︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ︾ ᠨᠢ ᠮᠠᠨ ᠤ ᠬᠤᠲᠠ ᠶᠢᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠬᠠᠮᠲᠤ ᠪᠠᠷ ᠠᠩᠬᠠᠷᠴᠤ ᠨᠡᠶᠢᠭᠡᠮ ᠤᠨ ᠠᠮᠣᠷ ᠳᠦᠪᠰᠢᠨ ᠤ ᠬᠠᠮᠢᠶᠠᠷᠤᠨ ᠡᠵᠡᠮᠳᠡᠬᠦ ᠲᠤᠰᠬᠠᠢ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2021/6/25
     ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠤᠭᠤᠴᠠᠭᠠᠨ ᠳᠠᠬᠢ ᠪᠥᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠳᠣᠯᠠᠳᠠ᠂ 6 ᠰᠠᠷ᠎ᠠ ᠶᠢᠨ 22 ᠤᠨ ᠡᠳᠦᠷ᠂ ᠮᠠᠨ ᠤ ᠬᠤᠲᠠ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠨᠡᠶᠢᠭᠡᠮ ᠤᠨ ᠠᠮᠣᠷ ᠳᠦᠪᠰᠢᠨ ᠤ ᠬᠠᠮᠢᠶᠠᠷᠤᠨ ᠡᠵᠡᠮᠳᠡᠬᠦ ᠲᠤᠰᠬᠠᠶ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠶᠠᠳᠤᠭᠠᠷ ᠰᠢᠪᠠᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠸᠠᠩ  ᠸᠧᠨ ᠵᠢᠶᠧ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠨ ᠬᠤᠩ᠂ ᠵᠠᠰᠠᠭ ᠤᠨ ᠣᠷᠳᠣᠨ ᠤ ᠳᠡᠳ᠋  ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠵᠢᠷᠦᠬᠡ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
    ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠶᠠᠨ ᠬᠤᠩ ᠪᠦᠬᠦ ᠬᠤᠳᠠ ᠶᠢᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠨᠡᠶᠢᠭᠡᠮ ᠤᠨ ᠬᠠᠮᠢᠶᠠᠷᠤᠯᠲᠠ ᠡᠵᠡᠮᠳᠡᠯ ᠤᠨ ᠲᠤᠰᠬᠠᠢ ᠠᠵᠢᠯᠯᠠᠭ᠎ᠠ ᠡᠬᠢᠯᠡᠭᠰᠡᠨ ᠢ ᠵᠠᠷᠯᠠᠪᠠ᠃        ᠤᠷᠤᠢ ᠶᠢᠨ 8 ᠴᠠᠭ ᠲᠤ᠂ ᠠᠵᠢᠯᠯᠠᠭ᠎ᠠ ᠳᠤ ᠣᠷᠣᠯᠴᠠᠭᠰᠠᠨ 260 ᠭᠠᠷᠤᠢ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠵᠢᠭᠰᠠᠭᠠᠯ ᠵᠢᠭᠰᠠᠵᠤ᠂ ᠲᠦᠷᠢ ᠲᠥᠷᠬᠦ ᠲᠥᠪ ᠴᠢᠩᠭ᠎ᠠ ᠂ ᠣᠮᠤᠭ ᠰᠦᠷ ᠪᠠᠳᠠᠷᠠᠩᠭᠤᠢ᠂ ᠪᠠᠬᠢᠯᠡᠯᠲᠡ ᠪᠠᠨ ᠴᠢᠩᠭ᠎ᠠ ᠰᠠᠬᠢᠵᠤ ᠪᠡᠯᠡᠳᠬᠡᠨ᠎ᠡ᠃ ᠡᠨᠡ ᠨᠢ ᠮᠠᠨ ᠤ ᠬᠤᠲᠠ ᠶᠢᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠲᠠᠯ᠎ᠠ ᠪᠠᠷ ᠬᠢ ᠢᠲᠡᠭᠡᠯ ᠵᠣᠷᠢᠭ ᠢ ᠬᠠᠷᠠᠭᠤᠯᠵᠤ ᠪᠠᠶᠢᠭ᠎ᠠ ᠶᠤᠮ᠃ ᠳᠠᠷᠠᠭᠠᠪᠠᠷ ᠨᠢ᠂  ᠠᠵᠢᠯᠯᠠᠭ᠎ᠠ ᠳᠤ ᠣᠷᠣᠯᠴᠠᠬᠤ ᠴᠠᠭᠳᠠᠭᠠᠨ ᠤ ᠬᠦᠴᠦᠨ ᠤᠷᠢᠳᠴᠢᠯᠠᠨ ᠲᠣᠭᠲᠠᠭᠠᠭᠰᠠᠨ ᠲᠥᠰᠦᠯ ᠶᠣᠰᠣᠭᠠᠷ ᠲᠤᠰᠬᠠᠢ ᠠᠵᠢᠯᠯᠠᠭ᠎ᠠ ᠥᠷᠨᠢᠭᠦᠯᠵᠡᠢ᠃
 ᠴᠠᠭᠳᠠᠨ ᠲᠣᠭᠤᠷᠢᠬᠤ ᠲᠡᠷᠭᠡ ᠬᠦᠳᠡᠯᠪᠡ        ᠠᠶᠢᠮᠠᠭ ᠬᠤᠲᠠ ᠶᠢᠨ ᠤᠳᠤᠷᠢᠳᠤᠯᠭ᠎ᠠ ᠠᠵᠢᠯᠯᠠᠭ᠎ᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠪᠠᠶᠢᠴᠠᠭᠠᠨ ᠪᠠᠷᠢᠪᠴᠢᠯᠠᠬᠤ ᠠᠵᠢᠯ ᠢ ᠬᠡᠷᠬᠢᠨ ᠪᠦᠲᠦᠮᠵᠢᠲᠡᠶ ᠥᠷᠨᠢᠭᠦᠯᠬᠦ ᠲᠤᠬᠠᠶ ᠵᠢᠷᠤᠮᠵᠢᠭᠤᠯᠤᠨ ᠵᠢᠯᠣᠭᠤᠳᠪᠠ᠃ ᠶᠠᠨ ᠬᠤᠩ᠂ ᠪᠦᠬᠦ ᠠᠷᠠᠳ ᠠᠴᠠ ᠲᠤᠰᠠᠯᠠᠬᠤ ᠴᠠᠭᠳᠠᠭ᠎ᠠ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠂ ᠬᠠᠮᠤᠭ ᠤᠨ ᠰᠠᠶᠢᠨ ᠤᠶᠤᠨ ᠰᠠᠨᠠᠭᠠᠨ ᠤ ᠪᠠᠶᠢᠳᠠᠯ᠂ ᠬᠠᠮᠤᠭ ᠤᠨ ᠥᠨᠳᠥᠷ ᠠᠵᠢᠯ ᠤᠨ ᠪᠠᠷᠢᠮᠵᠢᠶ᠎ᠠ ᠂ ᠬᠠᠮᠤᠭ ᠤᠨ ᠪᠣᠳᠠᠲᠠᠢ ᠠᠵᠢᠯ ᠤᠨ ᠠᠷᠭ᠎ᠠ  ᠬᠡᠮᠵᠢᠶ᠎ᠡ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠶᠡᠭᠡ ᠶᠠᠪᠤᠳᠠᠯ ᠢ ᠭᠠᠷᠬᠤ ᠦᠭᠡᠢ᠂ ᠪᠠᠭ᠎ᠠ ᠶᠠᠪᠤᠳᠠᠯ ᠴᠤ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠠᠮᠤᠷ ᠲᠦᠪᠰᠢᠨ ᠢ ᠴᠡᠭᠴᠡᠯᠡᠨ ᠵᠠᠰᠠᠬᠤ᠂ ᠬᠤᠯᠪᠣᠭᠠᠯᠠᠨ ᠦᠢᠯᠡᠴᠢᠯᠡᠵᠦ᠂ ᠬᠤᠯᠪᠣᠭᠠᠯᠠᠨ ᠬᠥᠳᠡᠯᠦᠯᠴᠡᠬᠦ᠂ ᠨᠡᠶᠢᠭᠡᠮ ᠤᠨ ᠲᠠᠯ᠎ᠠ ᠠᠴᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠬᠦᠴᠦᠲᠡᠢ ᠪᠥᠭᠡᠳ ᠪᠦᠲᠦᠮᠵᠢᠲᠡᠢ ᠪᠠᠶᠢᠬᠤ ᠶᠢ ᠪᠠᠲᠤᠯᠠᠵᠤ᠂ ᠪᠣᠭᠤᠮᠲᠠ ᠶᠢᠨ ᠨᠡᠶᠢᠭᠡᠮ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠪᠣᠭᠤᠮᠲᠠ ᠶᠢᠨ ᠨᠡᠶᠢᠭᠡᠮ ᠤᠨ ᠠᠮᠤᠷ ᠲᠦᠪᠰᠢᠨ ᠤ ᠦᠷᠭᠦᠯᠵᠢᠯᠡᠨ ᠠᠮᠤᠷ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃
     ᠠᠮᠤᠷ ᠢ ᠬᠠᠮᠠᠭᠠᠯᠠᠬᠤ ᠨᠢᠭᠡᠳᠦᠭᠡᠷ ᠹᠷᠣᠨᠲ ᠲᠤ ᠬᠦᠨᠵᠡᠬᠡᠶᠢᠷᠡᠨ᠎ᠡ
 ᠵᠡᠪᠰᠡᠭᠲᠦ ᠴᠠᠭᠳᠠᠭ᠎ᠠ  ᠪᠠ ᠣᠨᠴᠠᠭᠠᠢ ᠴᠠᠭᠳᠠᠭ᠎ᠠ ᠶᠢᠨ ᠬᠠᠮᠲᠤᠷᠠᠭᠰᠠᠨ ᠲᠣᠭᠤᠷᠢᠨ ᠰᠡᠷᠭᠡᠶᠢᠯᠡᠯᠲᠡ        ᠲᠣᠰ ᠤᠳᠠᠭᠠᠨ ᠤ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠲᠤᠰᠬᠠᠶ ᠠᠵᠢᠯᠯᠠᠭ᠎ᠠ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ᠂ ᠠᠮᠤᠷ ᠲᠦᠪᠰᠢᠨ ᠤ ᠢᠯᠭᠠᠷᠠᠭᠤᠯᠤᠨ ᠪᠠᠶᠢᠴᠠᠭᠠᠯᠲᠠ᠂ ᠬᠠᠮᠲᠤᠷᠠᠭᠰᠠᠨ  ᠦᠢᠯᠡᠴᠢᠯᠡᠭᠡᠨ  ᠤ ᠵᠡᠪᠰᠡᠭᠲᠦ ᠴᠠᠭᠳᠠᠯᠲᠠ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠰᠦᠷᠳᠡᠭᠦᠯᠦᠯ ᠢ ᠡᠰᠡᠷᠭᠦᠴᠡᠵᠦ ᠭᠡᠨᠡᠳᠲᠡ ᠶᠢᠨ ᠬᠡᠷᠡᠭ ᠢ  ᠰᠢᠢᠳᠪᠣᠷᠢᠯᠡᠬᠦ ᠵᠡᠷᠭᠡ ᠲᠠᠪᠤᠨ ᠵᠦᠢᠯ  ᠤᠨ ᠠᠵᠢᠯ ᠪᠠᠭᠲᠠᠨ᠎ᠠ᠃ ᠲᠣᠰ ᠣᠷᠣᠶ ᠶᠢᠨ ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠭᠤᠤᠯᠳᠠᠯᠭ᠎ᠠ ᠲᠠᠢ ᠵᠠᠮ ᠤᠨ ᠬᠡᠰᠡᠭ ᠲᠤ ᠲᠣᠭᠲᠠᠭᠰᠠᠨ ᠭᠠᠵᠠᠷ ᠲᠤ ᠪᠣᠭᠤᠮᠲᠠ ᠭᠠᠷᠭᠠᠵᠤ ᠪᠠᠶᠢᠴᠠᠭᠠᠬᠤ ᠪᠠ ᠬᠥᠳᠡᠯᠦᠩᠭᠦᠶ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠵᠠᠭᠪᠤᠷ ᠢ ᠠᠪᠴᠤ᠂ ᠨᠠᠰᠢ ᠴᠠᠰᠢ ᠥᠩᠭᠡᠷᠡᠬᠦ ᠲᠡᠷᠭᠡ ᠶᠢ ᠨᠢᠭᠡᠳ ᠨᠢᠭᠡ ᠪᠠᠷ ᠪᠠᠶᠢᠴᠠᠭᠠᠵᠤ᠂ ᠠᠷᠢᠬᠢ ᠤᠤᠭᠤᠵᠤ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠣᠷᠢᠯᠡᠬᠦ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠴᠢᠩᠭ᠎ᠠ ᠪᠠᠶᠢᠴᠠᠭᠠᠵᠤ ᠴᠢᠩᠭ᠎ᠠ ᠬᠠᠮᠢᠶᠠᠷᠬᠤ ᠥᠨᠳᠥᠷ ᠳᠠᠷᠤᠯᠲᠠᠲᠤ ᠪᠠᠶᠢᠳᠠᠯ ᠢ ᠪᠣᠶ ᠪᠣᠯᠭᠠᠪᠠ︔ ᠵᠣᠴᠢᠳ ᠤᠨ ᠪᠠᠭᠤᠳᠠᠯ ᠤᠨ ᠦᠢᠯᠡᠰ ᠵᠢᠴᠢ ᠵᠤᠭ᠎ᠠ ᠴᠡᠩᠭᠡᠯ ᠤᠨ ᠲᠠᠯᠠᠪᠤᠷ ᠲᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠦᠨᠡᠨ ᠨᠡᠷ᠎ᠡ ᠪᠠᠷ ᠢᠶᠠᠨ ᠳᠡᠩᠰᠡᠯᠡᠨ ᠲᠡᠮᠳᠡᠭᠯᠡᠬᠦ ᠶᠢ ᠨᠠᠶᠢᠳᠠᠪᠤᠷᠢᠵᠢᠭᠤᠯᠤᠭᠰᠠᠨ ᠡᠰᠡᠬᠦ᠂ ᠠᠮᠤᠷ ᠲᠦᠪᠰᠢᠨ ᠤ ᠨᠡᠪᠲᠡᠷᠡᠬᠦ ᠵᠠᠮ ᠢ ᠰᠠᠭᠠᠳ ᠥᠬᠡᠶ ᠨᠡᠪᠲᠡᠷᠡᠭᠦᠯᠦᠭᠰᠡᠨ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠵᠢᠴᠢ ᠭᠠᠯ ᠤᠨᠲᠠᠷᠠᠭᠠᠬᠤ ᠨᠡᠪᠲᠡᠷᠡᠬᠦ ᠵᠠᠮ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ ᠪᠡᠯᠡᠳᠬᠡᠮᠵᠢ ᠶᠢ ᠪᠦᠲᠦᠮᠵᠢᠲᠡᠶ ᠬᠡᠷᠡᠭᠯᠡᠵᠦ ᠪᠠᠶᠢᠬᠤ ᠡᠰᠡᠬᠦ ᠵᠡᠷᠭᠡ ᠳᠤ ᠪᠠᠶᠢᠴᠠᠭᠠᠯᠲᠠ ᠬᠢᠨ᠎ᠠ︔ ᠵᠤᠭ᠎ᠠ ᠴᠡᠩᠭᠡᠯ ᠤᠨ ᠭᠠᠵᠠᠷ ᠤᠨ ᠲᠥᠬᠦᠭᠡᠷᠦᠮᠵᠢ᠂ ᠬᠢᠨᠠᠨ ᠡᠵᠡᠮᠳᠡᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠪᠠᠶᠢᠴᠠᠭᠠᠯᠲᠠ ᠬᠢᠵᠡᠶ᠃
  ᠠᠷᠠᠳ ᠤᠨ ᠴᠠᠭᠳᠠᠭ᠎ᠠ ᠨᠠᠷ ᠨᠡᠶᠢᠭᠡᠮ ᠤᠨ ᠠᠮᠣᠷ ᠳᠦᠪᠰᠢᠨ ᠬᠠᠮᠢᠶᠠᠷᠤᠨ ᠡᠵᠡᠮᠳᠡᠬᠦ ᠲᠤᠰᠬᠠᠶ ᠠᠵᠢᠯᠯᠠᠭ᠎ᠠ ᠥᠷᠨᠢᠭᠦᠯᠪᠡ        ᠲᠤᠰᠬᠠᠶ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠠᠵᠢᠯ ᠲᠥᠷᠥᠯ ᠤᠨ ᠲᠠᠯᠠᠪᠤᠷ ᠭᠠᠵᠠᠷ ᠤᠨ ᠬᠠᠤᠯᠢ ᠶᠢ ᠰᠠᠬᠢᠵᠤ ᠡᠵᠡᠩᠨᠡᠬᠦ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ᠬᠠᠤᠯᠢ ᠶᠢ ᠵᠥᠷᠢᠴᠡᠵᠦ ᠶᠠᠯ᠎ᠠ ᠬᠢᠬᠦ ᠣᠷᠣᠨ ᠵᠠᠶ ᠶᠢ ᠰᠢᠬᠠᠨ ᠳᠠᠷᠤᠵᠤ᠂ ᠬᠠᠷᠢᠶᠠᠲᠤ ᠣᠷᠣᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号