| | 6 ᠰᠠᠷ᠎ᠠ ᠶᠢᠨ 23 ᠤ ᠡᠳᠦᠷ᠂ ᠮᠠᠨ ᠤ ᠬᠤᠲᠠ ᠤᠯᠤᠰ ᠤᠨ ᠡᠭᠦᠳᠡᠨ ᠳᠤ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠰᠠᠭᠤᠷᠢᠨ ᠭᠠᠵᠠᠷ ᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠳᠤᠷᠠᠰᠬᠠᠬᠤ ᠲᠠᠩᠭᠠᠷᠢᠭ ᠵᠢᠴᠢ | ︽ᠢᠷᠠᠭᠤ ᠠᠯᠳᠠᠷᠳᠦ50 ᠵᠢᠯ︾ ᠭᠡᠬᠦ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠶᠠᠪᠤᠭᠤᠯᠪᠠ᠃ | | ᠶᠣᠰᠣᠯᠠᠯ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠶᠢᠨ ᠳᠤᠮᠳᠠ ᠡᠬᠢᠯᠡᠪᠡ᠃ | | | | ᠬᠠᠮᠲᠤ ᠶᠢᠨ ᠰᠡᠭᠦᠳᠡᠷ | | | ᠯᠢᠦ ᡁᠢ ᠫᠢᠩ ᠶᠠᠷᠢᠶ᠎ᠠ ᠲᠠᠯᠪᠢᠵᠠᠢ | | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢᠦ ᡁᠢ ᠫᠢᠩ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠯᠦ ᠪᠦᠦ ᠳ᠋ᠦᠩ ᠶᠣᠰᠣᠯᠠᠯ ᠢ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠠᠭᠤᠯᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠴᠢᠶᠣᠤ ᠸᠧᠶ ᠭᠦᠸᠧ ᠪᠣᠯᠤᠨ ᠬᠤᠲᠠ ᠶᠢᠨ ᠳᠥᠷᠪᠡᠨ ᠶᠡᠭᠡ ᠪᠠᠭ ᠤᠨ ᠪᠤᠰᠤᠳ ᠤᠳᠤᠷᠢᠳᠬᠤ ᠪᠠᠭ ᠤᠨ | ᠤᠳᠤᠷᠢᠳᠤᠯᠭ᠎ᠠ ᠶᠣᠰᠣᠯᠠᠯ ᠳᠤ ᠣᠷᠣᠯᠴᠠᠪᠠ᠃ ᠪᠦᠬᠦ ᠬᠤᠳᠠ ᠶᠢᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ᠂ ︽ᠢᠷᠠᠭᠤ ᠠᠯᠳᠠᠷᠳᠦ 50 ᠵᠢᠯ︾ ᠤᠨ ᠠᠬᠠᠮᠠᠳ ᠨᠠᠮ ᠤᠨ ᠭᠡᠰᠢᠭᠦᠨ᠂ | ᠰᠢᠨ᠎ᠡ ᠨᠠᠮ ᠤᠨ ᠭᠡᠰᠢᠭᠦᠨ ᠨᠡᠶᠢᠳᠡ 350 ᠭᠠᠷᠤᠢ ᠬᠥᠮᠦᠨ ᠶᠣᠰᠣᠯᠠᠯ ᠳᠤ ᠣᠷᠣᠯᠴᠠᠪᠠ᠃ | | | ᠯᠦ ᠪᠦᠦ ᠳ᠋ᠦᠩ ᠶᠣᠰᠣᠯᠠᠯ ᠢ ᠡᠷᠬᠢᠯᠡᠪᠡ | | ᠯᠢᠦ ᡁᠢ ᠫᠢᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ 100 | ᠵᠢᠯ ᠤᠨ ᠢᠳᠡᠷᠡᠭᠦᠨ ᠠᠯᠬᠤᠭ᠎ᠠ ᠶᠢ ᠳᠠᠭᠠᠯᠳᠤᠨ᠂ ᠡᠷᠢᠶᠡᠨ ᠬᠤᠲᠠ ᠴᠤ 65 ᠵᠢᠯ ᠤᠨ ᠦᠢᠯᠡᠰ ᠪᠤᠰᠬᠠᠬᠤ ᠵᠠᠮ ᠢᠶᠠᠷ | ᠶᠠᠪᠤᠵᠤ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠨᠠᠮ ᠤᠨ ᠬᠤᠷᠢᠶ᠎ᠠ ᠪᠦᠬᠦ ᠬᠤᠲᠠ ᠶᠢᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠢᠳᠡᠪᠬᠢᠲᠡᠶ ᠪᠠᠷ ᠤᠷᠤᠭᠰᠢᠯᠠᠨ | ᠳᠡᠪᠰᠢᠵᠦ᠂ ᠪᠦᠯᠬᠦᠮᠳᠡᠨ ᠲᠡᠮᠡᠴᠡᠵᠦ᠂ ᠰᠠᠭᠤᠷᠢ ᠲᠥᠬᠦᠭᠡᠷᠦᠮᠵᠢ ᠶᠢᠨ ᠦᠷᠭᠦᠯᠵᠢᠯᠡᠨ ᠰᠠᠶᠢᠵᠢᠷᠠᠬᠤ ᠶᠢ ᠪᠡᠶᠡᠯᠡᠭᠦᠯᠵᠦ᠂ | ᠬᠤᠲᠠ ᠶᠢᠨ ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠦᠨ ᠬᠤᠪᠢᠷᠠᠵᠤ᠂ ᠣᠯᠠᠨ ᠡᠰᠢᠲᠦ ᠲᠤᠯᠭᠠᠭᠤᠷᠢᠯᠠᠯ ᠤᠨ ᠠᠵᠤ | ᠦᠢᠯᠡᠰ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡ ᠪᠠ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠦᠪᠰᠢᠨ ᠶᠡᠭᠡ ᠪᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ | ᠲᠠᠰᠤᠷᠠᠯᠲᠠ ᠥᠬᠡᠶ ᠭᠦᠨᠵᠡᠭᠡᠶᠢᠷᠡᠵᠦ᠂ ᠨᠡᠶᠢᠭᠡᠮ ᠤᠨ ᠡᠶ᠎ᠡ ᠵᠣᠬᠢᠴᠠᠯ ᠲᠠᠢ᠂ ᠬᠢᠯᠢ ᠬᠢᠵᠠᠭᠠᠷ ᠲᠣᠭᠲᠠᠭᠤᠨ ᠪᠠᠶᠢᠬᠤ ᠶᠡᠭᠡ | ᠰᠠᠶᠢᠨ ᠪᠠᠶᠢᠳᠠᠯ ᠢ ᠪᠦᠲᠦᠮᠵᠢᠲᠡᠶ ᠪᠠᠬᠢᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠤᠯᠤᠰ ᠤᠨ ᠪᠥᠬᠦ | ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ | ᠂ ᠪᠥᠬᠦ ᠤᠯᠤᠰ ᠤᠨ ᠬᠠᠷᠰᠢ ᠰᠠᠭᠠᠳ ᠥᠬᠡᠶ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠬᠤᠲᠠ᠂ ᠥᠪᠡᠷᠲᠡᠭᠡᠨ ᠵᠠᠰᠠᠬᠤ | ᠣᠷᠣᠨ ᠤ ᠪᠣᠯᠪᠠᠰᠤᠨ ᠬᠤᠲᠠ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠬᠤᠲᠠ ᠵᠡᠷᠭᠡ ᠣᠯᠠᠨ ︽ᠨᠡᠷ᠎ᠡ ᠶᠢᠨ | ᠬᠠᠭᠤᠳᠠᠰᠤ︾ ᠮᠠᠨ ᠤ ᠬᠤᠲᠠ ᠳᠤ ᠳᠡᠯᠭᠡᠷᠡᠵᠦ᠂ ᠪᠣᠭᠤᠮᠲᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ ᠡᠳᠡᠭᠡᠷ ᠠᠮᠵᠢᠯᠲᠠ ᠶᠢ ᠣᠯᠤᠭᠰᠠᠨ ᠨᠢ ᠪᠦᠬᠦ ᠬᠤᠲᠠ ᠶᠢᠨ ᠥᠷᠭᠡᠨ ᠤᠯᠠᠨ ᠨᠠᠮ ᠤᠨ | ᠭᠡᠰᠢᠭᠦᠨ ᠤ ᠬᠦᠴᠦ ᠬᠥᠯᠥᠰᠥ ᠶᠢ ᠰᠢᠩᠭᠡᠭᠡᠵᠦ᠂ ᠨᠡᠩ ᠴᠤ ᠦᠶ᠎ᠡ ᠦᠶ᠎ᠡ ᠶᠢᠨ ᠠᠬᠠᠮᠠᠳ ᠨᠠᠮ ᠤᠨ ᠭᠡᠰᠢᠭᠦᠨ ᠤ ᠭᠤᠶᠠᠴᠢ | ᠦᠭᠡᠢ ᠵᠢᠳᠬᠦᠯ ᠪᠠ ᠦᠭᠡ ᠳᠠᠭᠤᠨ ᠦᠭᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ | | ᠯᠢᠦ ᡁᠢ ᠫᠢᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠡᠶᠢᠭᠡᠮ ᠲᠣᠭᠤᠷᠢᠭ ᠤᠨ ᠨᠠᠮ ᠤᠨ ᠠᠵᠢᠯ ᠤᠨ | ᠬᠤᠷᠢᠶ᠎ᠠ ᠠᠬᠠᠮᠠᠳ ᠨᠠᠮ ᠤᠨ ᠭᠡᠰᠢᠭᠦᠨ ᠢ ᠦᠨᠡᠨᠬᠦ ᠬᠠᠯᠠᠮᠵᠢᠯᠠᠵᠤ᠂ ᠢᠯᠠᠩᠭᠤᠶ᠎ᠠ ᠠᠮᠢᠳᠤᠷᠠᠯ ᠨᠢ ᠬᠦᠴᠢᠷᠳᠡᠯᠲᠡᠢ ᠠᠬᠠᠮᠠᠳ | ᠨᠠᠮ ᠤᠨ ᠭᠡᠰᠢᠭᠦᠨ ᠢ ᠦᠨᠡᠨ ᠬᠦ ᠬᠠᠯᠠᠮᠵᠢᠯᠠᠵᠤ᠂ ᠪᠣᠳᠠᠲᠠᠢ ᠬᠦᠴᠢᠷᠳᠡᠯ ᠢ ᠨᠢ ᠦᠨᠡᠨ ᠰᠡᠳᠬᠢᠯ ᠠᠴᠠ ᠪᠠᠨ ᠬᠠᠪᠰᠤᠷᠤᠨ | ᠰᠢᠢᠳᠪᠦᠷᠢᠯᠡᠵᠦ᠂ ᠠᠬᠠᠮᠠᠳ ᠨᠠᠮ ᠤᠨ ᠭᠡᠰᠢᠭᠦᠨ ᠤ ᠠᠮᠢᠳᠤᠷᠠᠯ ᠢ ᠨᠡᠩ ᠲᠠᠭᠠᠯᠠᠮᠵᠢᠲᠠᠢ ᠵᠣᠯ ᠵᠢᠷᠭᠠᠯ ᠲᠠᠢ ᠠᠮᠢᠳᠤᠷᠠᠭᠤᠯᠬᠤ | ᠬᠡᠷᠡᠭᠲᠡᠢ ᠭᠡᠵᠦ ᠱᠠᠭᠠᠷᠳᠠᠪᠠ᠃ ᠠᠬᠠᠮᠠᠳ ᠨᠠᠮ ᠤᠨ ᠭᠡᠰᠢᠭᠦᠨ ᠤ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ | ᠥᠷᠭᠡᠨ ᠤᠯᠠᠨ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ ᠳᠡᠷᠭᠡᠳᠡᠬᠢ ᠰᠢᠯᠢᠳᠡᠭ ᠠᠬᠠᠮᠠᠳ ᠨᠠᠮ ᠤᠨ | ᠭᠡᠰᠢᠭᠦᠨ ᠠᠴᠠ ᠰᠤᠷᠤᠯᠴᠠᠭᠤᠯᠵᠤ᠂ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠶᠢ ᠭᠦᠢᠴᠡᠵᠦ ᠳᠠᠪᠠᠭ᠋ᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ | ᠬᠡᠬᠦᠳᠡᠭ ᠴᠡᠭᠡᠵᠢᠨ ᠳᠤ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ ᠶᠡᠭᠡ ᠳᠠᠯ᠎ᠠ︾ ᠶᠢ ᠪᠤᠳᠤᠵᠤ᠂ ᠠᠬᠠᠮᠠᠳ ᠨᠢᠭᠡ | ᠦᠶ᠎ᠡ ᠶᠢᠨ ᠨᠠᠮ ᠤᠨ ᠭᠡᠰᠢᠭᠦᠨ ᠤ ᠰᠢᠯᠢᠳᠡᠭ ᠨᠠᠮᠴᠢ ᠴᠢᠨᠠᠷ ᠢ ᠵᠠᠯᠭᠠᠮᠵᠢᠯᠠᠵᠤ᠂ ᠠᠬᠠᠮᠠᠳ ᠨᠢᠭᠡ ᠦᠶ᠎ᠡ ᠶᠢᠨ ᠨᠠᠮ ᠤᠨ | ᠭᠡᠰᠢᠭᠦᠨ ᠤ ︽ᠨᠠᠮ ᠢᠶᠠᠨ ᠬᠠᠶᠢᠷᠠᠯᠠᠬᠤ ᠰᠡᠳᠬᠢᠯᠭᠡ︾ ᠶᠢ ᠦᠷᠭᠦᠯᠵᠢᠯᠡᠭᠦᠯᠵᠦ᠂ ᠨᠠᠮᠴᠢ ᠴᠢᠨᠠᠷ ᠤᠨ ᠤᠬᠠᠮᠰᠠᠷ᠂ | ᠵᠣᠷᠢᠯᠲᠠ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠬᠦᠴᠦᠯᠡᠨ ᠴᠢᠷᠮᠠᠶᠢᠵᠤ | ᠦᠢᠯᠡᠰ ᠪᠦᠲᠦᠭᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠭᠠᠪᠰᠢᠭᠠᠶᠢᠯᠠᠨ | ᠭᠠᠪᠰᠢᠭᠠᠶᠢᠯᠠᠬᠤ ᠬᠡᠷᠡᠭᠲᠡᠢ᠃ | | ᠯᠢᠦ ᡁᠢ ᠫᠢᠩ᠂ ᠤᠭ ᠰᠠᠨᠠᠭ᠎ᠠ ᠪᠠᠨ ᠪᠠᠲᠤ᠂ ᠨᠠᠮᠴᠢ ᠴᠢᠨᠠᠷ ᠤᠨ ᠳᠠᠪᠲᠠᠯᠲᠠ ᠶᠢᠨ ᠳᠤᠮᠳᠠ ᠭᠠᠪᠰᠢᠭᠠᠶᠢᠯᠠᠨ ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠳᠤᠮᠳᠠ ᠭᠠᠪᠰᠢᠭᠠᠶᠢᠯᠠᠬᠤ ᠬᠡᠷᠡᠭᠲᠡᠢ᠃ ᠨᠠᠮ ᠤᠨ ᠵᠠᠭᠤᠨ ᠵᠢᠯ ᠤᠨ ᠤᠢ ᠪᠠᠷ | ᠰᠢᠨ᠎ᠡ ᠭᠠᠷᠤᠭ᠎ᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠮᠣᠩᠭᠤᠯ | ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠳᠠᠨ ᠪᠠᠲᠤ ᠢᠲᠡᠭᠡᠯ ᠵᠣᠷᠢᠭ᠂ ᠴᠤᠴᠠᠯᠲᠠ ᠦᠭᠡᠢ ᠤᠷᠤᠭᠰᠢᠯᠠᠬᠤ ᠡᠷᠴᠢ | ᠵᠣᠷᠢᠭ᠂ ᠰᠢᠨᠲᠠᠷᠠᠰᠢ ᠦᠭᠡᠢ ᠬᠠᠳᠠᠨ ᠵᠣᠷᠢᠭ ᠢᠶᠠᠷ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ | ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ | ᠵᠠᠮ ᠳᠤ ᠡᠷᠢᠶᠡᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠴᠣ᠋ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃ | | | ᠯᠢᠦ ᡁᠢ ᠫᠢᠩ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨᠲᠠ ᠡᠷᠬᠢᠴᠡᠬᠦᠯᠦᠨ ᠲᠠᠩᠭᠠᠷᠢᠭᠯᠠᠪᠠ | | ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠯᠢᠦ ᡁᠢ ᠫᠢᠩ ᠪᠦᠬᠦ ᠨᠠᠮ ᠤᠨ ᠭᠡᠰᠢᠭᠦᠳ ᠢᠶᠠᠨ ᠳᠠᠭᠠᠭᠤᠯᠤᠨ ᠨᠠᠮ ᠳᠤ | ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠤᠯᠠᠨ ᠢᠶᠠᠷ ᠢᠶᠠᠨ ᠲᠥᠪ ᠴᠢᠩᠭ᠎ᠠ ᠪᠠᠷ ᠪᠠᠷᠠᠭᠤᠨ | ᠭᠠᠷ ᠢᠶᠠᠨ ᠡᠷᠭᠦᠵᠦ᠂ ᠨᠢᠳᠤᠷᠭ᠎ᠠ ᠵᠠᠩᠭᠢᠳᠤᠨ ᠲᠠᠩᠭᠠᠷᠢᠭᠯᠠᠵᠤ᠂ ᠢᠳᠡ ᠬᠦᠴᠦᠲᠡᠢ ᠦᠭᠡ ᠪᠠᠷ ᠨᠠᠮ ᠳᠠᠭᠠᠨ ᠲᠥᠪ | ᠴᠢᠩᠭ᠎ᠠ ᠪᠠᠷ ᠠᠮᠠᠯᠠᠵᠤ᠂ ᠡᠪ ᠬᠠᠮᠲᠤ ᠶᠣᠰᠣᠨ ᠤ ᠲᠥᠯᠥᠭᠡ ᠨᠠᠰᠤ ᠪᠠᠷ ᠢᠶᠠᠨ ᠲᠡᠮᠡᠴᠡᠬᠦ ᠡᠷᠡᠰ ᠵᠣᠷᠢᠭ ᠵᠢᠴᠢ ᠭᠦᠨ | ᠵᠤᠵᠠᠭᠠᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠣᠯᠤᠨ ᠤᠯᠤᠰ ᠲᠠᠭᠠᠨ ᠵᠢᠳᠬᠦᠬᠦ ᠵᠣᠷᠢᠭ ᠢᠶᠠᠨ ᠭᠦᠨᠵᠡᠭᠡᠢ ᠢᠯᠡᠳᠬᠡᠵᠡᠢ᠃ | | | | ᠯᠢᠦ ᡁᠢ ᠫᠢᠩ ᠠᠬᠠᠮᠠᠳ ᠨᠠᠮ ᠤᠨ ᠭᠡᠰᠢᠭᠦᠨ ᠳᠤ ︽ᠢᠷᠠᠭᠤ ᠠᠯᠳᠠᠷᠳᠦ 50 ᠵᠢᠯ︾ ᠳᠤᠷᠠᠰᠬᠠᠯ ᠤᠨ ᠳᠡᠮᠳᠡᠭ | ᠭᠠᠷᠳᠠᠭᠤᠯᠪᠠ | | ᠳᠠᠷᠠᠭ᠎ᠠ ᠨᠢ᠂ ᠯᠢᠦ ᡁᠢ ᠫᠢᠩ᠂ ᠠᠭᠤᠯᠠ᠂ ᠴᠢᠶᠣᠤ ᠸᠧᠢ ᠭᠦᠸᠧ ᠬᠠᠮᠲᠤᠪᠠᠷ 22 ᠠᠬᠠᠮᠠᠳ ᠨᠠᠮ ᠤᠨ | ᠭᠡᠰᠢᠭᠦᠨ ᠳᠤ ︽ᠢᠷᠠᠭᠤ ᠠᠯᠳᠠᠷᠳᠦ 50 ᠵᠢᠯ︾ ᠭᠡᠬᠦ ᠳᠤᠷᠠᠰᠬᠠᠯ ᠤᠨ ᠲᠡᠮᠳᠡᠭ ᠭᠠᠷᠳᠠᠭᠤᠯᠵᠠᠢ︾ ᠭᠡᠬᠦ ᠳᠤᠷᠠᠰᠬᠠᠯ ᠤᠨ | ᠲᠡᠮᠳᠡᠭ ᠢ ᠭᠠᠷᠳᠠᠭᠤᠯᠵᠠᠢ︔ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠨᠠᠷᠠᠨᠳᠠᠨ᠎ᠠ 2021 ᠣᠨ ᠤ ᠳᠡᠭᠡᠷ᠎ᠡ ᠬᠠᠭᠠᠰ ᠵᠢᠯ ᠤᠨ ᠪᠦᠬᠦ ᠬᠤᠳᠠ ᠶᠢᠨ ᠰᠢᠨ᠎ᠡ ᠨᠠᠮ ᠤᠨ | ᠭᠡᠰᠢᠭᠦᠨ ᠤ ᠨᠡᠷᠡᠰ ᠢ ᠤᠩᠰᠢᠨ ᠨᠡᠶᠢᠲᠡᠯᠡᠪᠡ᠃ | | ︽ᠢᠷᠠᠭᠤ ᠠᠯᠳᠠᠷᠳᠦ 50 ᠵᠢᠯ︾ ᠤᠨ ᠠᠬᠠᠮᠠᠳ ᠨᠠᠮ ᠤᠨ ᠭᠡᠰᠢᠭᠦᠨ᠂ ᠰᠢᠨ᠎ᠡ ᠨᠠᠮ ᠤᠨ ᠭᠡᠰᠢᠭᠦᠨ ᠤ | ᠲᠥᠯᠥᠭᠡᠯᠡᠭᠴᠢ ᠲᠤᠰ ᠲᠤᠰ ᠶᠠᠷᠢᠶ᠎ᠠ ᠲᠠᠯᠪᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠬᠦ ᠵᠣᠷᠢᠯᠲᠠ ᠶᠢ ᠪᠠᠲᠤ ᠴᠡᠭᠡᠵᠢᠯᠡᠵᠦ᠂ ᠬᠤᠪᠢ ᠲᠠᠬᠢᠨ ᠴᠢᠷᠮᠠᠶᠢᠵᠤ᠂ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠪ ᠬᠠᠮᠲᠤ ᠨᠠᠮ ᠤᠨ ᠭᠡᠰᠢᠭᠦᠨ ᠭᠡᠬᠦ ᠡᠨᠡᠬᠦ ᠢᠷᠠᠭᠤ ᠠᠯᠳᠠᠷᠲᠤ | ᠴᠣᠯᠠ ᠳᠠᠭᠠᠨ ᠣᠰᠣᠯᠳᠠᠬᠤ ᠦᠭᠡᠢ ᠭᠡᠵᠦ ᠢᠯᠡᠳᠬᠡᠪᠡ᠃ | | | | | | | ︽ᠡᠪ ᠬᠠᠮᠲᠤ ᠨᠠᠮ ᠪᠠᠶᠢᠬᠤ ᠦᠭᠡᠶ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠶ︾ ᠭᠡᠬᠦ ᠬᠠᠮᠲᠤ ᠶᠢᠨ | ᠳᠠᠭᠤᠤ | | ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷᠴᠤᠳ ︽ᠡᠪ | ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠭᠡᠬᠦ ᠬᠤᠪᠢᠰᠬᠠᠯᠲᠤ ᠳᠠᠭᠤᠤ ᠶᠢ | ᠬᠠᠮᠲᠤ ᠪᠠᠷ ᠳᠠᠭᠤᠯᠠᠵᠤ᠂ ᠡᠬᠡ ᠤᠯᠤᠰ ᠲᠠᠭᠠᠨ ᠬᠦᠰᠡᠯ ᠵᠥᠩᠨᠡᠯ ᠪᠠ ᠬᠠᠶᠢᠷ᠎ᠠ ᠰᠡᠳᠬᠢᠯᠭᠡ ᠪᠠᠨ ᠳᠠᠭᠤᠤ ᠪᠠᠷ ᠢᠯᠡᠳᠬᠡᠵᠦ᠂ | ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠤᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠵᠦ᠂ ᠨᠢᠭᠡ ᠰᠡᠳᠬᠢᠯ ᠢᠶᠠᠷ ᠨᠠᠮ ᠳᠠᠭᠠᠨ ᠬᠠᠨᠳᠤᠵᠤ᠂ ᠨᠠᠮ ᠢᠶᠠᠨ ᠡᠭᠦᠷᠢᠳᠡ ᠳᠠᠭᠠᠬᠤ ᠢᠲᠡᠭᠡᠯ | ᠵᠣᠷᠢᠭ ᠢᠶᠠᠨ ᠤᠯᠠᠮ ᠪᠠᠲᠤᠳᠬᠠᠪᠠ᠃ | |