ᠬᠦᠷᠪᠡ᠃ ᠤᠯᠠᠨ ᠤᠯᠤᠰ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠦᠨᠳᠦᠰᠦᠲᠡᠨ ᠤ ᠬᠡᠦᠬᠡᠳ ᠤᠨ ᠴᠡᠴᠡᠷᠯᠢᠭ ᠢ ᠪᠠᠶᠢᠭᠤᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠬᠦᠭᠵᠢᠭᠦᠯᠬᠦ ᠰᠢᠯᠭᠠᠨ ᠪᠠᠶᠢᠴᠠᠭᠠᠯᠳᠠ ᠶᠢ ᠦᠩᠬᠡᠷᠡᠬᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠬᠦᠨᠵᠡᠭᠡᠶᠢᠷᠡᠭᠦᠯᠦᠨ ᠠᠬᠢᠭᠤᠯᠵᠦ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠲᠦᠷᠭᠡᠨ ᠠᠪᠤᠷᠠᠯᠳᠠ ᠶᠢᠨ ᠲᠥᠪ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠤᠯᠠᠭᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠣᠲᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠠᠭᠠᠨᠮᠥ᠋ᠴᠢᠷ ᠤᠨ ᠰᠠᠭᠤᠷᠢ ᠲᠦᠭᠦᠭᠡᠷᠦᠮᠵᠢ ᠶᠢᠨ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠵᠣ᠂ ᠪᠥᠬᠦ ᠬᠤᠲᠠ ᠶᠢᠨ ᠭᠤᠷᠪᠠᠨ ᠱᠠᠳᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠦᠯᠵᠢᠶ᠎ᠡ ᠦᠨᠳᠦᠰᠦᠨ ᠳᠡᠭᠡᠨ ᠪᠦᠷᠢᠯᠳᠦᠪᠡ᠃ ᠲᠠᠪᠤᠨ ᠵᠢᠯ ᠤᠨ ᠲᠤᠷᠰᠢ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠣ᠂ ᠵᠠᠰᠠᠭ ᠵᠠᠬᠢᠷᠭᠠᠨ ᠤ ᠴᠢᠳᠠᠮᠵᠢ ᠨᠡᠩ ᠥᠨᠳᠥᠷ ᠪᠦᠲᠦᠮᠵᠢᠲᠡᠶ ᠪᠣᠯᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠵᠤ᠂ ︽ᠬᠤᠶᠠᠷ ᠢ ᠰᠤᠷᠤᠯᠴᠠᠵᠦ ᠬᠢᠷᠢ ᠳᠡᠩᠴᠡᠭᠰᠡᠨ ᠨᠠᠮ ᠤᠨ ᠬᠡᠰᠢᠬᠦᠨ ᠪᠣᠯᠬᠤ︾ ᠰᠤᠷᠤᠯᠴᠠᠯᠭ᠎ᠠ ᠬᠥᠮᠦᠵᠢᠯ ᠪᠣᠯᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠦᠷᠨᠢᠭᠦᠯᠦᠨ᠂ ᠠᠯᠪᠠᠨ ᠳᠣᠰᠢᠶᠠᠯᠳᠠᠳ ᠤᠨ ︽ᠲᠦᠷᠪᠡᠨ ᠤᠬᠠᠮᠰᠠᠷ︾ ᠨᠡᠩ ᠪᠠᠬᠢᠵᠢᠵᠦ᠂ ︽ᠲᠦᠷᠪᠡᠨ ᠢᠲᠡᠭᠡᠯ︾ ᠨᠡᠩ ᠪᠠᠲᠤᠵᠢᠵᠤ᠂ ︽ᠬᠤᠶᠠᠷ ᠢ ᠬᠠᠮᠠᠭᠠᠯᠠᠬᠤ︾ ᠤᠬᠠᠮᠰᠠᠷ ᠨᠡᠩ ᠳᠡᠭᠡᠭᠰᠢᠯᠡᠪᠡ᠃ ᠲᠥᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠰᠢᠨ᠎ᠡ ᠰᠤᠷᠲᠠᠯ ᠢ ᠪᠤᠢ ᠪᠣᠯᠭᠠᠬᠤ ᠪᠠᠷ ᠴᠥᠬᠦᠷᠡᠰᠢ ᠦᠭᠡᠢ ᠴᠢᠷᠮᠠᠶᠢᠵᠤ᠂ ᠪᠢᠴᠢᠭ ᠮᠠᠲ᠋ᠧᠷᠢᠶᠡᠯ ᠢ ᠴᠣᠮᠬᠠᠳᠬᠠᠨ ᠬᠤᠷᠠᠯ ᠢ ᠴᠥᠭᠡᠳᠬᠡᠵᠦ᠂ ︽ᠭᠤᠷᠪᠠᠨ ᠠᠯᠪᠠᠨ︾  ᠤ ᠵᠠᠷᠣᠳᠠᠯ ᠢ ᠦᠷᠭᠦᠯᠵᠢᠯᠡᠨ ᠪᠠᠭᠠᠰᠬᠠᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ᠂ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠬᠦᠢᠴᠡᠳᠬᠡᠵᠦ ᠬᠠᠷᠢᠭᠤᠯᠳᠠ ᠦᠭᠪᠡ᠃ ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠨᠠᠨ ᠪᠤᠳᠤᠯᠳᠠ᠂ ᠭᠠᠵᠠᠷ ᠬᠥᠳᠡᠯᠦᠯᠲᠡ ᠴᠠᠭ ᠠᠭᠤᠷ᠂ ᠰᠢᠦᠳᠠᠨ ᠬᠤᠯᠪᠣᠭ᠎ᠠ ᠴᠢᠮᠡᠭᠡ ᠨᠡᠪᠳᠡᠷᠡᠯᠭᠡ᠂ ᠷᠠᠳᠢᠣ᠋ ᠲᠧᠯᠸᠢᠰ᠂ ᠵᠡᠮᠳᠡᠭᠴᠦᠳ ᠢ ᠲᠤᠰᠠᠯᠠᠬᠤ ᠪᠣᠶᠠᠨ ᠤ ᠦᠢᠯᠡᠰ᠂ ᠡᠮᠡᠭᠲᠡᠶᠢᠴᠦᠳ ᠬᠡᠦᠬᠡᠳ᠂ ᠵᠠᠯᠠᠭᠤᠴᠤᠳ ᠪᠠᠭᠠᠴᠤᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠠᠬᠠᠮᠠᠳ ᠺᠠᠳ᠋ᠷ ᠪᠣᠯᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠴᠥᠮ ᠰᠢᠨ᠎ᠡ ᠠᠬᠢᠴᠠ ᠲᠠᠢ ᠪᠣᠯᠪᠠ᠃ ᠲᠥᠯᠥᠭᠡᠯᠡᠭᠴᠢᠳ ᠡ᠂ ᠲᠠᠪᠤᠨ ᠵᠢᠯ ᠤᠨ ᠠᠮᠵᠢᠯᠲᠠ ᠪᠦᠲᠦᠮᠵᠢ ᠶᠢᠨ ᠢᠷᠡᠯᠳᠠ ᠬᠢᠯᠪᠠᠷ ᠪᠣᠰᠦ᠂ ᠲᠠᠪᠤᠨ ᠵᠢᠯ ᠤᠨ ᠬᠥᠭᠵᠢᠯᠲᠡ ᠶᠢᠨ ᠵᠠᠮ ᠰᠠᠷᠠᠭᠤᠯ ᠳᠠᠷᠳᠠᠩ ᠪᠣᠰᠦ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠳᠣ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠴᠢᠷ ᠪᠡᠷᠬᠡ ᠶᠢ ᠬᠠᠮᠲᠤᠪᠠᠷ ᠲᠤᠭᠤᠯᠵᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠳᠠ ᠶᠢᠨ ᠵᠠᠰᠠᠭ ᠤᠨ ᠣᠷᠳᠣᠨ ᠢ ᠲᠦᠯᠦᠬᠡᠯᠡᠨ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠣᠭᠠᠴᠢᠳ  ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ ᠪᠦᠯᠬᠦᠮ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠦᠬᠦᠳ᠂ ᠬᠤᠳᠠ ᠳᠤ ᠰᠠᠭᠤᠭ᠎ᠠ ᠴᠡᠷᠢᠭ ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ ᠪᠣᠯᠤᠨ ᠬᠤᠳᠠ ᠳᠤ ᠰᠠᠭᠤᠭ᠎ᠠ ᠡᠯ᠎ᠡ ᠨᠢᠭᠡᠴᠡ᠂ ᠡᠷᠢᠶᠡᠨ ᠬᠤᠳᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠲᠡᠭᠦᠨ ᠳᠤ ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠲᠥᠯᠥᠭᠡᠯᠡᠭᠴᠢᠳ ᠡ᠂ ᠠᠮᠵᠢᠯᠲᠠ ᠪᠢᠳᠡᠨ ᠳᠤ ᠢᠲᠡᠭᠡᠯ ᠣᠯᠭᠤᠵᠤ᠂ ᠠᠰᠠᠭᠤᠳᠠᠯ ᠪᠢᠳᠡᠨ ᠳᠤ ᠬᠦᠳᠡᠯᠭᠡᠬᠦ ᠬᠦᠴᠦ ᠦᠭᠳᠡᠭ᠄ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠠᠭᠠᠷᠢᠯᠲᠠ ᠪᠠ ᠨᠥᠯᠥᠭᠡ ᠶᠢ ᠣᠬᠤᠷᠬᠠᠨ ᠬᠤᠭᠤᠴᠠᠭᠠᠨ ᠤ ᠳᠣᠲᠣᠷ᠎ᠠ ᠠᠷᠢᠯᠭᠠᠬᠤ ᠳᠤ ᠪᠡᠷᠬᠡ᠂ ᠪᠣᠭᠤᠮᠲᠠ ᠶᠢᠨ ᠭᠠᠳᠠᠭᠰᠢ ᠴᠢᠭᠯᠡᠭᠰᠡᠨ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠨᠡᠩ ᠤᠯᠠᠨ ᠳᠣᠭᠳᠠᠭᠤᠨ ᠪᠤᠰᠤ ᠬᠦᠴᠦᠨ ᠵᠦᠢᠯ ᠲᠤᠯᠭᠠᠷᠠᠵᠤ ᠪᠠᠶᠢᠨ᠎ᠠ︔ ᠣᠨᠴᠠᠯᠢᠠᠠᠳᠣ ᠣᠳᠣᠷᠢᠳᠣᠮᠵᠢᠳᠣ ᠠᠵᠦ ᠦᠢᠯᠡᠰ ᠤᠨ ᠬᠡᠪᠴᠢᠶ᠎ᠡ ᠶᠡᠭᠡ ᠪᠢᠰᠢ ᠪᠠ ᠪᠦᠲᠦᠴᠡ ᠨᠢ ᠰᠢᠯᠢᠳᠡᠭ ᠪᠤᠰᠤ ᠪᠠᠶᠢᠳᠠᠯ ᠵᠡᠷᠭᠡᠪᠡᠷ ᠣᠷᠣᠰᠢᠵᠤ᠂ ᠣᠷᠣᠨ ᠪᠠᠶᠢᠷᠢ ᠶᠢᠨ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠲᠠᠪᠴᠠᠩ ᠤᠨ ᠳᠠᠪᠠᠭᠤᠯᠢᠭ ᠤᠨ ᠦᠢᠯᠡᠳᠦᠯ ᠢ ᠬᠠᠷᠠᠬᠠᠨ ᠭᠦᠢᠴᠡᠳ ᠪᠠᠳᠠᠷᠠᠭᠤᠯᠤᠭ᠎ᠠ ᠦᠭᠡᠢ ᠪᠠᠶᠢᠭᠰᠠᠭᠠᠷ︔ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠨᠢ ᠰᠢᠯᠣᠭᠤᠬᠠᠨ ᠪᠢᠰᠢ ᠂ ᠤᠰᠤᠨ ᠤ ᠡᠬᠢ ᠪᠠᠶᠠᠯᠢᠭ ᠳᠤᠲᠠᠮᠠᠭ ᠪᠠᠶᠢᠬᠤ ᠵᠡᠷᠭᠡ ᠪᠣᠭᠤᠮᠢ ᠬᠢᠵᠠᠭᠠᠷᠯᠠᠯ ᠤᠨ ᠠᠰᠠᠭᠤᠳᠠᠯ ᠮᠦᠨ ᠯᠡ ᠣᠷᠣᠰᠢᠭᠰᠠᠭᠠᠷ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ ᠪᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠪᠠᠭᠤᠷᠠᠶ ᠵᠦᠢᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠦᠷᠭᠦᠯᠵᠢᠯᠡᠨ ᠬᠦᠴᠦ ᠳᠠᠯᠪᠢᠨ ᠴᠢᠷᠮᠠᠶᠢᠨ ᠳᠡᠮᠡᠴᠡᠵᠦ᠂ ᠨᠠᠷᠢᠨ ᠬᠢᠨᠠᠮᠠᠭᠠᠢ ᠰᠢᠢᠳᠪᠦᠷᠢᠯᠡᠬᠦ ᠴᠢᠬᠤᠯᠠᠳᠠᠢ᠃ ᠬᠤᠶᠠᠷ᠂  ︽ᠠᠷᠪᠠᠨ ᠳᠥᠷᠪᠡᠳᠦᠭᠡᠷ ᠲᠠᠪᠤᠨ ᠵᠢᠯ ︾ ᠤᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠲᠠᠪᠤᠨ ᠵᠢᠯ ᠪᠣᠯᠤᠨ᠎ᠠ᠂ ᠮᠥᠨᠴᠦ ᠮᠠᠨ ᠤ ᠬᠤᠳᠠ ᠶᠢᠨ ᠰᠢᠨ᠎ᠡ ᠬᠥᠭᠵᠢᠯᠲᠡ ᠶᠢᠨ ᠱᠠᠳᠤ ᠶᠢ ᠣᠨᠣᠪᠴᠢᠲᠠᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠳᠣᠣᠱᠯᠠᠭᠤᠯᠣᠨ᠂ ᠰᠢᠨ᠎ᠡ ᠬᠥᠭᠵᠢᠯᠲᠡ ᠶᠢᠨ ᠬᠡᠪ ᠪᠠᠶᠢᠳᠠᠯ ᠳᠤ ᠲᠦᠷᠭᠡᠨ ᠠᠭᠤᠰᠤᠯᠴᠠᠵᠤ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ᠂ ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠂ ᠣᠨᠴᠠᠭᠠᠶᠢᠯᠠᠨ ᠱᠢ ᠲᠠᠢ ᠹᠧᠩ ᠱᠦᠵᠢ ᠶᠢᠨ ᠴᠢᠬᠤᠯᠠ ᠪᠠᠶᠢᠴᠠᠭᠠᠨ ᠰᠣᠳᠣᠯᠣᠯᠳᠠ ᠶᠢᠨ ᠵᠢᠭᠠᠪᠣᠷᠢ ᠶᠣᠰᠣᠭᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠳᠣᠯᠭᠠᠭᠤᠷᠢ ᠴᠡᠭ  ᠢ ᠪᠦᠲᠦᠭᠡᠨ ᠪᠠᠶᠢᠭᠤᠯᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠳᠣᠲᠣᠭᠠᠳᠤ ᠭᠠᠳᠠᠭᠠᠳᠤ ᠳᠤ ᠬᠤᠣᠰ ᠴᠢᠭᠯᠡᠯ ᠢᠶᠠᠷ ᠨᠡᠬᠡᠬᠡᠯᠳᠡ ᠬᠢᠬᠦ ᠶᠢ ᠨᠡᠩ ᠴᠢᠬᠤᠯᠠᠴᠢᠯᠠᠨ᠂ ᠪᠣᠭᠤᠮᠢ ᠬᠢᠵᠠᠭᠠᠷᠯᠠᠯ ᠢ ᠲᠠᠶᠢᠯᠬᠤ ᠶᠢ ᠨᠡᠩ ᠴᠢᠬᠤᠯᠠᠴᠢᠯᠠᠵᠤ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠨᠡᠩ ᠴᠢᠬᠤᠯᠠᠴᠢᠯᠠᠨ᠂ ᠬᠤᠳᠠ ᠶᠢᠨ ᠴᠢᠳᠠᠪᠬᠢ ᠶᠢ ᠰᠢᠯᠢᠳᠡᠭᠵᠢᠭᠦᠯᠬᠦ ᠶᠢ ᠨᠡᠩ ᠴᠢᠬᠤᠯᠠᠴᠢᠯᠠᠵᠤ᠂ ᠠᠮᠢ ᠠᠬᠤᠢ ᠶᠢ ᠳᠡᠷᠢᠭᠦᠨ ᠪᠠᠶᠢᠷᠢᠨ ᠳᠤ ᠳᠠᠯᠪᠢᠨ ᠪᠣᠬᠢᠷᠳᠣᠯ ᠦᠬᠡᠢ ᠬᠦᠭᠵᠢᠯᠳᠠ ᠶᠢ ᠨᠡᠩ ᠴᠢᠬᠤᠯᠠᠴᠢᠯᠠᠨ᠂ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ᠂ ᠵᠠᠰᠠᠯᠳᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠨ᠂ ᠮᠠᠨ ᠤ ᠬᠤᠲᠠ ᠪᠠᠨ ᠧᠦ᠋ᠷᠣᠫᠠ ᠠᠽᠢᠶ᠎ᠠ ᠶᠢᠨ ᠣᠯᠠᠨ ᠤᠯᠤᠰ ᠤᠨ ᠪᠠᠷᠠᠭᠠᠨ ᠤ ᠬᠦᠢᠯᠭᠡᠭᠡᠨ ᠤ ᠬᠦᠢᠰᠦ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠬᠤᠤᠰ ᠡᠷᠭᠢᠯᠲᠡ ᠳᠤ ᠣᠷᠣᠯᠴᠠᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ᠂ ᠦᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠥᠳᠡᠯᠭᠡᠭᠦᠷ᠂ ᠭᠠᠳᠠᠭᠠᠳᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠠᠪᠰᠢᠬᠤ ᠶᠢᠨ ᠵᠢᠱᠢᠶ᠎ᠡ ᠦᠵᠡᠭᠦᠯᠬᠦ ᠰᠠᠭᠤᠷᠢᠨ᠂ ᠡᠬᠢ ᠪᠠᠶᠠᠯᠢᠭ ᠬᠦᠴᠦᠨ ᠵᠦᠢᠯ ᠢ ᠲᠥᠪᠯᠡᠷᠡᠭᠦᠯᠦᠭᠰᠡᠨ ᠨᠡᠭᠡᠭᠡᠯᠲᠡ ᠶᠢᠨ ᠲᠠᠪᠴᠠᠩ᠂ ᠭᠠᠳᠠᠭᠠᠳᠤ ᠳᠤ ᠪᠣᠯᠪᠠᠰᠤᠨ ᠳᠦᠷᠢ ᠲᠥᠷᠬᠦ ᠪᠠᠨ ᠳᠡᠯᠭᠡᠨ ᠦᠵᠡᠭᠦᠯᠬᠦ ᠴᠢᠬᠤᠯᠠ ᠴᠣᠩᠬᠤ ᠪᠣᠯᠭᠠᠨ ᠪᠥᠲᠥᠭᠡᠨ ᠪᠠᠶᠢᠭᠤᠯᠤᠨ᠎ᠠ᠃ — ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠡᠬᠡᠬᠡᠯᠳᠡ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠦᠭᠵᠢᠭᠡᠨ᠎ᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ᠂ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ᠂ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠢ ᠨᠢᠭᠡ ᠴᠤᠭᠴᠠᠵᠢᠭᠤᠯᠤᠨ ᠪᠥᠲᠥᠭᠡᠨ ᠪᠠᠶᠢᠭᠤᠯᠵᠣ᠂ ᠵᠦᠷᠢᠶ᠎ᠡ ᠲᠠᠢ ᠰᠣᠯᠪᠢᠴᠠᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠡᠷᠬᠢᠯᠳᠡᠳᠦ ᠬᠠᠷᠢᠯᠴᠠᠨ ᠬᠤᠯᠪᠣᠯᠳᠣᠨ ᠬᠠᠷᠢᠯᠴᠠᠨ ᠨᠡᠪᠳᠡᠷᠡᠯᠴᠡᠭᠰᠡᠨ ᠰᠦᠯᠵᠢᠶ᠎ᠡ ᠶᠢ ᠰᠠᠭᠠᠳ ᠥᠬᠡᠶ ᠨᠡᠪᠳᠡᠷᠡᠭᠦᠯᠦᠨ᠎ᠠ᠃ ᠮᠣᠩᠭᠤᠯ ᠣᠷᠣᠰ ᠵᠢᠴᠢ ᠡᠬᠡ ᠬᠠᠭᠤᠷᠠᠶ ᠶᠢᠨ ᠬᠥᠭᠦᠷᠭᠡ ᠳᠠᠭᠠᠤ ᠶᠢᠨ ᠬᠤᠲᠠ ᠨᠤᠭᠤᠳ ᠲᠠᠢ ᠪᠣᠳᠠᠳᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠯᠵᠢᠶ᠎ᠠ᠂ ᠪᠠᠯᠠ ᠣᠷᠣᠭᠤᠯᠤᠯᠲᠠ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ︽ᠨᠢᠭᠡ ᠪᠦᠰᠡ ᠨᠢᠭᠡ ᠵᠠᠮ︾᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠠᠭᠤᠰᠣᠯᠴᠠᠨ᠂ ᠲᠡᠮᠦᠷ ᠵᠠᠮ ᠤᠨ ᠥᠷᠲᠡᠭᠡ ᠲᠠᠯᠠᠪᠤᠷ ᠤᠨ ᠴᠢᠳᠠᠮᠵᠢ ᠶᠢ ᠦᠷᠭᠡᠳᠭᠡᠵᠣ ᠦᠭᠡᠷᠡᠴᠢᠯᠡᠨ ᠰᠢᠨᠡᠴᠢᠯᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠴᠤᠭᠯᠠᠷᠠᠯ ᠤᠨ ᠲᠥᠪ ᠢ ᠡᠬᠢᠯᠡᠨ ᠪᠠᠶᠢᠭᠤᠯᠵᠤ᠂ ᠡᠭᠡᠯᠵᠢ ᠶᠢᠨ ᠭᠠᠯᠲᠤ ᠲᠡᠷᠭᠡ ᠶᠢᠨ ᠠᠵᠤ ᠠᠬᠤᠶ ᠶᠢ ᠬᠥᠭᠵᠢᠭᠦᠯᠦᠨ᠂ ᠭᠠᠳᠠᠭᠠᠳᠤ ᠨᠡᠭᠡᠭᠡᠯᠲᠡ ᠶᠢᠨ ᠰᠢᠨ᠎ᠡ ᠬᠡᠪ ᠪᠠᠶᠢᠳᠠᠯ ᠢ ᠪᠠᠶᠢᠭᠤᠯᠤᠨ᠎ᠠ᠃ — ᠠᠵᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠦᠭᠡᠷᠡᠴᠢᠯᠡᠯᠳᠠ ᠶᠢ ᠬᠦᠨᠵᠡᠬᠡᠶᠢᠷᠡᠬᠦᠯᠵᠦ᠂ ᠤᠮᠠᠷᠠᠰᠢ ᠨᠡᠭᠡᠭᠡᠯᠳᠡ ᠬᠢᠬᠦ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠠᠮᠢᠳᠤᠯᠢᠭ ᠬᠡᠷᠡᠭᠯᠡᠨ᠂ ᠤᠯᠠᠨ ᠤᠯᠤᠰ ᠤᠨ ᠠᠷᠠᠯᠵᠢᠶ᠎ᠠ ᠪᠠ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠯᠪᠠᠰᠤᠷᠠᠭᠤᠯᠬᠤ ᠦᠢᠯᠡᠰ ᠤᠨ ᠬᠡᠪᠴᠢᠶᠡᠵᠢᠯ᠂ ᠬᠢᠯᠢ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠣᠨᠴᠠᠯᠢᠭᠵᠢᠯ᠂  ᠴᠡᠪᠡᠷ ᠡᠨᠧᠷᠭᠢ ᠶᠢᠨ ᠦᠢᠯᠡᠰ ᠤᠨ ᠪᠣᠬᠢᠷᠲᠤᠯ ᠦᠬᠡᠶᠢᠵᠢᠯ ᠢ ᠲᠦᠯᠬᠢᠨ ᠠᠬᠢᠭᠤᠯᠵᠤ᠂ ᠤᠯᠠᠨ ᠤᠯᠤᠰ ᠤᠨ ᠬᠤᠳᠠᠯᠳᠤᠭᠠᠨ ᠤ ᠶᠠᠪᠤᠳᠠᠯ᠂ ᠮᠥᠩᠭᠦᠨ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠢ ᠢᠳᠡᠪᠬᠢᠲᠡᠶ ᠪᠠᠷ ᠪᠣᠶᠢᠵᠢᠭᠤᠯᠣᠨ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ — ᠠᠮᠢ ᠠᠬᠤᠢ ᠶᠢ ᠳᠡᠷᠢᠭᠦᠨ ᠪᠠᠶᠢᠷᠢᠨ ᠳᠤ ᠳᠠᠯᠪᠢᠨ ᠪᠣᠬᠢᠷᠳᠠᠯ ᠦᠬᠡᠢ ᠬᠦᠭᠵᠢᠯᠳᠡ ᠶᠢ ᠪᠠᠷᠢᠮᠲᠠᠯᠠᠵᠤ᠂ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠤᠳᠠ ᠬᠥᠳᠡᠭᠡ ᠶᠢᠨ ᠠᠮᠢ ᠠᠬᠤᠢ ᠶᠢᠨ ᠬᠠᠮᠠᠭᠠᠯᠠᠯᠳᠠ ᠰᠡᠷᠭᠦᠭᠡᠯᠳᠡ ᠶᠢ ᠴᠢᠩᠭᠠᠳᠬᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠣᠭᠲᠠᠷᠭᠤᠢ ᠶᠢ ᠨᠡᠩ ᠴᠡᠯᠮᠡᠭ᠂ ᠡᠭᠡ ᠭᠠᠵᠠᠷ ᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠣᠷᠴᠢᠨ ᠲᠣᠭᠤᠷᠢᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃ ᠡᠬᠢ ᠪᠠᠶᠠᠯᠢᠭ ᠡᠨᠧᠷᠭᠢ ᠶᠢᠨ ᠰᠤᠷᠪᠤᠯᠵᠢ ᠶᠢ ᠠᠷᠪᠢᠴᠢ ᠭᠠᠮᠳᠠᠢ ᠥᠨᠳᠥᠷ ᠪᠦᠲᠦᠮᠵᠢᠲᠡᠶ ᠪᠠᠷ ᠠᠰᠢᠭᠯᠠᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠳᠣᠣᠷ᠎ᠠ ᠨᠡᠬᠦᠷᠠᠰᠦᠳᠦ᠋ᠷᠦᠭᠴᠢᠳᠦ ᠬᠥᠭᠵᠢᠯᠲᠡ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠠᠮᠢ ᠠᠬᠤᠶᠢᠴᠢᠯᠠᠬᠤ᠂ ᠠᠮᠢᠳᠤᠷᠠᠯ ᠤᠨ ᠪᠣᠬᠢᠷᠲᠤᠯ ᠦᠬᠡᠶᠢᠵᠢᠭᠦ ᠶᠢ ᠲᠦᠯᠬᠢᠨ ᠠᠬᠢᠭᠤᠯᠤᠨ᠎ᠠ᠃ — ᠬᠤᠳᠠ ᠬᠥᠳᠡᠭᠡ ᠶᠢᠨ ᠦᠨᠳᠦᠰᠦᠨ ᠴᠢᠳᠠᠮᠵᠢ ᠶᠢ ᠬᠦᠴᠦᠯᠡᠨ ᠳᠡᠭᠡᠭᠰᠢᠯᠡᠭᠦᠯᠵᠦ᠂ ᠬᠥᠭᠵᠢᠯᠲᠡ ᠶᠢᠨ ᠲᠤᠯᠭᠠᠭᠤᠷᠢᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠳᠬᠠᠨ᠎ᠠ᠃ ᠲᠥᠪᠯᠡᠷᠡᠭᠦᠯᠦᠨ ᠡᠷᠴᠢᠮᠵᠢᠭᠦᠯᠦᠭᠰᠡᠨ ᠬᠦᠭᠵᠢᠯᠳᠠ ᠶᠢ ᠪᠠᠷᠢᠮᠲᠠᠯᠠᠨ᠂ ᠬᠤᠳᠠ ᠶᠢ ᠰᠢᠨᠡᠴᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠬᠤᠳᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠶᠢᠨ ᠠᠭᠤᠯᠤᠭᠳᠠᠬᠤᠨ ᠢ ᠪᠠᠶᠠᠯᠢᠭᠵᠢᠭᠤᠯᠤᠨ᠂ ᠬᠤᠳᠠ ᠶᠢᠨ ᠴᠢᠨᠠᠷ ᠳᠡᠰ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡ ᠣᠷᠣᠭᠤᠯᠤᠯᠲᠠ᠂ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ᠂ ᠵᠣᠬᠢᠬᠤ ᠬᠡᠮᠵᠢᠶ᠎ᠡ ᠪᠠᠷ ᠬᠡᠪᠴᠢᠶᠡᠵᠢᠭᠰᠡᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ᠂ ᠬᠤᠳᠠ ᠬᠥᠳᠡᠭᠡ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ — ᠠᠷᠠᠳ ᠤᠨ ᠠᠮᠢᠳᠤᠷᠠᠯ ᠢ ᠪᠦᠲᠦᠮᠵᠢᠲᠡᠶ ᠪᠠᠷ ᠪᠠᠲᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠴᠥᠬᠦᠷᠡᠰᠢ ᠦᠭᠡᠢ ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠭᠰᠡᠨ᠂ ᠡᠷᠬᠡ ᠲᠡᠭᠰᠢ ᠨᠢᠭᠡᠳᠦᠯᠲᠡᠶ᠂ ᠦᠷᠭᠦᠯᠵᠢᠯᠡᠬᠦᠶᠢᠴᠡ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠪᠠᠷᠢᠮᠲᠠᠯᠠᠨ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠢᠷᠭᠡᠳ ᠤᠨ ᠪᠣᠯᠪᠠᠰᠤᠨ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠨ᠎ᠠ᠃ — ᠨᠡᠶᠢᠭᠡᠮ ᠤᠨ ᠵᠠᠰᠠᠯᠳᠠ ᠶᠢ ᠴᠢᠩᠭᠠᠳᠬᠠᠨ ᠰᠢᠨᠡᠴᠢᠯᠡᠵᠣ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ ︽ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠬᠦᠲᠦᠯᠪᠦᠷᠢ ︵2020 — 2025︶︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠲᠤ ᠪᠠᠷ ᠪᠠᠶᠢᠭᠤᠯᠵᠣ ᠬᠠᠮᠲᠤ ᠪᠠᠷ ᠵᠠᠰᠠᠨ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠳᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠠᠮᠤᠷ ᠲᠦᠪᠰᠢᠨ ᠬᠥᠭᠵᠢᠯᠲᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠳᠣᠣᠱᠯᠠᠭᠤᠯᠣᠨ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠬᠢᠯᠢ ᠬᠢᠵᠠᠭᠠᠷ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠪᠦᠬᠦᠯᠢ ᠴᠣᠭᠴᠠᠲᠤ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠬᠡᠨ᠎ᠡ᠃ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂  ᠬᠦᠨᠳᠦ ᠣᠨᠴᠠ ᠶᠡᠭᠡ ᠦᠢᠯᠡᠳᠪᠦᠷᠢᠯᠡᠯ ᠤᠨ ᠠᠳᠡᠯ ᠭᠠᠷᠬᠤ ᠶᠢ ᠬᠤᠷᠢᠭᠯᠠᠨ᠎ᠠ᠃ ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠡᠬᠢᠯᠡᠯᠲᠡ ᠶᠢᠨ ᠵᠢᠯ ᠪᠣᠯᠣᠨ᠎ᠠ᠂ ᠮᠦᠨᠴᠦ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠣᠨ᠎ᠠ᠃ ᠪᠢᠳᠡ ︽ᠮᠠᠨ ᠤ ᠣᠯᠣᠰ ᠤᠨ ᠣᠮᠠᠷᠠᠰᠢ ᠨᠡᠭᠡᠬᠡᠯᠳᠡ ᠬᠢᠬᠦ ᠴᠢᠬᠤᠯᠠ ᠪᠠᠬᠢᠯᠡᠯᠳᠡ ᠶᠢ ᠪᠠᠶᠢᠭᠤᠯᠬᠤ ᠡᠨᠡᠬᠦ ᠶᠡᠭᠡ ᠳᠠᠯ᠎ᠠ ᠶᠢ ᠳᠠᠭᠠᠬᠤ ᠪᠠ ᠳᠡᠭᠦᠨ ᠳᠤ ᠦᠢᠯᠡᠴᠢᠯᠡᠬᠦ︾ ᠪᠠ ᠪᠣᠭᠤᠮᠳᠠ ᠶᠢᠨ ᠳᠠᠶᠢᠴᠢᠯᠠᠯᠳᠠ᠂ ᠳᠣᠳᠣᠭᠠᠳᠣ ᠣᠷᠣᠨ ᠤ ᠲᠦᠰᠢᠭ ᠳᠣᠯᠭᠠᠭᠤᠷᠢ᠂ ᠬᠢᠯᠢ ᠬᠢᠵᠠᠭᠠᠷ ᠪᠣᠯᠣᠨ ᠳᠣᠳᠣᠭᠠᠳᠣ ᠣᠷᠣᠨ ᠬᠠᠷᠢᠯᠴᠠᠨ ᠬᠦᠳᠡᠯᠦᠯᠴᠡᠬᠦ ᠪᠣᠳᠠᠳᠣ ᠱᠠᠭᠠᠷᠳᠠᠯᠭ᠎ᠠ ᠶᠣᠰᠣᠭᠠᠷ᠂ ︽ᠨᠢᠭᠡ ᠳᠣᠮᠣ ᠪᠠᠶᠢᠯᠳᠣᠬᠤ ᠪᠣᠳᠣᠯᠭ᠎ᠠ ᠶᠢᠨ ᠡᠭᠦᠷᠭᠡ ᠬᠠᠷᠢᠭᠤᠴᠠᠯᠭ᠎ᠠ︾ ᠶᠢᠨ ᠳᠣᠭᠤᠷᠢᠨ ᠳᠤ᠂ ︽ᠭᠤᠷᠪᠠᠨ ᠳᠣᠮᠣ ᠬᠦᠭᠵᠢᠯᠳᠡ ᠶᠢᠨ ᠵᠠᠷᠴᠢᠮ︾ ᠢ ᠪᠠᠷᠢᠮᠳᠠᠯᠠᠵᠣ᠂ ︽ᠨᠠᠢᠮᠠᠨ ᠭᠤᠣᠯᠳᠠᠯᠭ᠎ᠠ ᠲᠠᠢ ᠢᠨᠵᠧᠨᠧᠷᠢᠩ︾ ᠢ ᠬᠡᠷᠡᠭᠵᠢᠭᠦᠯᠦᠨ᠂ ᠭᠤᠣᠯ ᠳᠠᠭᠠᠷᠢᠯᠳᠠ ᠶᠢᠨ ᠴᠢᠭᠯᠡᠯ ᠢ ᠣᠨᠢᠯᠠᠵᠣ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ᠂ ᠦᠷᠭᠦᠯᠵᠢᠯᠡᠨ ᠬᠦᠴᠦ ᠳᠠᠯᠪᠢᠨ ᠰᠢᠪᠳᠣᠯᠵᠣ᠂ ᠰᠢᠨ᠎ᠡ ᠬᠦᠭᠵᠢᠯᠳᠡ ᠶᠢᠨ ᠬᠡᠪ ᠪᠠᠶᠢᠳᠠᠯ ᠳᠤ ᠨᠡᠩ ᠰᠠᠶᠢᠨ ᠦᠢᠯᠡᠴᠢᠯᠡᠨ ᠠᠭᠤᠰᠣᠯᠴᠠᠵᠣ᠂ ᠣᠯᠣᠰ ᠤᠨ ᠣᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢᠨ ᠪᠠᠶᠢᠯᠳᠣᠬᠤ ᠪᠣᠳᠣᠯᠭ᠎ᠠ ᠶᠢᠨ ᠳᠣᠯᠭᠠᠭᠤᠷᠢ ᠴᠡᠭ ᠢ ᠲᠦᠷᠭᠡᠪᠴᠢᠯᠡᠨ ᠪᠠᠶᠢᠭᠤᠯᠬᠤ ᠳᠠᠯ᠎ᠠ ᠪᠠᠷ ᠰᠢᠨ᠎ᠡ ᠲᠦᠯᠦᠪ ᠪᠠᠶᠢᠳᠠᠯ ᠢ ᠪᠣᠢ ᠪᠣᠯᠭᠠᠨ᠂ ᠰᠢᠨ᠎ᠡ ᠰᠢᠪᠳᠣᠯᠣᠯᠳᠠ ᠭᠠᠷᠭᠠᠵᠣ᠂ ᠳᠣᠮᠣ ᠰᠡᠳᠦᠪ ᠢ ᠰᠠᠶᠢᠳᠣᠷ ᠬᠢᠵᠣ᠂ ᠰᠢᠯᠢᠳᠡᠭ ᠠᠮᠵᠢᠯᠳᠠ ᠪᠠᠷ ᠨᠠᠮ ᠪᠠᠶᠢᠭᠤᠯᠣᠭᠳᠠᠭᠰᠠᠨ 100 ᠵᠢᠯ ᠤᠨ ᠣᠢ ᠶᠢ ᠪᠡᠯᠭᠡᠯᠡᠨ᠎ᠡ᠃ ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 5% ᠠᠴᠠ ᠳᠡᠭᠡᠭᠰᠢ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ︔ ᠠᠮᠢ ᠠᠬᠤᠶ ᠶᠢᠨ ᠣᠷᠴᠢᠨ ᠳᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠠᠵᠠᠷ ᠣᠷᠣᠨ ᠤ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠵᠠᠷᠣᠴᠠᠭᠤᠯᠬᠤ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠣᠨ᠎ᠠ︔ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠳᠡᠭᠡᠭᠡᠪᠦᠷᠢ  ᠶᠢᠨ ᠬᠡᠮᠵᠢᠶ᠎ᠡ ᠪᠠ ᠠᠷᠠᠯᠵᠢᠶᠠᠨ ᠤ ᠦᠷᠳᠡᠭ ᠢ ᠴᠥᠮ 5% ᠠᠴᠠ ᠳᠡᠭᠡᠭᠰᠢ ᠨᠡᠮᠡᠭᠳᠡᠭᠦᠯᠦᠨ᠎ᠡ᠃ ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ︵ᠨᠢᠭᠡ︶ ᠬᠢᠵᠢᠭ ᠤᠨ ᠪᠠᠶᠢᠳᠠᠯ ᠢ ᠴᠢᠩᠭ᠎ᠠ ᠰᠡᠷᠭᠡᠶᠢᠯᠡᠬᠦ ᠪᠠ ᠪᠡᠯᠡ ᠣᠷᠣᠭᠤᠯᠤᠯᠲᠠ ᠶᠢ ᠥᠷᠭᠡᠳᠬᠡᠬᠦ ᠶᠢ ᠵᠡᠷᠭᠡ ᠪᠠᠷ ᠴᠢᠬᠤᠯᠠᠴᠢᠯᠠᠵᠤ᠂ ᠠᠵᠤ ᠠᠬᠤᠶ ᠶᠢᠨ ᠬᠥᠭᠵᠢᠯᠲᠡ ᠶᠢᠨ ᠦᠨᠳᠦᠰᠦᠨ ᠪᠠᠶᠢᠳᠠᠯ ᠢ ᠡᠷᠡᠰ ᠲᠣᠭᠲᠠᠭᠤᠨ ᠪᠠᠶᠢᠯᠭᠠᠨ᠎ᠠ ᠬᠢᠵᠢᠭ ᠤᠨ ᠪᠠᠶᠢᠳᠠᠯ ᠢ ᠢᠮᠠᠭᠳᠠ ᠬᠢᠴᠢᠶᠡᠩᠭᠦᠶᠢᠯᠡᠨ ᠰᠡᠷᠭᠡᠶᠢᠯᠡᠵᠣ ᠡᠵᠡᠮᠳᠡᠨ᠎ᠡ᠃ ︽ᠭᠠᠳᠠᠨ᠎ᠠ ᠠᠴᠠ ᠬᠠᠯᠳᠠᠪᠣᠷᠢᠯᠠᠨ ᠣᠷᠣᠵᠣ ᠢᠷᠡᠬᠦ ᠶᠢ ᠰᠡᠷᠭᠡᠶᠢᠯᠡᠬᠦ ᠪᠠ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠢᠯᠣᠭᠤᠴᠢ ᠪᠠ ᠠᠶᠠᠨᠴᠢᠳ᠂ ︽ᠰᠠᠭᠠᠳ ᠥᠬᠡᠶ ᠭᠠᠷᠴᠠ︾  ᠢᠶᠠᠷ ᠬᠢᠯᠢ ᠪᠠᠷ ᠣᠷᠣᠵᠤ ᠢᠷᠡᠬᠦ ᠬᠥᠮᠦᠰ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ᠂ ᠭᠠᠳᠠᠭᠠᠳᠤ ᠠᠴᠠ ᠣᠷᠣᠭᠤᠯᠬᠤ ᠬᠦᠷᠦᠭᠡᠭᠦᠷᠳᠣ ᠢᠳᠡᠭᠡᠨ᠂ ᠲᠦᠭᠰᠢᠭᠦᠷᠢ ᠶᠡᠬᠡᠲᠡᠶ ᠭᠠᠵᠠᠷ ᠣᠷᠣᠨ ᠤ ᠬᠦᠷᠦᠭᠡᠬᠦᠷᠳᠣ ᠪᠤᠰᠤ ᠴᠢᠩᠭᠡᠯᠢᠭ  ᠢ ᠪᠦᠬᠦ ᠬᠡᠯᠬᠢᠶ᠎ᠡ ᠪᠠᠷ ᠨᠢ ︽ᠪᠢᠳᠡᠭᠦᠮᠵᠢᠯᠡᠭᠰᠡᠨ ᠬᠡᠯᠪᠡᠷᠢ︾ ᠪᠠᠷ ᠬᠠᠮᠢᠶᠠᠷᠣᠨ ᠡᠵᠡᠮᠳᠡᠬᠦ ᠶᠢ ᠦᠷᠭᠦᠯᠵᠢᠯᠡᠨ ᠰᠠᠶᠢᠲᠤᠷ ᠬᠢᠵᠦ᠂ ᠬᠢᠯᠢ ᠶᠢᠨ ᠭᠠᠳᠠᠨ᠎ᠠ ᠠᠴᠠ ᠬᠠᠯᠳᠠᠪᠣᠷᠢᠯᠠᠨ ᠣᠷᠣᠵᠣ ᠢᠷᠡᠬᠦ ᠲᠦᠭᠰᠢᠭᠦᠷᠢ ᠶᠢ ᠡᠷᠡᠰ ᠰᠡᠷᠭᠡᠶᠢᠯᠡᠨ᠎ᠡ᠃ ᠳᠤᠮᠳᠠ ᠶᠡᠭᠡ ᠲᠦᠭᠰᠢᠭᠦᠷᠢᠳᠣ ᠭᠠᠵᠠᠷ ᠣᠷᠣᠨ ᠠᠴᠠ ᠮᠠᠨ ᠤ ᠬᠤᠲᠠ ᠳᠤ ᠢᠷᠡᠬᠦ ᠬᠥᠮᠦᠰ ᠢ ᠮᠥᠷᠳᠡᠨ ᠪᠠᠶᠢᠴᠠᠭᠠᠬᠤ ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ᠂ ᠨᠠᠷᠢᠯᠢᠭ ᠣᠨᠣᠪᠴᠢᠲᠠᠶ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠ ᠲᠦᠷᠭᠡᠨ ᠲᠤᠰᠬᠠᠬᠤ ᠲᠣᠭᠲᠠᠴᠠ ᠶᠢ ᠪᠦᠷᠢᠨᠰᠢᠬᠦᠯᠵᠤ᠂ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠳᠡᠭᠦᠯᠳᠡᠷᠵᠢᠭᠦᠯᠦᠨ᠂ ᠠᠷᠪᠠᠨ ︽ᠲᠦᠷᠦᠭᠦᠨ ᠴᠠᠭ︾ ᠲᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠸᠠᠺᠼᠢᠨ ᠤ ᠲᠠᠷᠢᠯᠭ᠎ᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠲᠠᠷᠢᠯᠭ᠎ᠠ ᠬᠢᠬᠦ ᠳᠤ ᠲᠣᠬᠢᠷᠠᠮᠵᠢᠲᠠᠶ ᠬᠥᠮᠦᠰ ᠢ ᠪᠦᠬᠦᠨ ᠢ ᠬᠠᠮᠣᠷᠣᠭᠤᠯᠣᠨ᠎ᠠ᠃ ᠬᠤᠯᠤᠭᠠᠨ᠎ᠠ ᠶᠢᠨ ᠬᠢᠵᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠵᠡᠷᠭᠡᠪᠡᠷ ᠰᠡᠷᠭᠡᠶᠢᠯᠡᠵᠦ ᠵᠡᠷᠭᠡᠪᠡᠷ ᠵᠠᠰᠠᠬᠤ ᠶᠢ ᠪᠠᠷᠢᠮᠲᠠᠯᠠᠵᠤ᠂ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠦᠨᠡᠨᠬᠦ ᠪᠠᠳᠣᠳᠬᠠᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠦᠷᠦᠯ ᠵᠦᠢᠯ ᠢ ᠲᠦᠯᠬᠢᠨ ᠠᠬᠢᠭᠤᠯᠤᠨ᠎ᠠ᠃ ︽ᠲᠦᠷᠦᠯ ᠵᠦᠢᠯ ᠢ ᠠᠳᠬᠤᠬᠤ ᠨᠢ ᠳᠠᠷᠤᠶ ᠠᠵᠤ ᠠᠬᠤᠶ ᠶᠢ ᠠᠳᠬᠤᠵᠤ᠂ ᠲᠦᠷᠦᠯ ᠵᠦᠢᠯ ᠢ ᠰᠦᠪᠡᠭᠴᠢᠯᠡᠬᠦ ᠨᠢ ᠳᠠᠷᠤᠶ ᠬᠥᠭᠵᠢᠯᠲᠡ ᠶᠢ ᠡᠷᠢᠯᠬᠢᠯᠡᠬᠦ︾ ᠦᠵᠡᠯᠳᠡ ᠶᠢ ᠪᠠᠷᠢᠮᠲᠠᠯᠠᠵᠤ᠂ ᠡᠩ ᠤᠨ ᠵᠢᠭᠡᠯᠡᠯᠭᠡ ᠶᠢᠨ ᠲᠡᠮᠳᠡᠭᠲᠦ᠂ ᠲᠤᠰᠬᠠᠶ ᠲᠦᠷᠦᠯ ᠤᠨ ᠵᠢᠭᠡᠯᠡᠯᠭᠡ ᠶᠢᠨ ᠲᠡᠮᠳᠡᠭᠲᠦ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠪᠠ ᠨᠡᠶᠢᠭᠡᠮ ᠤᠨ ᠬᠦᠷᠦᠩᠭᠡ ᠶᠢ ᠣᠷᠣᠭᠤᠯᠤᠨ ᠠᠪᠴᠢᠷᠠᠬᠤ ᠪᠠᠷ ᠢᠳᠡᠪᠬᠢᠲᠡᠶ ᠬᠦᠬᠡᠬᠡᠴᠡᠯᠳᠦᠵᠣ᠂ ᠪᠦᠬᠦ ᠵᠢᠯ ᠳᠤ 30 ᠭᠠᠷᠤᠶ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠦᠯᠦᠪᠯᠡᠨ᠂ 83 ᠭᠤᠣᠯᠳᠠᠯᠭ᠎ᠠ ᠲᠠᠢ ᠲᠦᠷᠦᠯ ᠵᠦᠢᠯ ᠤᠨ ᠬᠡᠷᠡᠭᠵᠢᠭᠦᠯᠦᠯᠳᠡ ᠶᠢ ᠲᠦᠯᠬᠢᠨ ᠠᠬᠢᠭᠤᠯᠣᠨ᠎ᠠ᠂ ᠡᠭᠦᠨ ᠳᠤ᠂ 53 ᠰᠢᠨ᠎ᠡ ᠪᠠᠷ ᠪᠠᠶᠢᠭᠤᠯᠬᠤ ᠲᠦᠷᠦᠯ ᠵᠦᠢᠯ᠂ 30 ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠳᠣᠳᠣᠷ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ ᠲᠦᠷᠦᠯ ᠵᠦᠢᠯ 24᠂ ᠠᠵᠤ ᠦᠢᠯᠡᠰ ᠤᠨ ᠲᠥᠷᠥᠯ ᠤᠨ ᠲᠥᠷᠥᠯ ᠵᠦᠢᠯ 29᠂ ᠰᠠᠭᠤᠷᠢ ᠲᠦᠭᠦᠭᠡᠷᠦᠮᠵᠢ ᠶᠢᠨ ᠲᠥᠷᠥᠯ ᠤᠨ ᠲᠥᠷᠥᠯ ᠵᠦᠢᠯ 30 ᠪᠠᠶᠢᠨ᠎ᠠ᠃ ᠨᠢᠭᠡ ᠪᠦᠯᠦᠭ ᠢ ᠠᠵᠢᠯ ᠡᠬᠢᠯᠡᠭᠦᠯᠦᠨ᠂ ᠨᠢᠭᠡ ᠪᠦᠯᠦᠭ ᠢ ᠪᠠᠶᠢᠭᠤᠯᠣᠨ ᠳᠠᠭᠤᠰᠬᠠᠵᠣ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠣᠨ᠂ ᠨᠢᠭᠡ ᠪᠦᠯᠦᠭ ᠢ ᠨᠦᠬᠡᠴᠡᠯᠡᠵᠣ᠂ ᠱᠠᠳᠣ ᠳᠠᠷᠠᠭ᠎ᠠ ᠲᠠᠢ ᠪᠠᠷ ᠲᠦᠯᠬᠢᠨ ᠠᠬᠢᠭᠤᠯᠬᠤ ᠲᠥᠯᠥᠪᠯᠡᠭᠡ ᠶᠣᠰᠣᠭᠠᠷ᠂ ᠪᠠᠷᠠᠭᠤᠨ ᠲᠣᠭᠤᠷᠢᠭ ᠤᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠭᠤᠣᠷᠰᠣ ᠶᠢ ᠦᠬᠡᠷᠡᠴᠢᠯᠡᠨ ᠰᠢᠨᠡᠳᠭᠡᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ ᠶᠢᠨ 5G᠂ ᠮᠧᠩ ᠴᠧᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠤ ᠲᠦᠩ ᠪᠢᠲᠡᠭᠦᠮᠵᠢᠯᠡᠭᠰᠡᠨ ᠮᠠᠶ᠋ᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠭᠦᠷᠡᠰᠦᠨ ᠫᠧᠩ ᠵᠡᠷᠭᠡ 55 ᠲᠥᠷᠥᠯ ᠵᠦᠢᠯ ᠢ ᠪᠠᠶᠢᠭᠤᠯᠣᠨ ᠠᠰᠢᠭᠯᠠᠯᠳᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ︔ ᠬᠤᠳᠠ ᠶᠢᠨ ᠣᠰᠣ ᠬᠠᠩᠭᠠᠬᠤ ᠭᠤᠣᠷᠰᠣ ᠶᠢ ᠦᠬᠡᠷᠡᠴᠢᠯᠡᠨ ᠰᠢᠨᠡᠳᠭᠡᠬᠦ᠂ ᠬᠠᠭᠤᠴᠢᠨ ᠰᠠᠭᠤᠭᠠᠯᠢ ᠳᠣᠭᠤᠷᠢᠭ ᠢ ᠦᠬᠡᠷᠡᠴᠢᠯᠡᠨ ᠰᠢᠨᠡᠳᠭᠡᠬᠦ᠂ ᠳᠣᠮᠳᠠᠳᠣ ᠮᠣᠩᠭᠤᠯ ᠤᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ ᠤᠨ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ ᠠᠰᠠᠷ᠂ ᠵᠦᠩ ᠵᠢᠢ ᠰᠢ ᠠᠨ ᠲᠡᠮᠦᠷ ᠤᠨ ᠬᠦᠳᠡᠷ ᠪᠣᠯᠪᠠᠰᠤᠷᠠᠭᠤᠯᠬᠤ᠂ ᠭᠦ᠋ ᠹᠧᠩ ᠠᠮᠣ ᠳᠣᠰᠣ ᠪᠣᠯᠪᠠᠰᠣᠷᠠᠭᠤᠯᠬᠤ ᠵᠡᠷᠭᠡ 24 ᠲᠦᠷᠦᠯ ᠵᠦᠢᠯ ᠤᠨ ᠣᠨ ᠤ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ︔ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠴᠤᠭᠯᠠᠷᠠᠯ ᠤᠨ ᠲᠥᠪ᠂ ᠴᠤᠸᠠᠨ ᠯᠢᠶᠠᠨ ᠠᠮᠤ ᠲᠣᠰᠣ ᠡᠳ᠋ᠰᠢᠭᠦᠯᠬᠦ᠂ ᠵᠦᠩ ᠷᠠᠨ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠵᠡᠷᠭᠡ 4 ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠣᠨ᠎ᠠ᠃ ᠤᠯᠠᠨ ᠢᠶᠠᠷ ᠢᠶᠠᠨ ᠠᠷᠭ᠎ᠠ ᠪᠣᠳᠣᠨ ᠬᠦᠴᠦ ᠭᠠᠷᠭᠠᠵᠣ ᠠᠷᠠᠯᠵᠢᠶᠠᠴᠢᠨ ᠤᠷᠢᠵᠤ ᠪᠡᠯᠡ ᠣᠷᠣᠭᠤᠯᠤᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠮᠥᠩᠭᠦ ᠶᠢᠨ ᠲᠣᠬᠢᠷᠠᠭᠤᠯᠤᠯᠲᠠ ᠬᠦᠷᠦᠩᠭᠡ ᠣᠷᠣᠭᠤᠯᠣᠯᠳᠠ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ᠂ ᠪᠣᠭᠤᠮᠲᠠ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠤᠨ ᠨᠥᠬᠦᠴᠡᠯ ᠲᠠᠢ ᠤᠶᠠᠯᠳᠤᠭᠤᠯᠤᠨ᠂ ᠨᠢᠭᠡ ᠪᠦᠯᠦᠭ ᠲᠥᠷᠥᠯ ᠵᠦᠢᠯ ᠢ ᠲᠦᠰᠦᠪᠯᠡᠨ ᠴᠢᠮᠡᠭᠯᠠᠵᠣ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠦᠨ᠎ᠡ᠃ ᠪᠦᠬᠦ ᠣᠯᠣᠰ ᠤᠨ ᠦᠢᠯᠡᠳᠪᠦᠷᠢ ᠬᠤᠳᠠᠯᠳᠣᠭᠠᠴᠢᠳ ᠤᠨ ᠬᠤᠯᠪᠣᠭ᠎ᠠ ᠶᠢᠨ ᠦᠪᠦᠷ ᠮᠣᠩᠭᠤᠯ ᠤᠨ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠶᠢ ᠳᠡᠮᠵᠢᠨ ᠠᠬᠢᠭᠤᠯᠬᠤ ᠠᠵᠢᠯᠯᠠᠭ᠎ᠠ ᠶᠢᠨ ᠳᠠᠪᠴᠠᠩ ᠳᠤ ᠲᠦᠰᠢᠭᠯᠡᠨ᠂ ︽ᠭᠤᠷᠪᠠᠨ ᠳᠣᠮᠣ︾ ᠬᠥᠭᠵᠢᠯᠲᠡ ᠶᠢᠨ ᠲᠠᠪᠴᠠᠩ᠂ ︽ᠳᠥᠷᠪᠡᠨ ᠳᠣᠮᠣ︾ ᠤᠨᠴᠠᠯᠢᠭᠳᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠠᠵᠤ ᠦᠢᠯᠡᠰ ᠲᠠᠢ ᠬᠤᠯᠪᠣᠭᠳᠠᠬᠤ ᠬᠡᠮᠵᠢᠶ᠎ᠡ ᠪᠠᠷ ᠥᠨᠳᠥᠷ᠂ ᠪᠠᠯᠠ ᠣᠷᠣᠭᠤᠯᠤᠯᠲᠠ ᠶᠢᠨ ᠡᠷᠴᠢᠮ ᠢᠶᠠᠷ ᠶᠡᠭᠡ᠂ ᠳᠠᠶᠢᠴᠢᠯᠠᠯᠳᠠ ᠶᠢᠨ ᠨᠦᠯᠦᠭᠡ ᠢᠶᠠᠷ ᠴᠢᠩᠭ᠎ᠠ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠶᠡᠭᠡ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠨ᠎ᠠ᠃ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠵᠠᠮ ᠳᠠᠭᠠᠤ ᠭᠠᠵᠠᠷ ᠣᠷᠣᠨ ᠤ ᠭᠤᠣᠯᠳᠠᠯᠭ᠎ᠠ ᠲᠠᠢ ᠠᠵᠤ ᠦᠢᠯᠡᠰ᠂ ᠡᠬᠢ ᠪᠠᠶᠠᠯᠢᠭ ᠢ ᠭᠠᠳᠠᠭᠰᠢ ᠭᠠᠷᠭᠠᠬᠤ᠂ ᠲᠠᠸᠠᠷ ᠢ ᠭᠠᠳᠠᠭᠠᠳᠤ ᠠᠴᠠ ᠣᠷᠣᠭᠤᠯᠬᠤ ᠶᠢ ᠣᠨᠴᠠ ᠠᠩᠬᠠᠷᠴᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠪᠣᠯᠪᠠᠰᠤᠷᠠᠭᠤᠯᠬᠤ᠂ ᠭᠠᠳᠠᠭᠠᠳᠤ ᠳᠤ ᠭᠠᠷᠭᠠᠬᠤ ᠲᠣᠨᠣᠭᠯᠠᠯ ᠦᠢᠯᠡᠳᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ᠂ ᠰᠢᠨ᠎ᠡ ᠡᠨᠧᠷᠬᠢ ᠶᠢᠨ ᠠᠰᠢᠭᠯᠠᠯᠳᠠ᠂ ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ ᠵᠡᠷᠭᠡ ᠲᠦᠷᠦᠯ ᠵᠦᠢᠯ ᠢ ᠭᠤᠣᠯᠳᠠᠯᠭ᠎ᠠ ᠪᠣᠯᠭᠠᠨ ᠣᠷᠣᠭᠤᠯᠣᠨ ᠠᠪᠴᠢᠷᠠᠨ᠎ᠠ ︵ᠬᠤᠶᠠᠷ︶ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠨᠦᠬᠦᠴᠡᠯ ᠢ ᠬᠦᠴᠦᠯᠡᠨ ᠪᠤᠢ ᠪᠣᠯᠭᠠᠨ᠎ᠠ ᠨᠡᠭᠡᠭᠡᠯᠳᠡ ᠶᠢᠨ ᠲᠠᠪᠴᠠᠩ ᠢ ᠲᠦᠷᠭᠡᠪᠴᠢᠯᠡᠨ ᠪᠠᠶᠢᠭᠤᠯᠤᠨ᠎ᠠ᠃ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠬᠤᠶᠠᠷ ᠤᠯᠤᠰ ᠤᠨ ᠵᠠᠰᠠᠭ ᠤᠨ ᠣᠷᠳᠣᠨ ᠤ ᠬᠤᠭᠤᠷᠣᠨᠳᠣᠬᠢ ᠬᠡᠯᠡᠯᠴᠡᠭᠡᠷ ᠤᠨ ᠬᠦᠴᠦᠨ ᠲᠠᠢ ᠪᠣᠯᠬᠤ ᠶᠢ ᠠᠬᠢᠭᠤᠯᠵᠤ᠂ ᠣᠨᠴᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ᠂ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ ᠠᠰᠠᠷ ᠵᠡᠷᠭᠡ ᠢᠵᠢ ᠪᠥᠷᠢᠳᠦᠭᠦᠯᠬᠦ ᠰᠠᠭᠤᠷᠢ ᠲᠦᠭᠦᠭᠡᠷᠦᠮᠵᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠥᠷᠥᠯ ᠤᠨ ᠲᠥᠯᠥᠪᠵᠢᠭᠦᠯᠭᠡ ᠶᠢ ᠬᠢᠨᠠᠨ ᠪᠠᠶᠢᠴᠠᠭᠠᠬᠤ᠂ ᠴᠣᠬᠤᠯᠠᠪᠣᠷᠢᠯᠠᠭᠤᠯᠬᠤ ᠠᠵᠢᠯ ᠢ ᠪᠡᠶᠡᠯᠡᠭᠦᠯᠦᠨ᠎ᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ ᠵᠥᠭᠡᠯᠡᠨ ᠬᠠᠲᠠᠭᠤ ᠲᠣᠨᠤᠭ ᠤᠨ ᠬᠢᠨᠠᠯᠲᠠ ᠬᠠᠮᠢᠶᠠᠷᠤᠯᠲᠠ ᠶᠢᠨ ᠨᠥᠬᠦᠴᠡᠯ ᠢ ᠲᠡᠭᠦᠯᠳᠡᠷᠵᠢᠭᠦᠯᠵᠦ᠂ ᠮᠣᠩᠭᠤᠯ ᠣᠷᠣᠰ ᠤᠨ ᠨᠣᠤᠰᠣ ᠨᠣᠣᠯᠣᠭᠤᠷ᠂ ᠠᠮᠤ ᠪᠤᠳᠠᠭ᠎ᠠ᠂ ᠬᠠᠲᠠᠭᠤ ᠬᠠᠯᠢᠰᠣᠳᠣ ᠵᠢᠮᠢᠰ ᠵᠡᠷᠭᠡ ᠲᠠᠸᠠᠷ ᠢᠶᠠᠷ ᠰᠢᠪᠲᠤᠯᠤᠯᠲᠠ ᠪᠣᠯᠭᠠᠵᠤ᠂ ᠵᠢᠯ ᠳᠣᠲᠣᠷ᠎ᠠ ᠬᠢᠯᠢ ᠶᠢᠨ ᠢᠷᠭᠡᠳ ᠤᠨ ᠬᠤᠳᠠᠯᠳᠣᠭᠠᠨ ᠤ ᠲᠠᠸᠠᠷ ᠢ ᠬᠡᠪᠴᠢᠶᠡᠵᠢᠭᠦᠯᠦᠨ ᠪᠦᠯᠦᠭ ᠬᠤᠪᠢᠶᠠᠨ ᠭᠠᠳᠠᠭᠠᠳᠤ ᠠᠴᠠ ᠣᠷᠣᠭᠤᠯᠬᠤ ᠶᠢ ᠪᠡᠶᠡᠯᠡᠭᠦᠯᠵᠦ᠂ 15 ᠤᠯᠤᠰ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠵᠦᠪᠰᠢᠶᠡᠷᠡᠯ ᠢ ᠣᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠳᠣᠭᠤᠷᠢᠭ ᠤᠨ ᠢᠵᠢ ᠪᠥᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠵᠦ᠂ ᠲᠡᠮᠦᠷ ᠵᠠᠮ ᠤᠨ ᠬᠢᠯᠢ ᠶᠢᠨ ᠢᠷᠭᠡᠳ ᠤᠨ ᠬᠤᠳᠠᠯᠳᠣᠭᠠᠨ ᠤ ᠴᠡᠭ᠂ ᠴᠠᠭᠠᠰᠤᠨ ᠡᠭᠡᠳᠡᠩ ᠤᠨ ᠬᠤᠭᠤᠴᠠᠭᠠᠲᠤ ᠪᠠᠷᠠᠭ᠎ᠠ ᠰᠢᠯᠵᠢᠭᠦᠯᠦᠨ ᠳᠣᠰᠢᠶᠠᠬᠤ ᠬᠥᠮᠥᠷᠭᠡ ᠶᠢᠨ ᠲᠥᠷᠥᠯ ᠵᠦᠢᠯ ᠢ ᠮᠡᠳᠡᠭᠦᠯᠦᠨ ᠭᠤᠶᠣᠴᠢᠯᠠᠬᠤ ᠠᠵᠢᠯ ᠢ ᠡᠬᠢᠯᠡᠭᠦᠯᠦᠨ᠎ᠡ᠃  ᠦᠷᠭᠡᠨ ᠬᠡᠪᠴᠢᠶᠡᠨ ᠤ ᠪᠣᠭᠤᠮᠳᠠ ᠶᠢᠨ ᠠᠵᠣ ᠠᠬᠤᠢ ᠶᠢ ᠢᠳᠡᠪᠬᠢᠳᠡᠢ ᠦᠷᠬᠡᠳᠭᠡᠵᠣ᠂ ᠣᠯᠠᠭᠠᠨᠴᠠᠪ ᠯᠤᠭ᠎ᠠ ᠶᠢᠨ ᠣᠷᠣᠨ ᠪᠦᠰᠡ ᠶᠢ ᠨᠢᠭᠡ ᠴᠣᠭᠴᠠᠵᠢᠭᠤᠯᠣᠭᠰᠠᠨ ᠬᠦᠭᠵᠢᠯᠳᠡ ᠶᠢ ᠬᠦᠨᠵᠡᠭᠡᠶᠢᠷᠡᠭᠦᠯᠦᠨ᠂ ᠬᠢᠯᠢ ᠬᠢᠵᠠᠭᠠᠷ ᠣᠷᠣᠨ ᠪᠣᠯᠣᠨ ᠳᠣᠳᠣᠷ ᠣᠷᠣᠨ ᠤ ᠬᠠᠷᠢᠯᠴᠠᠨ ᠬᠦᠳᠡᠯᠦᠯᠴᠡᠵᠣ᠂ ᠬᠠᠷᠢᠯᠴᠠᠨ ᠨᠦᠬᠦᠪᠦᠷᠢᠯᠡᠨ ᠬᠠᠷᠢᠯᠴᠠᠨ ᠬᠠᠷᠠᠭᠠᠯᠵᠠᠯ ᠬᠦᠷᠳᠡᠭᠡᠵᠣ᠂ ᠬᠠᠮᠳᠣᠷᠠᠨ ᠠᠵᠢᠯᠯᠠᠵᠣ ᠬᠠᠮᠳᠣᠪᠡᠷ ᠠᠰᠢᠭ ᠬᠦᠷᠳᠡᠬᠦ ᠶᠢ ᠠᠬᠢᠭᠤᠯᠣᠨ᠎ᠠ᠃ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠵᠡᠩᠨᠡᠯᠳᠡ  ᠶᠢᠨ ᠣᠷᠴᠢᠨ ᠢ ᠰᠢᠯᠢᠳᠡᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠪᠤᠶᠢᠮ᠎ᠠ ᠰᠠᠶᠢᠲᠤᠷ ᠠᠳᠬᠤᠨ᠎ᠠ᠃ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ ᠢ ᠲᠣᠭᠲᠠᠭᠠᠵᠤ᠂ ᠠᠵᠤ ᠠᠬᠤᠶᠢᠯᠠᠯ ᠨᠡᠭᠡᠭᠡᠨ ᠡᠷᠭᠢᠯᠡᠬᠦ ᠭᠠᠷᠳᠠᠮ ᠭᠦᠢᠴᠡᠳᠭᠡᠬᠦ ᠴᠠᠭ ᠢ ᠪᠣᠭᠤᠨᠢᠰᠬᠠᠨ᠂ ᠠᠵᠤ ᠠᠬᠤᠶᠢᠯᠠᠯ ᠨᠡᠭᠡᠭᠡᠨ ᠡᠷᠭᠢᠯᠡᠬᠦ ᠠᠯᠬᠤᠮ ᠳᠠᠷᠠᠭᠠᠯᠠᠯ ᠢ ᠰᠢᠯᠢᠳᠡᠭᠵᠢᠭᠦᠯᠦᠨ᠎ᠡ᠃ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠬᠤ ᠲᠠᠯᠠᠪᠤᠷ ᠤᠨ ᠪᠠᠭᠲᠠᠭᠠᠮᠵᠢ ᠶᠢ ᠥᠷᠭᠡᠳᠬᠡᠨ ᠰᠢᠨᠡᠴᠢᠯᠡᠬᠦ ᠠᠵᠢᠯ ᠢ ᠳᠠᠭᠤᠰᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠶᠠᠪᠣᠳᠠᠯ ᠢ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ︽ᠨᠢᠭᠡ ᠰᠦᠯᠵᠢᠶ᠎ᠡ ᠪᠠᠷ ᠭᠦᠢᠴᠡᠳᠭᠡᠬᠦ︾ ︽ᠭᠠᠷ ᠣᠳᠠᠰᠣᠨ ᠳᠡᠭᠡᠷ᠎ᠡ ᠭᠦᠢᠴᠡᠳᠭᠡᠬᠦ︾ ︽ᠨᠢᠭᠡ ᠯᠡ ᠤᠳᠠᠭ᠎ᠠ ᠳᠤ ᠭᠦᠢᠴᠡᠳᠭᠡᠬᠦ︾ ︽ᠰᠠᠨᠠᠭᠠᠴᠢᠯᠠᠭ᠎ᠠ ᠠᠴᠠ ᠪᠠᠨ ᠬᠠᠪᠰᠤᠷᠤᠨ ᠭᠦᠢᠴᠡᠳᠭᠡᠬᠦ︾ ᠶᠢ ᠬᠡᠷᠡᠭᠵᠢᠭᠦᠯᠦᠨ᠎ᠡ᠃ ᠪᠣᠭᠤᠮᠲᠠ ᠨᠡᠪᠳᠡᠷᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠵᠦ᠂ ᠲᠡᠮᠦᠷ ᠵᠠᠮ ᠤᠨ ᠪᠣᠭᠤᠮᠲᠠ ᠶᠢᠨ ᠪᠠᠷᠠᠭ᠎ᠠ ᠳᠡᠭᠡᠭᠡᠪᠦᠷᠢ  ᠶᠢᠨ ᠨᠠᠷᠢᠨ ᠳᠠᠩᠰᠠ ᠶᠢ ᠤᠷᠢᠳᠴᠢᠯᠠᠨ ᠳᠠᠮᠵᠢᠭᠤᠯᠬᠤ ᠶᠢ ᠬᠡᠷᠡᠭᠵᠢᠭᠦᠯᠦᠨ᠂ ᠠᠶᠠᠨᠴᠢᠳ ᠤᠨ ᠲᠡᠭᠡᠭᠡᠪᠦᠷᠢ ᠶᠢᠨ ᠣᠶᠣᠨᠴᠢᠯᠠᠭᠰᠠᠨ ᠺᠠᠷᠲ ᠣᠩᠰᠢᠨ ᠨᠡᠪᠳᠡᠷᠡᠭᠦᠯᠬᠦ ᠭᠠᠷᠴᠠ ᠶᠢ ᠪᠥᠬᠦ ᠲᠠᠯ᠎ᠠ ᠪᠠᠷ ᠡᠬᠢᠯᠡᠨ ᠬᠡᠷᠡᠭᠯᠡᠵᠦ᠂ ᠪᠣᠭᠤᠮᠲᠠ ᠶᠢᠨ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ︽ᠳᠣᠰᠠᠯᠠᠨ ᠪᠠᠳᠣᠯᠠᠬᠤ ᠵᠢᠭᠡᠯᠡᠯᠭᠡ︾ ︽ᠬᠢᠯᠢ ᠶᠢᠨ ᠠᠷᠠᠯᠵᠢᠶ᠎ᠠ ᠶᠢᠨ e ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠪᠦᠲᠦᠭᠡᠭᠳᠡᠭᠦᠨ ᠢ ᠠᠮᠢᠳᠤᠯᠢᠭ ᠢᠶᠠᠷ ᠰᠠᠶᠢᠲᠤᠷ ᠬᠡᠷᠡᠭᠯᠡᠨ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠷᠠᠯᠵᠢᠶᠠᠨ ᠤ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠬᠡᠨ ᠤ ᠲᠠᠪᠴᠠᠩ ᠢ ᠰᠤᠳᠤᠯᠤᠨ ᠪᠠᠶᠢᠭᠤᠯᠵᠤ ᠂ ᠪᠣᠭᠤᠮᠲᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠷᠢᠯᠴᠠᠨ ᠬᠤᠯᠪᠣᠨ ᠬᠠᠷᠢᠯᠴᠠᠨ ᠨᠡᠪᠳᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠪᠣᠭᠤᠮᠲᠠ ᠶᠢᠨ ᠪᠣᠭᠤᠮᠢ ᠬᠢᠵᠠᠭᠠᠷᠯᠠᠯ ᠢ ᠪᠦᠲᠦᠮᠵᠢᠲᠡᠶ ᠰᠢᠢᠳᠪᠦᠷᠢᠯᠡᠵᠣ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ 5 ᠲᠦᠷᠦᠯ ᠵᠦᠢᠯ ᠢ ᠭᠤᠣᠯᠳᠠᠯᠭ᠎ᠠ ᠪᠣᠯᠭᠠᠨ ᠬᠡᠷᠡᠭᠵᠢᠭᠦᠯᠦᠨ᠎ᠡ᠃ ᠵᠢᠨᠢᠩ— ᠡᠷᠢᠶᠡᠨ ᠱᠣᠭᠤᠮ᠂ ᠲᠡᠮᠦᠷ ᠵᠠᠮ ᠤᠨ ᠥᠷᠲᠡᠭᠡ ᠳᠠᠯᠠᠪᠠᠢ ᠶᠢᠨ ᠴᠢᠳᠠᠪᠬᠢ ᠶᠢ ᠦᠷᠭᠡᠳᠭᠡᠨ ᠰᠢᠨᠡᠳᠭᠡᠬᠦ ᠲᠥᠷᠥᠯ ᠵᠦᠢᠯ ᠢ ᠵᠢᠯ ᠳᠣᠲᠣᠷ᠎ᠠ ᠳᠠᠭᠤᠰᠬᠠᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠴᠤᠭᠯᠠᠷᠠᠯ ᠤᠨ ᠲᠥᠪ᠂ ᠵᠠᠰᠠᠮᠠᠯ ᠵᠠᠮ ᠤᠨ ᠪᠣᠭᠤᠮᠲᠠ ᠶᠢᠨ ᠠᠭᠤᠷᠬᠠᠶ ᠶᠢᠨ ᠪᠦᠲᠦᠭᠡᠭᠳᠡᠭᠦᠨ ᠤ ᠲᠤᠰᠬᠠᠶ ᠭᠠᠷᠴᠠ ᠶᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠣᠶᠣᠨᠳᠣ ᠪᠣᠭᠤᠮᠳᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ ᠳᠡᠰ  ᠤᠨ ᠵᠠᠰᠠᠮᠠᠯ ᠵᠠᠮ ᠤᠨ 331 ᠱᠤᠭᠤᠮ ᠤᠨ ᠡᠷᠢᠶᠡᠨ ᠠᠴᠠ ᠠᠶᠢᠷᠠᠭ ᠬᠡᠶᠢᠳ ᠬᠥᠷᠬᠦ ᠬᠡᠰᠡᠭ ᠤᠨ ᠵᠠᠰᠠᠮᠠᠯ ᠵᠠᠮ ᠢ ᠵᠠᠰᠠᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠡᠷᠢᠶᠡᠨ— ᠭᠤᠸ᠋ᠩᠵᠸᠣ ᠴᠢᠭᠯᠡᠯ ᠤᠨ ᠦᠨᠳᠦᠷ ᠬᠤᠷᠳᠣᠴᠠᠳᠣ ᠵᠠᠰᠠᠮᠠᠯ ᠵᠠᠮ ᠤᠨ ᠡᠷᠢᠶᠡᠨ ᠠᠴᠠ ᠰᠠᠶᠢᠬᠠᠨᠳᠠᠯ᠎ᠠ ᠬᠥᠷᠬᠦ ᠬᠡᠰᠡᠭ ᠤᠨ ᠵᠠᠰᠠᠮᠠᠯ ᠵᠠᠮ ᠤᠨ ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠭᠠᠷᠠᠮ ᠨᠡᠪᠲᠡᠷᠡᠭᠦᠯᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠤᠨ᠎ᠠ᠃ ᠤᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ ᠰᠢᠯᠭᠠᠨ ᠬᠤᠷᠢᠶᠠᠯᠳᠠ ᠶᠢ ᠦᠩᠭᠡᠷᠡᠭᠦᠯᠵᠣ᠂ ᠵᠢᠩᠬᠢᠨᠢ ᠪᠠᠷ ᠭᠠᠳᠠᠭᠰᠢ ᠨᠡᠭᠡᠭᠡᠬᠦ ᠪᠠᠷ ᠴᠢᠷᠮᠠᠶᠢᠨ᠎ᠠ᠃︵ᠭᠤᠷᠪᠠ︶ ᠤᠨᠴᠠᠯᠢᠬᠳᠤ ᠠᠵᠤ ᠦᠢᠯᠡᠰ ᠢ ᠲᠡᠰ ᠳᠡᠪᠰᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠦᠨ᠎ᠡ ᠣᠯᠠᠨ ᠤᠯᠤᠰ ᠤᠨ ᠠᠷᠠᠯᠵᠢᠶ᠎ᠠ ᠪᠠᠷᠠᠭᠠᠨ ᠤ ᠭᠦᠢᠯᠭᠡᠭᠡᠨ ᠤ ᠦᠢᠯᠡᠰ ᠢ ᠶᠡᠬᠡᠰᠬᠡᠨ ᠬᠦᠭᠵᠢᠭᠦᠯᠦᠨ᠎ᠡ᠃ ᠭᠠᠳᠠᠭᠠᠳᠤ ᠠᠷᠠᠯᠵᠢᠶᠠᠨ ᠤ ᠶᠡᠷᠦᠩᠬᠡᠶ ᠬᠡᠯᠲᠡᠰ ᠤᠨ ᠠᠵᠤ ᠠᠬᠤᠶ ᠶᠢ ᠬᠥᠭᠵᠢᠭᠦᠯᠵᠦ᠂ ᠭᠠᠳᠠᠭᠠᠳᠤ ᠠᠵᠤ ᠠᠬᠤᠶ ᠠᠷᠠᠯᠵᠢᠶᠠᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠬᠦᠬᠡᠬᠡᠴᠡᠯᠳᠦᠨ ᠤᠯᠬᠤ ᠶᠢᠨ ᠬᠠᠮᠲᠤ ᠰᠠᠶᠢᠲᠤᠷ ᠬᠡᠷᠡᠭᠯᠡᠵᠦ᠂ ᠡᠯ᠎ᠡ ᠲᠥᠷᠥᠯ ᠤᠨ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠪᠠᠶᠢᠭᠤᠯᠣᠮᠵᠢ ᠳᠠᠩᠰᠠᠯᠠᠭᠤᠯᠣᠨ ᠡᠵᠡᠩᠨᠡᠯᠳᠡ ᠬᠢᠬᠦ ᠶᠢ ᠣᠳᠣᠷᠢᠳᠣᠨ ᠳᠠᠳᠠᠨ᠎ᠠ᠃ ᠭᠠᠳᠠᠭᠠᠳᠤ ᠠᠷᠠᠯᠵᠢᠶ᠎ᠠ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ︵ᠳᠤᠭᠤᠶᠢᠯᠠᠩ ᠪᠦᠯᠬᠦᠮ︶ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠷᠢᠶᠡᠨ ᠬᠤᠳᠠ ᠪᠠᠷ ᠡᠬᠢᠯᠡᠯᠳᠡ ᠶᠢᠨ ᠴᠡᠭ ᠪᠣᠯᠭᠠᠭᠰᠠᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠨᠡᠭᠡᠭᠡᠨ ᠠᠵᠢᠯᠯᠠᠭᠤᠯᠬᠤ ᠶᠢ ᠰᠤᠳᠤᠯᠵᠤ᠂ ᠡᠭᠡᠯᠵᠢ ᠶᠢᠨ ᠭᠠᠯᠲᠤ ᠲᠡᠷᠭᠡ ᠶᠢᠨ ᠠᠵᠤ ᠠᠬᠤᠶ ᠶᠢ ᠬᠦᠭᠵᠢᠭᠦᠯᠦᠨ ᠥᠷᠭᠡᠳᠬᠡᠨ᠎ᠡ᠃ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠬᠡᠬᠡᠨ ᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠤᠤ ᠭᠠᠩ ᠵᠢᠮᠢᠰ ᠨᠣᠭᠤᠭ᠎ᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠣᠭᠲᠠᠮᠠᠯ ᠳᠣᠯᠠᠭᠠᠨᠳᠣ ᠬᠥᠮᠥᠷᠭᠡ᠂ ᠬᠤᠤ ᠲᠦᠩ ᠪᠢᠲᠡᠭᠦᠮᠵᠢᠯᠡᠭᠰᠡᠨ ᠮᠠᠶ᠋ᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠭᠦᠷᠡᠰᠦᠨ ᠫᠧᠩ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠳᠠ ᠳᠤ ᠣᠷᠣᠭᠤᠯᠬᠤ ᠶᠢ ᠠᠬᠢᠭᠤᠯᠤᠨ᠎ᠠ᠃ ᠵᠠᠰᠠᠮᠠᠯ ᠵᠠᠮ ᠳᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠬᠡᠪᠴᠢᠶ᠎ᠡ ᠶᠢ ᠪᠠᠬᠢᠵᠢᠭᠦᠯᠦᠨ ᠥᠷᠭᠡᠳᠬᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ ᠶᠢ 2000 ᠲᠦᠮᠡᠨ ᠲᠣᠨ ᠠᠴᠠ ᠳᠠᠪᠠᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠦᠷᠳᠡᠭ ᠢ 250 ᠳ᠋ᠦᠩᠰᠢᠭᠤᠷ ᠲᠦᠭᠦᠷᠢᠭ ᠲᠤ ᠬᠦᠷᠬᠡᠬᠦ  ᠪᠠᠷ ᠴᠢᠷᠮᠠᠶᠢᠨ᠎ᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠯᠪᠠᠰᠤᠷᠠᠭᠤᠯᠬᠤ ᠦᠢᠯᠡᠰ ᠢ ᠬᠦᠴᠦᠷᠭᠡᠭᠵᠢᠭᠦᠯᠦᠨ᠎ᠡ᠃ ᠬᠢᠯᠢ ᠶᠢᠨ ᠢᠷᠭᠡᠳ ᠤᠨ ᠬᠤᠳᠠᠯᠳᠣᠭᠠᠨ ᠤ ᠭᠠᠳᠠᠭᠠᠳᠤ ᠠᠴᠠ ᠣᠷᠣᠭᠤᠯᠬᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠲᠤᠷᠰᠢᠯᠲᠠ ᠶᠢᠨ ᠴᠡᠭ ᠤᠨ ᠠᠵᠢᠯ ᠢ ᠪᠥᠬᠦ ᠬᠦᠴᠦᠨ ᠢᠶᠠᠷ ᠠᠬᠢᠭᠤᠯᠣᠨ᠎ᠠ᠃ ᠣᠲᠣ ᠶᠢᠨ ᠪᠠᠶᠢᠭ᠎ᠠ ᠠᠮᠤ ᠲᠣᠰᠣᠨ ᠤ ᠠᠵᠤ ᠠᠬᠤᠶᠢᠯᠠᠯ ᠤᠨ ᠡᠳ᠋ᠰᠢᠭᠦᠯᠬᠦ ᠬᠡᠪᠴᠢᠶ᠎ᠡ ᠪᠠᠨ ᠥᠷᠭᠡᠳᠬᠡᠬᠦ᠂ ᠪᠡᠶ᠎ᠡ ᠪᠠᠨ ᠳᠠᠭᠠᠭᠠᠭᠰᠠᠨ ᠨᠠᠷᠠᠲᠤ ᠲᠡᠮᠳᠡᠭᠲᠦ ᠶᠢ ᠪᠣᠶ ᠪᠣᠯᠭᠠᠬᠤ ᠶᠢ ᠳᠡᠮᠵᠢᠵᠣ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠸᠠᠨ ᠺᠠᠶ᠂ ᠬᠥ᠋ ᠹᠧᠩ ᠠᠮᠤ ᠲᠣᠰᠣ ᠡᠳ᠋ᠰᠢᠭᠦᠯᠬᠦ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠠᠬᠢᠭᠤᠯᠵᠤ᠂ ᠬᠤᠤ ᠲᠢᠶᠠᠨ ᠠᠮᠤ ᠲᠣᠰᠣ ᠡᠳ᠋ᠰᠢᠭᠦᠯᠬᠦ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠠᠰᠢᠭ ᠬᠦᠷᠲᠡᠬᠦ ᠶᠢ ᠠᠬᠢᠭᠤᠯᠣᠨ᠂ ᠵᠠᠭᠤᠨ ᠲᠦᠮᠡᠨ ᠲᠣᠨ ᠤ ᠭᠠᠳᠠᠭᠠᠳᠤ ᠠᠴᠠ ᠣᠷᠣᠭᠤᠯᠬᠤ ᠠᠮᠤ ᠲᠣᠰᠣ ᠡᠳ᠋ᠰᠢᠭᠦᠯᠬᠦ ᠰᠠᠭᠤᠷᠢᠨ ᠢ ᠪᠠᠶᠢᠭᠤᠯᠣᠨ᠎ᠠ᠃ ᠨᠣᠣᠰᠣ ᠨᠣᠣᠯᠣᠭᠤᠷ ᠢ ᠭᠠᠳᠠᠭᠠᠳᠣ ᠠᠴᠠ ᠣᠷᠣᠭᠤᠯᠣᠨ ᠡᠳ᠋ᠰᠢᠭᠦᠯᠬᠦ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠵᠦ᠂ ᠨᠣᠣᠰᠣ ᠨᠣᠣᠯᠣᠭᠤᠷ ᠤᠨ ᠠᠵᠤ ᠠᠬᠤᠶᠢᠯᠠᠯ ᠤᠨ ᠾᠧᠪᠸᠢ᠂ ᠨᠢᠩᠰᠢᠶᠠ᠂ ᠭᠠᠨᠰᠦ ᠵᠡᠷᠭᠡ ᠭᠠᠵᠠᠷ ᠣᠷᠣᠨ ᠲᠠᠢ ᠠᠵᠤ ᠦᠢᠯᠡᠰ ᠤᠨ ᠬᠠᠮᠳᠣᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠤᠨ᠂ ᠲᠦᠮᠡᠨ ᠲᠣᠨ ᠤ ᠭᠠᠳᠠᠭᠠᠳᠤ ᠠᠴᠠ ᠣᠷᠣᠭᠤᠯᠬᠤ ᠨᠣᠣᠰᠣ ᠨᠣᠣᠯᠣᠭᠤᠷ ᠡᠳ᠋ᠰᠢᠭᠦᠯᠬᠦ ᠰᠠᠭᠤᠷᠢᠨ ᠢ ᠪᠠᠶᠢᠭᠤᠯᠤᠨ᠎ᠠ᠃ ᠤᠰᠤ ᠬᠡᠷᠡᠭᠯᠡᠬᠦ ᠬᠡᠮᠵᠢᠶ᠎ᠡ ᠪᠠᠷ ᠠᠵᠣ ᠦᠢᠯᠡᠰ ᠢ ᠳᠣᠭᠳᠠᠭᠠᠨ ᠠᠭᠤᠷᠬᠠᠶ ᠶᠢᠨ ᠪᠦᠲᠦᠭᠡᠭᠳᠡᠭᠦᠨ ᠢ ᠡᠳ᠋ᠰᠢᠭᠦᠯᠬᠦ ᠦᠢᠯᠡᠰ ᠢ ᠲᠠᠰ ᠳᠡᠪᠰᠢᠭᠦᠯᠦᠨ᠎ᠡ᠃ ᠮᠣᠳᠣᠨ ᠮᠠᠲ᠋ᠧᠷᠢᠶᠠᠯ ᠡᠳ᠋ᠰᠢᠭᠦᠯᠬᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠥᠲᠥᠯᠦᠨ ᠵᠢᠯᠣᠭᠤᠳᠣᠨ᠎ᠠ᠃ ᠬᠢᠯᠢ ᠶᠢᠨ ᠰᠣᠶᠣᠯ ᠵᠢᠭᠤᠯᠴᠢᠯᠠᠯ ᠤᠨ ᠦᠢᠯᠡᠰ ᠢ ᠠᠮᠢᠳᠣᠯᠢᠭᠵᠢᠭᠤᠯᠣᠨ ᠬᠦᠭᠵᠢᠭᠦᠯᠦᠨ᠎ᠡ᠃ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠳᠣᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠢᠯᠢ ᠶᠢᠨ ᠵᠢᠭᠤᠯᠴᠢᠯᠠᠯ ᠤᠨ ᠲᠤᠷᠰᠢᠯᠲᠠ ᠶᠢᠨ ᠳᠣᠭᠤᠷᠢᠭ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠠ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠣᠶᠣᠯ ᠵᠢᠭᠤᠯᠴᠢᠯᠠᠯ ᠤᠨ ᠪᠦᠯᠦᠭᠯᠡᠯ ᠢ ᠪᠠᠶᠢᠭᠤᠯᠤᠨ᠎ᠠ᠃ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠤᠯᠤᠰ ᠤᠨ ᠡᠭᠦᠳᠡ ᠦᠵᠡᠮᠵᠢ ᠶᠢᠨ ᠣᠷᠣᠨ ᠢ ᠳᠡᠰ ᠳᠡᠪᠰᠢᠭᠦᠯᠬᠦ᠂ ᠰᠣᠶᠣᠯ ᠤᠬᠠᠭᠤᠯᠭ᠎ᠠ  ᠶᠢᠨ ᠲᠥᠪ ᠢ ᠰᠢᠨᠡᠳᠭᠡᠨ ᠵᠠᠰᠠᠬᠤ ᠢᠨᠵᠧᠨᠧᠷᠢᠩ ᠢ ᠳᠠᠭᠤᠰᠬᠠᠨ᠂ ᠨᠣᠮ ᠤᠨ ᠰᠠᠩ ᠢ ᠰᠢᠨ᠎ᠡ ᠪᠠᠷ ᠪᠠᠶᠢᠭᠤᠯᠵᠣ ᠵᠠᠰᠠᠨ ᠴᠢᠮᠡᠭᠯᠡᠬᠦ ᠲᠥᠷᠥᠯ ᠵᠦᠢᠯ ᠢ ᠡᠬᠢᠯᠡᠭᠦᠯᠦᠨ᠎ᠡ᠃ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠪᠣᠭᠤᠮᠲᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠴᠡᠪᠡᠷ ᠡᠨᠧᠷᠭᠢ ᠶᠢᠨ ᠦᠢᠯᠡᠰ ᠢ ᠪᠣᠳᠠᠳᠠᠶᠢᠵᠢᠭᠤᠯᠣᠨ ᠬᠦᠭᠵᠢᠭᠦᠯᠦᠨ᠎ᠡ᠃ ᠲᠠᠬᠢᠨ ᠠᠰᠢᠭᠯᠠᠵᠣ ᠪᠣᠯᠬᠤ ᠡᠨᠧᠷᠭᠢ ᠶᠢᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠲᠦᠷᠦᠯ ᠵᠦᠢᠯ ᠢ ᠲᠦᠷᠭᠡᠪᠴᠢᠯᠡᠨ ᠠᠬᠢᠭᠤᠯᠵᠤ᠂ ᠨᠠᠷᠠᠨ ᠡᠨᠧᠷᠬᠢ ᠪᠠ ᠰᠠᠯᠬᠢᠨ ᠡᠨᠧᠷᠬᠢ ᠶᠢᠨ ᠴᠠᠬᠢᠯᠭᠠᠨ ᠢ ᠪᠦᠬᠦ ᠪᠠᠭᠲᠠᠭᠠᠮᠵᠢ ᠪᠠᠷ ᠨᠢ ᠰᠦᠯᠵᠢᠶᠡᠨ ᠳᠤ ᠨᠡᠶᠢᠯᠡᠭᠦᠯᠦᠨ ᠴᠠᠬᠢᠯᠭᠠᠨ ᠭᠠᠷᠭᠠᠬᠤ ᠪᠠᠷ ᠴᠢᠷᠮᠠᠶᠢᠨ᠂ ᠪᠦᠬᠦ ᠬᠤᠳᠠ ᠶᠢᠨ ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ ᠮᠠᠰᠢᠨ ᠤ ᠣᠭᠰᠠᠷᠠᠯᠳᠠ ᠶᠢᠨ ᠬᠡᠮᠵᠢᠶ᠎ᠡ ᠪᠠᠭᠲᠠᠭᠠᠮᠵᠢ ᠶᠢ 70 ᠲᠦᠮᠡᠨ ᠺᠢᠯᠣᠸᠠᠲ ᠲᠤ ᠬᠦᠷᠭᠡᠨ᠎ᠡ᠃ ᠵᠢᠯ ᠳᠣᠲᠣᠷ᠎ᠠ ᠵᠢᠩ ᠨᠧᠩ ᠪᠦᠯᠦᠭᠯᠡᠯ ᠢ ᠭᠤᠣᠯᠳᠠᠯᠭ᠎ᠠ ᠪᠣᠯᠭᠠᠨ ᠣᠷᠣᠭᠤᠯᠤᠨ ᠠᠪᠴᠢᠷᠠᠵᠤ᠂ ᠬᠢᠯᠢ ᠶᠢᠨ ᠪᠣᠭᠤᠮᠲᠠ ᠶᠢᠨ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ᠂ ᠰᠢᠨ᠎ᠡ ᠡᠨᠧᠷᠭᠢ ᠶᠢᠨ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠲᠦᠷᠦᠯ ᠵᠦᠢᠯ ᠤᠨ ᠪᠣᠳᠠᠳᠣ ᠠᠬᠢᠯᠳᠠ ᠲᠠᠢ ᠪᠣᠯᠬᠤ ᠶᠢ ᠠᠬᠢᠭᠤᠯᠤᠨ᠎ᠠ᠃ ︵ᠳᠥᠷᠪᠡ︶ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠪᠣᠭᠤᠮᠲᠠ ᠬᠤᠲᠠ ᠶᠢ ᠴᠣᠭᠴᠠᠯᠠᠨ᠎ᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢ ᠬᠦᠨᠵᠡᠭᠡᠶᠢᠷᠡᠭᠦᠯᠦᠨ᠎ᠡ᠃ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢᠨ ᠬᠠᠶᠠᠭᠳᠠᠨ ᠭᠠᠷᠬᠤ ᠶᠢ ᠭᠡᠳᠡᠷᠭᠦ ᠰᠢᠬᠠᠮᠳᠠᠭᠤᠯᠵᠤ᠂ ᠪᠦᠬᠦ ᠵᠢᠯ ᠤᠨ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠭᠦᠢᠴᠡᠳᠭᠡᠯ ᠲᠤᠭ᠎ᠠ ᠶᠢᠨ ᠡᠭᠦᠷᠭᠡ ᠶᠢ ᠪᠡᠶᠡᠯᠡᠭᠦᠯᠬᠦ ᠶᠢ ᠪᠠᠳᠣᠯᠠᠨ᠎ᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ 11 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠣᠨ᠎ᠠ᠃ ︽ᠳᠠᠷᠠᠬᠠᠢ ᠪᠣᠳᠠᠷᠬᠠᠢ᠂ ᠡᠮᠬᠢ ᠵᠠᠮᠪᠠᠷᠠᠭ᠎ᠠ ᠥᠬᠡᠶ᠂ ᠪᠣᠬᠢᠷᠳᠠᠯ ᠲᠠᠢ︾ ᠠᠵᠤ ᠠᠬᠤᠶᠢᠯᠠᠯ ᠢ ᠪᠠᠶᠢᠩᠭᠤ ᠶᠢᠨ ᠴᠢᠨᠠᠷᠳᠠᠢ ᠶᠡᠷᠦᠩᠬᠡᠶᠢᠯᠡᠨ ᠴᠡᠭᠴᠡᠯᠡᠨ ᠵᠠᠰᠠᠵᠣ᠂ ᠲᠣᠭᠤᠰᠣ ᠰᠢᠷᠣᠶ ᠶᠢᠨ ᠪᠣᠬᠢᠷᠲᠤᠯ᠂ ᠴᠠᠶᠢᠶ᠋ᠢᠦ ᠲᠣᠰᠣᠨ ᠤ ᠠᠴᠢᠶᠠᠨ ᠤ ᠲᠡᠷᠭᠡ ᠶᠢᠨ ᠪᠣᠬᠢᠷᠲᠤᠯ ᠵᠡᠷᠭᠡ ᠶᠢ ᠳᠣᠰᠬᠠᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠦᠨ᠎ᠡ᠃ ᠡᠮᠴᠢᠯᠡᠭᠡᠨ ᠤ ᠬᠠᠶᠠᠭᠳᠠᠮᠠᠯ ᠬᠤᠭ ᠢ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠰᠢᠨᠡᠳᠭᠡᠵᠣ᠂ ᠤᠤᠭᠤᠬᠤ ᠤᠰᠤᠨ ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠥᠷᠪᠡᠳᠦᠭᠡᠷ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠳᠣᠭᠤᠷᠢᠭ ᠢ ᠵᠠᠭᠠᠭᠯᠠᠨ ᠲᠣᠭᠲᠠᠭᠠᠵᠤ ᠴᠣᠬᠤᠯᠠᠪᠣᠷᠢᠯᠠᠭᠤᠯᠬᠤ ᠠᠵᠢᠯ ᠢ ᠪᠡᠶᠡᠯᠡᠭᠦᠯᠦᠨ᠎ᠡ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠳᠣᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠯ ᠤᠨ ᠳᠣᠲᠣᠷ᠎ᠠ ᠳᠡᠭᠡᠳᠦ ᠱᠠᠲᠤᠨ ᠠᠴᠠ ᠪᠠᠭᠤᠯᠭᠠᠭᠰᠠᠨ ᠬᠠᠤᠯᠢ ᠠᠴᠠ ᠵᠥᠷᠢᠴᠡᠭᠰᠡᠨ ᠲᠦᠰᠦᠪ ᠵᠢᠷᠤᠭ ᠢ ᠬᠠᠷᠭᠤᠭᠤᠯᠤᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠦᠬᠡᠶᠢᠰᠬᠡᠨ ᠬᠠᠰᠤᠬᠤ ᠡᠭᠦᠷᠭᠡ ᠶᠢ ᠪᠡᠶᠡᠯᠡᠭᠦᠯᠦᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠣᠮᠵᠢᠭᠤᠯᠣᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠶ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠪᠠ ᠬᠤᠳᠠ ᠪᠠᠯᠭᠠᠰᠣᠨ ᠤ ᠨᠡᠭᠡᠭᠡᠨ ᠠᠰᠢᠭᠯᠠᠯᠳᠠ ᠶᠢᠨ ᠵᠠᠭᠠᠭ ᠱᠣᠭᠤᠮ ᠢ ᠳᠣᠭᠳᠠᠭᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠱᠤᠭᠤᠮ ᠢ ᠬᠠᠶᠢᠨ ᠪᠠᠶᠢᠴᠠᠭᠠᠵᠤ ᠪᠠᠷᠢᠮᠵᠢᠶ᠎ᠠ ᠲᠣᠭᠲᠠᠭᠠᠬᠤ ᠠᠵᠢᠯ ᠢ ᠳᠠᠭᠤᠰᠬᠠᠨ᠎ᠠ᠃ ᠬᠤᠳᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠰᠢᠨ᠎ᠡ ᠡᠭᠡᠯᠵᠢ ᠶᠢᠨ ᠪᠣᠯᠪᠠᠰᠣᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠪᠠᠷᠢᠮᠵᠢᠶ᠎ᠠ ᠲᠠᠢ ᠬᠠᠷᠭᠤᠭᠤᠯᠵᠤ᠂ ᠬᠤᠲᠠ ᠶᠢᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠪᠠ ᠦᠢᠯᠡᠴᠢᠯᠡᠬᠡᠨ ᠤ ᠳᠤᠲᠠᠭᠤᠳᠠᠯ ᠪᠠᠭᠤᠷᠠᠶ ᠲᠠᠯ᠎ᠠ ᠶᠢ ᠨᠥᠬᠦᠪᠥᠷᠢᠯᠡᠵᠦ᠂ ᠥᠷᠭᠡᠨ ᠣᠯᠠᠨ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠭᠤᠴᠢᠨ ᠰᠠᠭᠤᠭᠠᠯᠢ ᠲᠣᠭᠤᠷᠢᠭ ᠢ ᠦᠬᠡᠷᠡᠴᠢᠯᠡᠨ ᠰᠢᠨᠡᠴᠢᠯᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠳᠠᠯ ᠠᠬᠤᠶ ᠶᠢᠨ ᠬᠠᠮᠢᠶᠠᠷᠤᠯᠲᠠ᠂ ᠡᠪᠦᠯ ᠤᠨ ᠤᠯᠠᠷᠢᠯ ᠤᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ᠂ ᠵᠣᠨ ᠤ ᠤᠯᠠᠷᠢᠯ ᠤᠨ ᠤᠰᠤ ᠬᠠᠩᠭᠠᠬᠤ ᠶᠢ ᠪᠠᠲᠤᠯᠠᠬᠤ ᠵᠡᠷᠭᠡ ᠠᠰᠠᠭᠤᠳᠠᠯ ᠢ ᠲᠦᠷᠬᠡᠳᠭᠡᠨ ᠰᠢᠢᠳᠪᠦᠷᠢᠯᠡᠨ᠎ᠡ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠵᠢᠯ ᠳᠣᠲᠣᠷ᠎ᠠ ᠪᠣᠯᠪᠠᠰᠣᠨ ᠬᠤᠳᠠ ᠶᠢ ᠡᠭᠦᠳᠦᠨ ᠪᠠᠶᠢᠭᠤᠯᠬᠤ ᠳᠤ ᠬᠤᠯᠪᠣᠭᠳᠠᠬᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠬᠦ᠂ 8 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ᠂ 9.4 ᠺᠢᠯᠣᠮᠧᠲᠷ ᠤᠨ ᠬᠠᠭᠤᠴᠢᠨ ᠤᠰᠤ ᠭᠠᠳᠠᠭᠰᠢᠯᠠᠭᠤᠯᠬᠤ ᠭᠤᠣᠷᠰᠣ ᠶᠢ ᠥᠭᠡᠷᠡᠴᠢᠯᠡᠨ ᠰᠢᠨᠡᠳᠬᠡᠬᠦ᠂ ᠪᠠᠷᠠᠭᠤᠨ ᠲᠣᠭᠤᠷᠢᠭ ᠤᠨ 21 ᠺᠢᠯᠣᠮᠧᠲᠷ ᠣᠷᠳᠣ ᠤᠰᠤ ᠬᠠᠩᠭᠠᠬᠤ ᠤᠰᠤ ᠭᠠᠳᠠᠭᠰᠢᠯᠠᠭᠤᠯᠬᠤ ᠭᠤᠣᠷᠰᠣ᠂ 110 ᠺᠢᠯᠣᠸᠠᠲ ᠤᠨ ᠬᠦᠴᠦᠳᠡᠯ ᠬᠤᠪᠢᠰᠬᠠᠬᠤ ᠦᠷᠳᠡᠭᠡ ᠶᠢ ᠥᠭᠡᠷᠡᠴᠢᠯᠡᠨ ᠰᠢᠨᠡᠳᠬᠡᠬᠦ᠂ ᠣᠷᠣᠰᠢᠨ ᠰᠠᠭᠤᠬᠤ ᠣᠷᠴᠢᠨ ᠵᠢᠴᠢ ᠰᠦᠷᠴᠢᠨ ᠴᠡᠪᠡᠷᠯᠡᠬᠦ ᠨᠡᠶᠢᠳᠡ ᠶᠢᠨ ᠵᠣᠷᠯᠣᠩ ᠢ ᠦᠬᠡᠷᠡᠴᠢᠯᠡᠨ ᠰᠢᠨᠡᠳᠭᠡᠬᠦ ᠵᠡᠷᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠳᠠᠭᠤᠰᠬᠠᠨ᠎ᠠ᠃ ᠪᠡᠯᠡᠳᠬᠡᠯ ᠤᠰᠤᠨ ᠰᠤᠷᠪᠤᠯᠵᠢ ᠶᠢᠨ ᠭᠠᠵᠠᠷ ᠤᠨ ᠪᠣᠯᠤᠮᠵᠢ ᠶᠢᠨ ᠴᠢᠨᠠᠷᠲᠠᠶ ᠰᠤᠳᠤᠯᠭᠠᠨ᠂ ᠪᠠᠯᠠ ᠮᠥᠩᠭᠦ ᠪᠠ ᠲᠥᠷᠥᠯ ᠵᠦᠢᠯ ᠢ ᠬᠦᠬᠡᠬᠡᠴᠡᠯᠳᠣᠨ ᠤᠯᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠵᠦ᠂ ᠤᠰᠤᠨ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ᠂ ᠲᠡᠮᠦᠷ ᠵᠠᠮ ᠤᠨ ᠤᠰᠤᠨ ᠦᠢᠯᠡᠳᠪᠦᠷᠢ ᠶᠢᠨ ᠰᠢᠨᠡᠴᠢᠯᠡᠯᠳᠡ᠂ ᠳᠠᠬᠢᠨᠳᠠ ᠠᠰᠢᠭᠯᠠᠬᠤ ᠤᠰᠤᠨ ᠤ ᠭᠤᠣᠷᠰᠣ ᠶᠢ ᠦᠬᠡᠷᠡᠴᠢᠯᠡᠨ ᠰᠢᠨᠡᠳᠭᠡᠬᠦ ᠢᠨᠵᠧᠨᠧᠷᠢᠩ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠵᠢᠶᠦ᠋ᠨ ᠸᠧᠶ ᠱᠸᠦ ᠹᠦ᠋ ᠵᠡᠷᠭᠡ ᠰᠠᠭᠤᠭᠠᠯᠢ ᠲᠣᠭᠤᠷᠢᠭ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠵᠢᠴᠢ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠣᠨ᠂ ᠪᠥᠬᠦ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ︽ᠭᠠᠭᠴᠠ ᠵᠢᠷᠤᠭ︾ ᠢ ᠪᠡᠶᠡᠯᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠦᠮᠴᠢᠯᠡᠯ  ᠤᠨ ᠡᠷᠬᠡ ᠶᠢ ᠨᠢᠭᠡᠳᠦᠯᠲᠡᠶ ᠨᠤᠲᠠᠯᠠᠨ ᠲᠣᠭᠲᠠᠭᠠᠬᠤ ᠠᠵᠢᠯ ᠢ ᠥᠷᠨᠢᠭᠦᠯᠵᠦ᠂ ᠭᠠᠵᠠᠷ ᠰᠢᠷᠣᠶ ᠶᠢᠨ ᠬᠤᠶᠠᠳᠡᠬᠢ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠳᠣᠳᠠᠢ ᠠᠬᠢᠭᠤᠯᠵᠤ᠂ ᠰᠣᠯᠠ ᠳᠠᠯᠪᠢᠭᠳᠠᠵᠣ ᠪᠠᠶᠢᠭ᠎ᠠ ᠭᠠᠵᠠᠷ ᠰᠢᠷᠣᠶ ᠶᠢ ᠴᠡᠭᠴᠡᠯᠡᠨ ᠠᠷᠢᠯᠭᠠᠨ᠎ᠠ᠃ ᠬᠤᠲᠠ ᠶᠢᠨ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢᠨ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠳᠠᠯ ᠠᠬᠤᠶ ᠶᠢᠨ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ ᠠᠬᠢᠭᠤᠯᠤᠨ᠎ᠠ᠃ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠲᠦᠯᠬᠢᠨ ᠠᠬᠢᠭᠤᠯᠣᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠭᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠦ᠂ ᠲᠠᠬᠢᠨ ᠶᠠᠳᠠᠭᠤᠷᠠᠬᠤ  ᠠᠴᠠ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠲᠠᠩᠰᠠᠯᠠᠵᠤ ᠺᠠᠷᠲᠯᠠᠭᠰᠠᠨ ᠡᠷᠦᠬᠡ ᠶᠢᠨ ᠲᠠᠬᠢᠨ ᠶᠠᠳᠠᠭᠤᠷᠠᠬᠤ ᠦᠭᠡᠢ ᠪᠠᠶᠢᠬᠤ ᠶᠢ ᠪᠠᠲᠤᠯᠠᠨ᠎ᠠ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ ᠴᠡᠭᠴᠡᠯᠡᠨ ᠰᠠᠶᠢᠵᠢᠷᠠᠭᠤᠯᠵᠣ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠮᠠᠯᠴᠢᠨ ᠳᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ ᠃ ᠮᠠᠯᠴᠢᠨ ᠲᠠᠷᠢᠶᠠᠴᠢᠳ ᠤᠨ ᠲᠤᠰᠬᠠᠶ ᠬᠤᠷᠰᠢᠶ᠎ᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠮᠠᠯᠴᠢᠨ ᠳᠠᠷᠢᠶᠠᠴᠢᠳ ᠪᠣᠯᠣᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠨᠢᠭᠲᠠᠷᠠᠭᠤᠯᠤᠨ᠂ ᠠᠯᠠᠰᠢᠨ ᠦᠬᠡᠷ᠂ ᠠᠯᠠᠰᠢᠨ ᠬᠤᠨᠢ᠂ ᠭᠠᠳᠠᠭᠠᠳᠤ ᠠᠴᠠ ᠣᠷᠣᠭᠤᠯᠤᠭᠰᠠᠨ ᠴᠡᠪᠡᠷ ᠡᠭᠦᠯᠳᠡᠷ ᠤᠨ ᠠᠳᠤᠭᠤ ᠵᠡᠷᠭᠡ ᠮᠠᠯ ᠠᠵᠤ ᠠᠬᠤᠶ ᠶᠢᠨ ᠦᠢᠯᠡᠰ ᠤᠨ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ᠃ ︽ᠵᠢᠭᠤᠯᠴᠢᠯᠠᠯ +︾ ︽ᠠᠮᠢ ᠠᠬᠤᠶ +︾ ᠵᠡᠷᠭᠡ ᠵᠠᠭᠪᠤᠷ ᠢ ᠠᠰᠢᠭᠯᠠᠨ᠂ ᠰᠠᠶᠢᠬᠤᠰᠣ ᠶᠢᠨ ᠵᠢᠮᠢᠰ ᠨᠣᠭᠤᠭ᠎ᠠ ᠲᠡᠭᠦᠬᠦ ᠵᠢᠭᠤᠯᠴᠢᠯᠠᠯ᠂ ᠲᠠᠯ᠎ᠠ ᠨᠤᠲᠤᠭ ᠤᠨ ᠮᠠᠯᠴᠢᠨ ᠡᠷᠦᠬᠡ ᠶᠢᠨ ᠵᠢᠭᠤᠯᠴᠢᠯᠠᠯ ᠵᠡᠷᠭᠡ ᠵᠢᠭᠤᠯᠴᠢᠯᠠᠯ ᠤᠨ ᠪᠦᠲᠦᠭᠡᠭᠳᠡᠬᠦᠨ ᠢ ᠪᠤᠶᠢᠵᠢᠭᠤᠯᠤᠨ᠂ ᠮᠠᠯᠴᠢᠨ ᠳᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠎ᠠ᠃ ︵ᠲᠠᠪᠤ︶ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠨ᠎ᠡ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠬᠡᠷᠡᠭᠵᠢᠭᠦᠯᠬᠦ ᠠᠷᠭ᠎ᠠ ᠶᠢ ᠲᠣᠭᠲᠠᠭᠠᠨ ᠨᠡᠶᠢᠲᠡᠯᠡᠵᠦ᠂ ᠦᠨᠳᠦᠰᠦᠲᠡᠨ ᠤ ᠰᠣᠶᠣᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠲᠢᠶᠠᠨ ᠯᠢ ᠪᠣᠯᠤᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠨᠡᠪᠴᠢᠭᠦᠯᠬᠦ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠤᠨ᠂ ︽ᠱᠠᠩᠨᠠᠯ ᠪᠠᠷ ᠨᠥᠬᠦᠪᠥᠷᠢ ᠶᠢ ᠣᠷᠣᠯᠠᠭᠤᠯᠬᠤ︾ ᠪᠠᠯᠠ ᠮᠥᠩᠭᠦ ᠶᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠭᠤᠤᠯᠳᠠᠯᠭ᠎ᠠ ᠲᠠᠢ ᠬᠦᠮᠦᠰ ᠤᠨ ᠭᠦᠢᠴᠡᠳ ᠠᠵᠢᠯ ᠤᠯᠬᠤ ᠶᠢ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠬᠡᠷᠡᠭᠵᠢᠭᠦᠯᠦᠨ᠂ ᠠᠭᠤᠰᠬᠢᠨ ᠤ ᠳᠣᠭᠤᠰᠵᠢᠯᠳᠠ ᠶᠢᠨ ᠡᠪᠡᠳᠴᠢᠨ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠳᠡᠯᠭᠡᠷᠡᠭᠦᠯᠵᠦ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠣᠨᠴᠠ ᠬᠦᠴᠢᠷᠳᠡᠯ ᠲᠠᠢ ᠬᠥᠮᠦᠰ᠂ ᠵᠡᠮᠳᠡᠭᠴᠦᠳ ᠵᠡᠷᠭᠡ ᠬᠦᠴᠢᠷᠳᠡᠯ ᠲᠠᠢ ᠬᠦᠮᠦᠰ ᠢ ᠠᠪᠤᠷᠠᠨ ᠲᠤᠰᠠᠯᠠᠬᠤ ᠶᠢ ᠴᠢᠩᠭᠠᠳᠬᠠᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠳᠠ ᠶᠢᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠳᠣᠯᠠᠨ᠎ᠠ᠃ ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠣᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠵᠣ᠂ ᠤᠯᠤᠰ ᠤᠨ ᠭᠤᠷᠪᠠᠨ ᠲᠦᠷᠦᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠳᠡ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠡᠷᠢᠶᠡᠨ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠭᠤᠶᠤᠴᠢᠯᠠᠨ ᠪᠠᠶᠢᠭᠤᠯᠵᠤ᠂ ᠣᠯᠠᠨ ᠤᠯᠤᠰ ᠤᠨ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠳᠠᠳᠤᠯᠭ᠎ᠠ ᠪᠣᠯᠪᠠᠰᠤᠷᠠᠯ ᠤᠨ ᠠᠰᠠᠷ᠂ ᠬᠤᠶᠠᠳᠤᠭᠠᠷ ᠳᠤᠮᠳᠠᠳᠤ ᠰᠤᠷᠭᠠᠭᠤᠯᠢ ᠪᠠ ᠭᠤᠷᠪᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠳᠠ ᠳᠤ ᠣᠷᠣᠭᠤᠯᠬᠤ ᠶᠢ ᠠᠬᠢᠭᠤᠯᠵᠤ᠂ ᠬᠢᠲᠠᠳ ᠢᠶᠠᠷ ᠬᠢᠴᠢᠶᠡᠯᠯᠡᠬᠦ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠥᠷᠭᠡᠳᠬᠡᠨ ᠪᠠᠶᠢᠭᠤᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠦᠨ᠎ᠡ᠃ ᠬᠤᠲᠠ ᠶᠢᠨ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠪᠠᠶᠢᠰᠢᠩ ᠪᠠ ᠬᠡᠭᠡᠷ᠎ᠡ ᠶᠢᠨ ᠬᠤᠯᠤᠭᠠᠨ᠎ᠠ ᠬᠢᠵᠢᠭ ᠢ ᠪᠠᠶᠢᠴᠠᠭᠠᠨ ᠬᠡᠮᠵᠢᠬᠦ ᠴᠡᠭ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠲᠣᠭᠤᠷᠢᠭ ᠪᠠ ᠡᠮᠴᠢᠯᠡᠭᠡᠨ ᠤ ᠲᠦᠭᠦᠭᠡᠷᠦᠮᠵᠢ ᠶᠢ ᠳᠡᠰ ᠳᠡᠪᠰᠢᠭᠦᠯᠬᠦ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠮ ᠨᠠᠶᠢᠷᠠᠯᠭ᠎ᠠ ᠶᠢᠨ ᠲᠠᠰᠤᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠣ᠂ ᠪᠠᠴᠢᠮ ᠳᠤᠲᠠᠭᠳᠠᠵᠤ ᠪᠠᠶᠢᠭ᠎ᠠ ᠡᠮᠴᠢᠯᠡᠭᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠪᠥᠬᠦ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠪᠠᠲᠤᠯᠠᠭ᠎ᠠ ᠪᠠ ᠠᠪᠤᠷᠠᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ︽ᠤᠶᠤᠨᠲᠤ ᠨᠡᠶᠢᠭᠡᠮ ᠲᠣᠭᠤᠷᠢᠭ︾ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠠᠪᠴᠠᠩ ᠢ ᠨᠡᠭᠡᠭᠡᠨ ᠠᠵᠢᠯᠯᠠᠭᠤᠯᠣᠨ᠎ᠠ᠃ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠴᠢᠩᠭ᠎ᠠ ᠠᠳᠬᠤᠵᠤ᠂ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠵᠦᠷᠢᠴᠡᠯ ᠵᠢᠭᠤᠷᠠᠯᠳᠣᠭᠠᠨ ᠢ ᠲᠣᠬᠢᠲᠠᠶ ᠰᠢᠢᠳᠪᠦᠷᠢᠯᠡᠨ᠎ᠡ᠃ ᠠᠶᠤᠯᠭᠦᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠳᠣᠳᠠᠢ ᠲᠦᠯᠬᠢᠨ ᠠᠬᠢᠭᠤᠯᠵᠤ᠂ ᠬᠦᠨᠳᠦ ᠣᠨᠴᠠ ᠶᠡᠭᠡ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ᠃ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠢ ᠡᠰᠡᠷᠭᠦᠴᠡᠨ ᠬᠤᠷᠢᠭᠯᠠᠬᠤ ᠴᠢᠳᠠᠪᠣᠷᠢ ᠶᠢ ᠳᠡᠭᠡᠭᠰᠢᠯᠡᠭᠦᠯᠦᠨ᠎ᠡ᠃ ᠬᠢᠯᠢ ᠬᠢᠵᠠᠭᠠᠷ ᠢ ᠬᠠᠮᠢᠶᠠᠷᠴᠤ ᠬᠢᠯᠢ ᠬᠢᠵᠠᠭᠠᠷ ᠢ ᠡᠵᠡᠮᠳᠡᠬᠦ᠂ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠠᠮᠤᠷ ᠲᠠᠶᠢᠪᠤᠩ ᠤᠮᠠᠷᠠᠲᠤ ᠬᠢᠯᠢ᠂ ᠤᠶᠤᠨᠲᠤ ᠬᠢᠯᠢ ᠶᠢᠨ ᠬᠠᠮᠠᠭᠠᠯᠠᠯᠲᠠ︾ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠣᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠵᠤ᠂ ᠦᠷᠡᠭᠳᠡᠭᠰᠡᠨ ᠪᠠᠭᠠᠲᠤᠷᠴᠤᠳ ᠤᠨ ᠳᠣᠷᠠᠰᠬᠠᠯ  ᠤᠨ ᠲᠠᠯᠠᠪᠠᠢ ᠶᠢ ᠪᠠᠶᠢᠭᠤᠯᠤᠨ᠎ᠠ᠃ ︵ᠵᠢᠷᠭᠤᠭ᠎ᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠭᠡᠬᠦ ᠶᠢ ᠪᠠᠷᠢᠮᠳᠠᠯᠠᠨ᠎ᠠ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠣᠳᠠᠲᠠᠶ ᠠᠵᠢᠯᠯᠠᠭ᠎ᠠ ᠳᠡᠭᠡᠷ᠎ᠡ ᠦᠨᠡᠨᠬᠦ ᠨᠠᠶᠢᠳᠠᠪᠤᠷᠢᠵᠢᠭᠤᠯᠵᠦ᠂ ᠵᠠᠰᠠᠭ ᠤᠨ ᠣᠷᠳᠣᠨ ᠤ ᠠᠵᠢᠯ ᠤᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠯᠠᠪᠳᠠᠭᠤᠨ ᠤᠷᠤᠭᠰᠢᠯᠠᠬᠤ ᠶᠢ ᠦᠨᠡᠨᠬᠦ ᠪᠠᠳᠣᠯᠠᠨ᠎ᠠ᠃ ᠠᠪᠢᠶᠠᠰ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠺᠠᠳ᠋ᠷ ᠤᠨ ᠪᠣᠯᠪᠠᠰᠣᠷᠠᠭᠤᠯᠣᠯ ᠪᠠ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠨ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ︽ᠨᠠᠢᠮᠠᠨ ᠵᠦᠢᠯ ᠤᠨ ᠠᠪᠢᠶᠠᠰ ᠴᠢᠳᠠᠪᠣᠷᠢ︾ ᠶᠢ ᠪᠦᠬᠦ ᠲᠠᠯ᠎ᠠ ᠪᠠᠷ ᠴᠢᠩᠭᠠᠳᠬᠠᠨ᠂ ︽ᠲᠤᠯᠤᠭᠠᠨ ᠵᠦᠢᠯ ᠤᠨ ᠣᠷ᠎ᠠ ᠴᠢᠳᠠᠪᠤᠷᠢ︾ ᠶᠢ ᠳᠡᠭᠡᠭᠰᠢᠯᠡᠭᠦᠯᠵᠣ᠂ ᠵᠠᠰᠠᠭ ᠤᠨ ᠣᠷᠳᠣᠨ ᠤ ᠠᠵᠢᠯ ᠤᠨ ᠴᠠᠭ ᠦᠶᠡᠴᠢ ᠴᠢᠨᠠᠷ᠂ ᠪᠠᠶᠠᠯᠢᠭ ᠪᠦᠲᠦᠭᠡᠯᠴᠢ ᠴᠢᠨᠠᠷ ᠢ ᠨᠡᠩ ᠰᠠᠶᠢᠨ ᠢᠯᠡᠷᠡᠭᠦᠯᠦᠨ᠂ ᠰᠢᠢᠳᠦᠭᠰᠡᠨ ᠶᠠᠪᠤᠳᠠᠯ ᠢ ᠨᠢᠭᠡ ᠶᠢ ᠬᠢᠪᠡᠯ ᠨᠢᠭᠡ ᠶᠢ ᠪᠦᠲᠦᠭᠡᠬᠦ ᠶᠢ ᠪᠠᠲᠤᠯᠠᠨ᠎ᠠ᠃ ᠠᠷᠠᠳ ᠤᠨ ᠲᠥᠯᠥᠭᠡ ᠵᠠᠰᠠᠭ ᠪᠠᠷᠢᠬᠤ ᠶᠢ ᠪᠠᠷᠢᠮᠲᠠᠯᠠᠨ᠎ᠠ᠃ ︽ᠳᠠᠷᠦ᠋ᠢᠬᠠᠨ ᠬᠢᠵᠦ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠬᠤ︾ ᠠᠵᠢᠯ ᠤᠨ ᠰᠤᠷᠲᠠᠯ ᠢ ᠪᠠᠳᠠᠷᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠳᠠᠯᠠᠨ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠣ᠂ ᠣᠯᠠᠨ ᠲᠦᠮᠡᠨ᠂ ᠠᠵᠤ ᠠᠬᠤᠶᠢᠯᠠᠯ ᠪᠠ ᠦᠨᠳᠦᠰᠦᠨ ᠱᠠᠲᠤᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠢ ᠬᠦᠴᠦ ᠳᠠᠯᠪᠢᠨ ᠰᠢᠢᠳᠪᠦᠷᠢᠯᠡᠵᠣ᠂ ᠢᠯᠡ ᠲᠣᠳᠣ ᠬᠤᠪᠢᠷᠠᠯᠲᠠ ᠪᠠᠷ ᠣᠯᠠᠨ ᠲᠦᠮᠡᠨ ᠪᠠ ᠠᠵᠤ ᠠᠬᠤᠶᠢᠯᠠᠯ ᠤᠨ ᠬᠦᠰᠡᠯ ᠡᠷᠡᠮᠡᠯᠵᠡᠯ ᠳᠤ ᠬᠠᠷᠢᠭᠤ ᠥᠭᠴᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠳᠣ ᠪᠤᠳᠤᠯᠭ᠎ᠠ ᠲᠣᠭᠲᠠᠭᠠᠬᠤ ᠠᠯᠬᠤᠮ ᠳᠠᠷᠠᠭᠠᠯᠠᠯ ᠢ ᠨᠠᠶᠢᠳᠠᠪᠤᠷᠢᠵᠢᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠦᠯᠢ ᠬᠡᠷᠡᠭᠵᠢᠭᠦᠯᠬᠦ ᠶᠢ ᠴᠢᠩᠭ᠎ᠠ ᠵᠢᠷᠣᠮᠵᠢᠭᠤᠯᠣᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠠ ᠠᠷᠠᠳ ᠤᠨ ᠪᠦᠯᠬᠦᠮ ᠤᠨ ᠰᠠᠨᠠᠯ ᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠣᠷᠠᠳᠣᠯᠭ᠎ᠠ ᠶᠢ ᠪᠦᠬᠦ ᠬᠦᠴᠦᠨ ᠢᠶᠠᠷ ᠰᠠᠶᠢᠳᠣᠷ ᠭᠦᠢᠴᠡᠳᠭᠡᠨ᠎ᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠨ ᠪᠣᠳᠣᠯᠳᠠ ᠶᠢᠨ ᠬᠢᠨᠠᠯᠲᠠ ᠲᠠᠯᠪᠢᠬᠤ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ︽ᠲᠦᠷᠪᠡᠨ ᠰᠤᠷᠲᠠᠯ︾ ᠢ ᠤᠷᠳᠤ ᠬᠤᠭᠤᠴᠠᠭ᠎ᠠ ᠪᠠᠷ ᠵᠠᠯᠠᠷᠠᠭᠤᠯᠤᠨ ᠵᠠᠰᠠᠬᠤ ᠶᠢ ᠪᠠᠷᠢᠮᠲᠠᠯᠠᠨ᠎ᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠲᠥᠰᠦᠪ ᠤᠨ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠮᠥᠩᠭᠦᠨ ᠭᠦᠢᠯᠭᠡᠭᠡᠨ ᠢᠶᠠᠷ ᠦᠷᠢ ᠦᠭᠴᠡᠭᠡ ᠶᠢ ᠠᠷᠢᠯᠭᠠᠬᠤ ᠠᠵᠢᠯ ᠢ ᠡᠬᠢᠯᠡᠭᠦᠯᠵᠦ᠂ ︽ᠭᠤᠷᠪᠠᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠡ᠃ ᠲᠥᠯᠥᠭᠡᠯᠡᠭᠴᠢᠳ ᠡ︕ ᠰᠢᠷᠭᠠᠭᠤ ᠳᠡᠮᠡᠴᠡᠯ ᠢᠶᠠᠷ ᠬᠦᠰᠡᠯ ᠮᠦᠷᠦᠭᠡᠳᠦᠯ ᠪᠡᠶᠡᠯᠡᠭᠳᠡᠵᠣ᠂ ᠪᠣᠳᠠᠲᠠᠢ ᠠᠵᠢᠯᠯᠠᠬᠤ ᠪᠠᠷ ᠭᠡᠷᠡᠯᠳᠣ ᠢᠷᠡᠭᠡᠳᠦᠢ ᠴᠣᠭᠴᠠᠯᠠᠭᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠤᠴᠠᠯᠲᠠ ᠦᠭᠡᠢ ᠲᠡᠮᠡᠴᠡᠵᠦ᠂ ᠯᠠᠪᠳᠠᠭᠤᠨ ᠪᠠᠲᠤᠲᠠᠶ ᠪᠠᠷ ᠴᠢᠷᠮᠠᠶᠢᠨ ᠠᠵᠢᠯᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠠᠭᠠᠶ᠎ᠠ︕ ᠨᠡᠷ᠎ᠡ ᠦᠭᠡ ᠶᠢᠨ ᠲᠠᠶᠢᠯᠪᠤᠷᠢ    1. ᠲᠦᠷᠪᠡᠨ ᠲᠠᠯ᠎ᠠ ᠶᠢᠨ ᠬᠠᠷᠢᠭᠤᠴᠠᠯᠭ᠎ᠠ᠄  ᠬᠠᠷᠢᠶ᠎ᠠ ᠣᠷᠣᠨ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ᠬᠠᠷᠢᠭᠤᠴᠠᠯᠭ᠎ᠠ᠃ 2. ︽ᠳᠠᠷᠠᠬᠠᠢ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ᠄ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠥᠬᠡᠶ᠂ ᠲᠤᠬᠠᠶ ᠶᠢᠨ ᠭᠠᠵᠠᠷ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠳᠤ ᠨᠡᠶᠢᠴᠡᠬᠦ ᠥᠬᠡᠶ᠂ ᠬᠠᠮᠢᠶ᠎ᠠ ᠪᠥᠬᠦᠶ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠯᠳᠡ ᠶᠢᠨ ᠭᠠᠷᠳᠠᠮ ᠢ ᠬᠦᠢᠴᠡᠳᠬᠡᠭᠰᠡᠨ ᠥᠬᠡᠶ᠂ ᠭᠠᠳᠠᠭᠰᠢᠯᠠᠭᠤᠯᠬᠤ ᠪᠠᠷᠢᠮᠵᠢᠶ᠎ᠠ ᠳᠤ ᠳᠣᠭᠳᠠᠭᠤᠨ ᠢᠶᠠᠷ ᠬᠦᠷᠴᠦ ᠳᠡᠶᠢᠯᠬᠦ ᠥᠬᠡᠶ ᠪᠣᠶᠣ ᠵᠠᠰᠠᠬᠤ ᠪᠣᠯᠣᠮᠵᠢ ᠪᠠᠶᠢᠬᠤ ᠦᠬᠡᠢ ᠠᠵᠤ ᠠᠬᠤᠶᠢᠯᠠᠯ᠃ 3. ᠬᠢᠯᠢ ᠶᠢᠨ ᠠᠷᠠᠯᠵᠢᠶᠠᠨ ᠤ e ᠵᠢᠭᠡᠯᠡᠯᠭᠡ᠄ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠡᠷᠢᠶᠡᠨ ᠬᠤᠲᠠ ᠶᠢᠨ ᠵᠠᠰᠠᠭ ᠤᠨ ᠣᠷᠳᠣᠨ᠂ ᠥᠪᠥᠷ ᠮᠣᠩᠭᠤᠯ ᠤᠨ ᠳ᠋ᠢᠩ ᠰᠢᠨ ᠪᠡᠯᠡ ᠬᠤᠷᠠᠮᠳᠣᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠲᠤᠷᠠᠨ ᠭᠠᠷᠭᠠᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠦᠢᠯᠡᠳᠬᠦᠨ ᠪᠣᠯᠣᠨ᠎ᠠ᠂ ᠡᠨᠡ ᠨᠢ ᠵᠠᠰᠠᠭ ᠤᠨ ᠣᠷᠳᠣᠨ᠂ ᠪᠠᠩᠬᠢ᠂ ᠳᠠᠭᠠᠭᠠᠯᠳᠠ ᠶᠢᠨ ᠺᠣᠮᠫᠠᠨᠢ ᠠᠴᠠ ᠲᠦᠭᠰᠢᠭᠦᠷᠢ ᠶᠢ ᠬᠤᠪᠢᠶᠠᠯᠴᠠᠨ ᠡᠭᠦᠷᠭᠡᠯᠡᠬᠦ ᠰᠢᠨ᠎ᠡ ᠬᠡᠯᠪᠡᠷᠢ ᠶᠢᠨ ᠵᠠᠭᠪᠤᠷ ᠢ ᠬᠡᠷᠡᠭᠯᠡᠨ᠂ ᠵᠢᠭᠡᠯᠡᠯᠭᠡ ᠠᠪᠣᠭᠴᠢ ᠠᠴᠠ ᠳᠠᠭᠠᠭᠠᠯᠲᠠ ᠬᠠᠩᠭᠠᠬᠤ ᠴᠢᠬᠤᠯᠠ ᠥᠬᠡᠶ ᠪᠦᠭᠡᠳ ᠵᠢᠭᠡᠯᠡᠯᠭᠡ ᠶᠢᠨ ᠬᠦᠤ ᠮᠦᠩᠭᠦ ᠶᠢᠨ ᠲᠦᠪᠰᠢᠨ ᠬᠠᠷᠢᠴᠠᠩᠭᠤᠢ ᠳᠣᠤᠷ᠎ᠠ᠂ ᠵᠢᠭᠡᠯᠡᠯᠭᠡ ᠲᠠᠯᠪᠢᠬᠤ ᠬᠤᠷᠳᠤᠴᠠ ᠨᠢ ᠲᠦᠷᠭᠡᠨ᠂ ᠲᠤᠭ᠎ᠠ ᠬᠡᠮᠵᠢᠶ᠎ᠡ ᠨᠢ ᠬᠠᠮᠤᠭ ᠤᠨ ᠥᠨᠳᠥᠷ ᠲᠤ ᠪᠠᠨ 800 ᠲᠦᠮᠡᠨ ᠲᠥᠭᠦᠷᠢᠭ ᠲᠤ ᠬᠦᠷᠳᠡᠭ ᠪᠠᠶᠢᠵᠣ᠂ ᠡᠷᠢᠶᠡᠨ ᠬᠤᠳᠠ  ᠶᠢᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠣᠷᠢ ᠬᠤᠳᠠᠯᠳᠤᠭᠠᠨ ᠤ ᠡᠷᠦᠬᠡ ᠳᠤ ᠲᠤᠯᠭᠠᠷᠠᠵᠤ ᠪᠠᠶᠢᠭ᠎ᠠ ᠪᠠᠯᠠ ᠬᠤᠷᠠᠮᠳᠣᠭᠤᠯᠬᠤ ᠳᠤ ᠬᠦᠴᠢᠷᠲᠡᠶ᠂ ᠪᠠᠯᠠ ᠬᠤᠷᠠᠮᠳᠣᠭᠤᠯᠬᠤ ᠳᠤ ᠦᠨᠡᠲᠡᠶ᠂ ᠪᠠᠯᠠ ᠬᠤᠷᠠᠮᠳᠣᠭᠤᠯᠬᠤ ᠳᠤ ᠤᠳᠠᠭᠠᠨ ᠪᠠᠶᠢᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠣᠷᠢᠯᠡᠵᠦ᠂ ᠲᠤᠬᠠᠶ ᠶᠢᠨ ᠭᠠᠵᠠᠷ ᠤᠨ ᠵᠢᠵᠢᠭ ᠪᠢᠴᠢᠯ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠥᠩᠭᠦᠨ ᠬᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠦᠢᠴᠡᠳ ᠬᠠᠩᠭᠠᠵᠤ ᠴᠢᠳᠠᠨ᠎ᠠ᠃ 4. ︽ᠵᠢᠷᠭᠤᠭᠠᠨ ᠶᠡᠭᠡ ᠪᠣᠭᠤᠮᠲᠠ ᠰᠢᠪᠲᠤᠯᠬᠤ︾᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠣᠭᠤᠮᠲᠠ ᠰᠢᠪᠲᠤᠯᠬᠤ᠂ ᠵᠠᠷ ᠮᠡᠳᠡᠭᠡ ᠫᠠᠶᠢᠰᠠ ᠢᠯᠡᠷᠬᠡᠶᠢᠯᠡᠯ ᠤᠨ ᠪᠣᠭᠤᠮᠲᠠ ᠰᠢᠪᠲᠤᠯᠬᠤ᠂ ᠵᠠᠮ ᠡᠵᠡᠯᠡᠭᠰᠡᠨ ᠡᠵᠡᠩᠨᠡᠯᠳᠡ ᠶᠢᠨ ᠪᠣᠭᠤᠮᠲᠠ ᠰᠢᠪᠲᠤᠯᠬᠤ᠂ ᠪᠠᠷᠢᠯᠭ᠎ᠠ ᠶᠢᠨ ᠭᠠᠵᠠᠷ ᠤᠨ ᠪᠣᠭᠤᠮᠲᠠ ᠰᠢᠪᠲᠤᠯᠬᠤ᠂ ᠬᠤᠭ ᠰᠢᠷᠣᠶ ᠶᠢ ᠴᠡᠪᠡᠷᠯᠡᠨ ᠵᠥᠭᠡᠭᠡᠪᠦᠷᠢᠯᠡᠬᠦ ᠪᠣᠭᠤᠮᠲᠠ ᠰᠢᠪᠲᠤᠯᠬᠤ᠂ ᠬᠠᠶᠠᠭᠳᠠᠮᠠᠯ ᠡᠳ᠋ ᠬᠤᠳᠠᠯᠳᠤᠨ ᠠᠪᠣᠯᠳᠠ ᠶᠢᠨ ᠪᠣᠭᠤᠮᠲᠠ ᠰᠢᠪᠲᠤᠯᠬᠤ᠃ 5. ︽ᠨᠠᠢᠮᠠᠨ ᠲᠦᠷᠦᠯ ᠤᠨ ᠴᠡᠭᠴᠡᠯᠡᠯᠳᠠ︾᠄ ᠲᠡᠨᠦᠭᠦᠯ ᠨᠣᠬᠠᠶ ᠶᠢᠨ ᠴᠡᠭᠴᠡᠯᠡᠯᠳᠠ᠂ ᠨᠡᠭᠦᠳᠡᠯ ᠬᠤᠳᠠᠯᠳᠤᠭᠠᠴᠢᠨ  ᠤ ᠴᠡᠭᠴᠡᠯᠡᠯᠳᠠ᠂ ᠲᠤᠮᠤ ᠬᠡᠯᠪᠡᠷᠢ ᠶᠢᠨ ᠲᠡᠷᠭᠡ ᠬᠥᠰᠬᠡ ᠶᠢᠨ ᠴᠡᠭᠴᠡᠯᠡᠯᠳᠠ᠂ ᠲᠥᠷᠢᠮ ᠠᠴᠠ ᠵᠥᠷᠢᠴᠡᠭᠰᠡᠨ ᠪᠠᠷᠢᠯᠭ᠎ᠠ ᠶᠢᠨ ᠴᠡᠭᠴᠡᠯᠡᠯᠳᠠ᠂ ︽ᠠᠭᠠᠯᠵᠢᠨ ᠲᠣᠣᠷ︾ ᠤᠨ ᠴᠡᠭᠴᠡᠯᠡᠯᠳᠠ᠂ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠴᠡᠭᠴᠡᠯᠡᠯᠳᠠ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠴᠡᠭᠴᠡᠯᠡᠯᠳᠠ᠂ ︽ᠵᠢᠷᠭᠤᠭᠠᠨ ᠵᠢᠵᠢᠭ︾ ᠠᠵᠢᠯ ᠲᠥᠷᠥᠯ ᠤᠨ ᠴᠡᠭᠴᠡᠯᠡᠯᠳᠠ ︵ᠵᠢᠵᠢᠭ ᠦᠰᠦ ᠵᠠᠰᠠᠬᠤ ᠭᠠᠵᠠᠷ᠂ ᠵᠢᠵᠢᠭ ᠤᠬᠢᠶᠠᠯᠭ᠎ᠠ ᠶᠢᠨ ᠭᠠᠵᠠᠷ ᠂ ᠵᠢᠵᠢᠭ ᠢᠳᠡᠭᠡᠨ ᠤᠮᠳᠠᠭᠠᠨ ᠤ ᠭᠠᠵᠠᠷ᠂ ᠵᠢᠵᠢᠭ ᠬᠤᠯᠢᠰᠢᠨ ᠢᠳᠡᠬᠡᠨ ᠤ ᠦᠢᠯᠡᠳᠭᠡᠯ᠂ ᠵᠢᠵᠢᠭ ᠪᠠᠭᠤᠳᠠᠯ᠂ ᠵᠢᠵᠢᠭ ᠳᠠᠭᠤᠤ ᠪᠥᠵᠢᠭ ᠤᠨ ᠲᠢᠩᠬᠢᠮ︶᠃ 6. ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠ ᠦᠭᠡᠶ︾ ᠬᠤᠲᠠ᠄ ᠱᠠᠳᠣ ᠠᠯᠣᠰᠯᠠᠨ ᠪᠡᠭᠡᠵᠢᠩ ᠳᠤ ᠬᠦᠷᠦᠭᠰᠡᠨ ᠵᠠᠬᠢᠳᠠᠯ ᠰᠣᠷᠪᠣᠯᠵᠢᠯᠠᠭ᠎ᠠ ᠦᠭᠡᠶ᠂ ᠶᠡᠭᠡ ᠬᠡᠪᠴᠢᠶᠡᠨ ᠤ ᠲᠦᠪᠯᠡᠷᠡᠭᠰᠡᠨ ᠵᠠᠬᠢᠳᠠᠯ ᠰᠣᠷᠪᠣᠯᠵᠢᠯᠠᠭ᠎ᠠ ᠦᠭᠡᠶ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠠᠴᠠ ᠡᠭᠦᠰᠦᠭᠰᠡᠨ ᠲᠦᠢᠯ ᠤᠨ ᠨᠣᠴᠢᠳᠠᠢ ᠬᠡᠷᠡᠭ ᠪᠠ ᠶᠠᠷᠢᠶ᠎ᠠ ᠬᠡᠯᠡᠯᠴᠡᠭᠡᠨ ᠤ ᠨᠠᠵᠠᠭᠠᠶ ᠲᠠᠯ᠎ᠠ ᠶᠢᠨ ᠬᠥᠭᠡᠷᠭᠡᠳᠡᠯ ᠦᠭᠡᠢ᠃ 7. ︽ᠨᠢᠭᠡ ᠳᠣᠮᠣ ᠪᠠᠶᠢᠯᠳᠣᠬᠤ ᠪᠣᠳᠣᠯᠭ᠎ᠠ ᠶᠢᠨ ᠡᠭᠦᠷᠭᠡ ᠬᠠᠷᠢᠭᠤᠴᠠᠯᠭ᠎ᠠ︾᠄ ᠡᠷᠢᠶᠡᠨ ᠬᠤᠳᠠ ᠶᠢ ᠣᠯᠣᠰ ᠤᠨ ᠣᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢᠨ ᠪᠠᠶᠢᠯᠳᠣᠬᠤ ᠪᠣᠳᠣᠯᠭ᠎ᠠ ᠶᠢᠨ ᠳᠣᠯᠭᠠᠭᠤᠷᠢ ᠴᠡᠭ ᠪᠣᠯᠭᠠᠨ ᠪᠠᠶᠢᠭᠤᠯᠣᠨ᠎ᠠ᠃ 8. ︽ᠭᠤᠷᠪᠠᠨ ᠳᠣᠮᠣ ᠬᠦᠭᠵᠢᠯᠳᠡ ᠶᠢᠨ ᠵᠠᠷᠴᠢᠮ︾᠄ ᠣᠯᠣᠰ ᠤᠨ ᠬᠦᠨᠳᠦ ᠴᠢᠬᠤᠯᠠ ᠪᠠᠶᠢᠯᠳᠣᠬᠤ ᠪᠣᠳᠣᠯᠭ᠎ᠠ  ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ᠂ ᠬᠤᠣᠰ ᠡᠷᠬᠢᠯᠳᠡᠳᠣ ᠰᠢᠨ᠎ᠡ ᠬᠦᠭᠵᠢᠯᠳᠡ ᠶᠢᠨ ᠬᠡᠪ ᠪᠠᠶᠢᠳᠠᠯ ᠳᠤ ᠦᠢᠯᠡᠴᠢᠯᠡᠬᠦ᠂ ᠣᠷᠣᠨ ᠪᠦᠰᠡ ᠶᠢᠨ ᠦᠷᠭᠡᠨ ᠬᠡᠪᠴᠢᠶᠡᠨ ᠤ ᠪᠣᠭᠤᠮᠳᠠ ᠶᠢᠨ ᠠᠵᠣ ᠠᠬᠤᠢ ᠶᠢᠨ ᠬᠦᠭᠵᠢᠯᠳᠡ ᠳᠤ ᠦᠢᠯᠡᠴᠢᠯᠡᠬᠦ᠃9. ︽ᠨᠠᠢᠮᠠᠨ ᠭᠤᠣᠯᠳᠠᠯᠭ᠎ᠠ ᠲᠠᠢ ᠢᠨᠵᠧᠨᠧᠷᠢᠩ︾᠄ ᠪᠣᠭᠤᠮᠳᠠ ᠶᠢᠨ ᠭᠤᠣᠯ ᠬᠦᠢᠰᠣ ᠶᠢᠨ ᠪᠠᠶᠢᠷᠢ ᠰᠠᠭᠤᠷᠢ ᠶᠢ ᠳᠡᠭᠡᠭᠰᠢᠯᠡᠭᠦᠯᠬᠦ᠂ ᠳᠣᠲᠣᠭᠠᠳᠤ ᠭᠠᠳᠠᠭᠠᠳᠤ ᠲᠠᠢ ᠡᠷᠬᠢᠯᠳᠡᠳᠡᠢ ᠬᠦᠳᠡᠯᠦᠯᠴᠡᠬᠦ᠂ ᠭᠠᠳᠠᠭᠠᠳᠤ ᠠᠷᠠᠯᠵᠢᠶ᠎ᠠ ᠶᠢ ᠳᠠᠬᠢᠨ ᠢᠶᠠᠷ ᠨᠡᠮᠡᠭᠳᠡᠭᠦᠯᠬᠦ᠂ ᠠᠵᠤ ᠦᠢᠯᠡᠰ ᠢ ᠰᠢᠯᠢᠳᠡᠭᠵᠢᠭᠦᠯᠦᠨ ᠪᠤᠶᠢᠵᠢᠭᠤᠯᠬᠤ᠂ ᠬᠦᠷᠢᠶᠡᠯᠡᠩ ᠲᠣᠭᠤᠷᠢᠭ ᠤᠨ ᠲᠠᠪᠴᠠᠩ ᠳᠤ ᠬᠦᠴᠦᠨ ᠢᠶᠠᠨ ᠲᠥᠪᠯᠡᠷᠡᠭᠦᠯᠬᠦ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠬᠤ᠂ ᠨᠡᠭᠡᠭᠡᠯᠳᠡ ᠲᠠᠢ ᠰᠣᠯᠢᠯᠴᠠᠭ᠎ᠠ ᠬᠠᠮᠳᠣᠷᠠᠯᠴᠠᠭᠠᠨ ᠤ ᠢᠨᠵᠧᠨᠧᠷᠢᠩ᠃10. ᠠᠷᠪᠠᠨ ︽ᠲᠦᠷᠦᠭᠦᠨ ᠴᠠᠭ︾᠄ ① ᠲᠦᠷᠦᠭᠦᠨ ᠴᠠᠭ ᠲᠤ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷ ᠤᠨ ᠣᠨᠴᠠ ᠵᠠᠷᠢᠮ ᠵᠢᠱᠢᠶ᠎ᠡ ᠶᠢᠨ ᠮᠡᠳᠡᠭᠡ ᠵᠠᠩᠭᠢ ᠶᠢ ᠮᠡᠳᠡᠬᠦᠯᠦᠨ᠎ᠡ᠃ ② ᠲᠦᠷᠦᠭᠦᠨ ᠴᠠᠭ ᠲᠤ ᠬᠢᠵᠢᠭ ᠤᠨ ᠳᠠᠷᠬᠠᠯᠳᠠ ᠶᠢᠨ ᠵᠠᠮ ᠮᠦᠷ ᠤᠨ ᠪᠠᠶᠢᠴᠠᠭᠠᠯᠳᠠ ᠶᠢ ᠶᠠᠪᠣᠭᠳᠠᠭᠤᠯᠣᠨ᠎ᠠ᠃ ③ ᠲᠦᠷᠦᠭᠦᠨ ᠴᠠᠭ ᠲᠤ ᠡᠪᠡᠳᠴᠢᠳᠡᠨ ᠲᠠᠢ ᠨᠢᠭᠳᠠ ᠣᠶᠢᠷᠠᠳᠣᠭᠰᠠᠳ ᠪᠠ ᠳᠡᠭᠦᠨ ᠲᠠᠢ ᠣᠶᠢᠷᠠᠳᠣᠭᠰᠠᠳ ᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ ④ ᠲᠦᠷᠦᠭᠦᠨ ᠴᠠᠭ ᠲᠤ ᠪᠣᠰᠣᠳ ᠭᠠᠵᠠᠷ ᠲᠤ ᠪᠠᠶᠢᠴᠠᠭᠠᠯᠳᠠ  ᠶᠢᠨ ᠮᠡᠳᠡᠭᠡ ᠵᠠᠩᠭᠢ ᠶᠢ ᠬᠦᠷᠭᠡᠨ᠎ᠡ᠃ ⑤ ᠲᠦᠷᠦᠭᠦᠨ ᠴᠠᠭ ᠲᠤ ᠭᠤᠣᠯᠳᠠᠯᠭ᠎ᠠ ᠲᠠᠢ ᠬᠥᠮᠦᠰ ᠤᠨ ᠠᠵᠢᠯᠯᠠᠭᠠᠨ ᠤ ᠣᠷᠣᠨ ᠢ  ᠪᠢᠲᠡᠭᠦᠮᠵᠢᠯᠡᠨ ᠡᠵᠡᠮᠳᠡᠨ᠎ᠡ᠃ ⑥ ᠲᠦᠷᠦᠭᠦᠨ ᠴᠠᠭ ᠲᠤ ᠵᠣᠬᠢᠶᠠᠨ ᠪᠠᠶᠢᠭᠤᠯᠵᠣ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ⑦ ᠲᠦᠷᠦᠭᠦᠨ ᠴᠠᠭ ᠲᠤ ᠡᠬᠢ ᠡᠭᠦᠰᠦᠯ ᠢ ᠨᠢ ᠮᠦᠳᠡᠨ ᠬᠠᠶᠢᠨ᠎ᠠ᠃ ⑧ ᠲᠦᠷᠦᠭᠦᠨ ᠴᠠᠭ ᠲᠤ ᠸᠢᠷᠦ᠋ᠰ ᠤᠨ ᠭᠧᠨ ᠤ ᠳᠠᠷᠠᠭᠠᠯᠠᠯ ᠢ ᠬᠡᠮᠵᠢᠨ ᠪᠠᠶᠢᠴᠠᠭᠠᠨ᠎ᠠ᠃ ⑨ ᠲᠦᠷᠦᠭᠦᠨ ᠴᠠᠭ ᠲᠤ ᠨᠡᠶᠢᠭᠡᠮ ᠲᠣᠭᠤᠷᠢᠭ ︵ᠠᠶᠢᠯ ᠲᠣᠰᠬᠤᠨ︶ ᠪᠠ ᠬᠠᠮᠢᠶ᠎ᠠ ᠪᠥᠬᠦᠶ ᠣᠯᠠᠨ ᠨᠡᠶᠢᠲᠡ ᠶᠢᠨ ᠲᠠᠯᠠᠪᠤᠷ ᠢ ᠬᠠᠮᠢᠶᠠᠷᠤᠨ ᠡᠵᠡᠮᠳᠡᠨ᠎ᠡ᠃ ⑩ ᠲᠦᠷᠦᠭᠦᠨ ᠴᠠᠭ ᠲᠤ ᠠᠪᠤᠷᠠᠨ ᠵᠠᠰᠠᠵᠤ᠂ ᠲᠦᠭᠰᠢᠬᠦᠷᠢ ᠶᠢ ᠦᠳᠲᠡᠷ ᠲᠦᠷᠭᠡᠨ ᠬᠤᠪᠢᠷᠠᠭᠤᠯᠣᠨ ᠡᠷᠬᠡᠰᠢᠶᠡᠵᠣ ᠂ ᠬᠠᠮᠤᠭ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠡᠵᠡᠮᠳᠡᠨ᠎ᠡ᠃ 11. ︽ᠭᠤᠷᠪᠠᠨ ᠰᠡᠷᠭᠡᠶᠢᠯᠡᠯᠲᠡ ᠶᠢᠨ ᠱᠤᠭᠤᠮ︾᠄ ᠬᠤᠯᠤᠭᠠᠨ᠎ᠠ ᠠᠴᠠ ᠬᠥᠮᠦᠨ ᠳᠤ ᠬᠠᠯᠳᠠᠪᠣᠷᠢᠯᠠᠬᠤ᠂ ᠬᠥᠮᠦᠨ  ᠠᠴᠠ ᠬᠥᠮᠦᠨ ᠳᠤ ᠬᠠᠯᠳᠠᠪᠣᠷᠢᠯᠠᠬᠤ᠂ ᠣᠷᠣᠨ ᠠᠴᠠ ᠭᠠᠷᠴᠤ ᠪᠡᠭᠡᠵᠢᠩ ᠳᠤ ᠣᠷᠣᠬᠤ ︽ᠰᠡᠷᠭᠡᠶᠢᠯᠡᠯᠲᠡ ᠶᠢᠨ ᠬᠡᠷᠡᠮ ︾᠃ 12. ︽ᠭᠤᠷᠪᠠᠨ ᠳᠣᠮᠣ ᠬᠦᠭᠵᠢᠯᠳᠡ ᠶᠢᠨ ᠳᠠᠪᠴᠠᠩ︾᠄  ᠳᠣᠮᠳᠠᠳᠣ ᠮᠣᠩᠭᠤᠯ ᠤᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ᠂ ᠬᠢᠯᠢ ᠶᠢᠨ ᠢᠷᠭᠡᠳ ᠤᠨ ᠬᠤᠳᠠᠯᠳᠣᠭᠠᠨ ᠤ ᠳᠣᠭᠤᠷᠢᠭ᠂ ᠬᠢᠯᠢ ᠶᠢᠨ ᠠᠵᠣ ᠠᠬᠤᠢ ᠶᠢᠨ ᠬᠠᠮᠳᠣᠷᠠᠯᠴᠠᠭᠠᠨ ᠤ ᠳᠣᠭᠤᠷᠢᠭ᠃13. ︽ᠲᠦᠷᠪᠡᠨ ᠳᠣᠮᠣ︾ ᠣᠨᠴᠠᠯᠢᠭᠳᠣ ᠠᠵᠣ ᠦᠢᠯᠡᠰ᠄ ᠣᠯᠠᠨ ᠣᠯᠣᠰ ᠤᠨ ᠠᠷᠠᠯᠵᠢᠶ᠎ᠠ ᠪᠠᠷᠠᠭᠠᠨ ᠤ ᠭᠦᠢᠯᠭᠡᠭᠡ᠂ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠪᠣᠯᠪᠠᠰᠣᠷᠠᠭᠤᠯᠬᠤ ᠦᠢᠯᠡᠰ᠂ ᠬᠢᠯᠢ ᠶᠢᠨ ᠰᠣᠶᠣᠯ ᠵᠢᠭᠤᠯᠴᠢᠯᠠᠯ ᠤᠨ ᠦᠢᠯᠡᠰ᠂ ᠴᠡᠪᠡᠷ ᠡᠨᠧᠷᠬᠢ ᠶᠢᠨ ᠦᠢᠯᠡᠰ᠃14. ︽ ᠨᠠᠢᠮᠠᠨ ᠵᠦᠢᠯ ᠤᠨ ᠠᠪᠢᠶᠠᠰ ᠴᠢᠳᠠᠪᠤᠷᠢ︾᠄ ᠰᠤᠷᠤᠯᠴᠠᠬᠤ ᠠᠪᠢᠶᠠᠰ ᠴᠢᠳᠠᠪᠤᠷᠢ᠂ ᠤᠯᠤᠰ ᠲᠥᠷᠥ ᠶᠢᠨ ᠤᠳᠤᠷᠢᠳᠬᠤ ᠠᠪᠢᠶᠠᠰ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠪᠢᠶᠠᠰ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠠᠪᠢᠶᠠᠰ ᠴᠢᠳᠠᠪᠤᠷᠢ᠂ ᠬᠠᠤᠯᠢ ᠶᠣᠰᠣᠭᠠᠷ ᠵᠠᠰᠠᠭ ᠪᠠᠷᠢᠬᠤ ᠠᠪᠢᠶᠠᠰ ᠴᠢᠳᠠᠪᠤᠷᠢ᠂ ᠣᠯᠠᠨ ᠲᠦᠮᠡᠨᠴᠢ ᠠᠵᠢᠯ ᠤᠨ ᠠᠪᠢᠶᠠᠰ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠠᠪᠢᠶᠠᠰ ᠴᠢᠳᠠᠪᠤᠷᠢ᠂ ᠠᠶᠤᠯ ᠲᠦᠭᠰᠢᠭᠦᠷᠢ ᠶᠢ ᠡᠵᠡᠮᠳᠡᠬᠦ ᠠᠪᠢᠶᠠᠰ ᠴᠢᠳᠠᠪᠤᠷᠢ᠃ 15. ︽ᠲᠤᠯᠤᠭᠠᠨ ᠵᠦᠢᠯ ᠤᠨ ᠣᠷ᠎ᠠ ᠴᠢᠳᠠᠪᠣᠷᠢ︾᠄ ᠤᠯᠤᠰ ᠲᠥᠷᠥ ᠶᠢᠨ ᠣᠷ᠎ᠠ ᠴᠢᠳᠠᠪᠣᠷᠢ᠂ ᠪᠠᠶᠢᠴᠠᠭᠠᠨ ᠰᠤᠳᠤᠯᠬᠤ ᠣᠷ᠎ᠠ ᠴᠢᠳᠠᠪᠣᠷᠢ᠂ ᠰᠢᠨᠵᠢᠯᠡᠬᠦ ᠤᠬᠠᠭᠠᠨᠴᠢ ᠪᠠᠷ ᠰᠢᠢᠳᠪᠣᠷᠢᠳᠦ ᠪᠣᠳᠣᠯᠭ᠎ᠠ ᠲᠣᠭᠲᠠᠭᠠᠬᠤ ᠣᠷ᠎ᠠ ᠴᠢᠳᠠᠪᠣᠷᠢ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠣᠷ᠎ᠠ ᠴᠢᠳᠠᠪᠣᠷᠢ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠣᠷᠢᠯᠡᠬᠦ ᠣᠷ᠎ᠠ ᠴᠢᠳᠠᠪᠣᠷᠢ᠂ ᠣᠯᠠᠨ ᠳᠦᠮᠡᠨᠴᠢ ᠠᠵᠢᠯ ᠤᠨ ᠣᠷ᠎ᠠ ᠴᠢᠳᠠᠪᠣᠷᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠣᠷ᠎ᠠ ᠴᠢᠳᠠᠪᠣᠷᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号