ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠠᠷᠤᠭ᠎ᠠ ᠵᠢᠶᠠᠩ ᠬᠤᠩ ᠮᠠᠨ ᠤ ᠬᠤᠲᠠ ᠳᠤ ᠢᠷᠡᠵᠦ ᠠᠷᠠᠳ ᠤᠨ ᠶᠠᠪᠤᠳᠠᠯ ᠤᠨ ᠠᠵᠢᠯ ᠪᠠ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/7/12
       7 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠬᠤᠩ ᠨᠠᠷ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠢᠷᠦᠬᠡ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃
     ᠵᠢᠶᠠᠩ ᠬᠤᠩ ᠨᠠᠷ ᠬᠤᠳᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠪ ᠲᠤ ᠭᠦᠨᠵᠡᠭᠡᠶᠢᠷᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠥᠪ ᠤᠨ ᠡᠵᠡᠩᠨᠡᠯᠲᠡ ᠬᠠᠮᠢᠶᠠᠷᠤᠯᠲᠠ᠂ ᠣᠷᠣᠵᠤ ᠰᠠᠭᠤᠭᠰᠠᠳ᠂ ᠰᠤᠪᠢᠯᠠᠯᠲᠠ ᠶᠢᠨ ᠳᠡᠰ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠨᠠᠰᠤᠵᠢᠯ ᠤᠨ ᠠᠰᠠᠷᠠᠮᠵᠢ ᠶᠢᠨ ᠠᠪᠤᠷᠠᠨ ᠲᠤᠰᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠪᠣᠯᠤᠨ ᠴᠢᠳᠠᠮᠵᠢᠳᠤ ᠬᠤᠪᠢᠶᠠᠷᠢ ᠲᠣᠭᠤᠷᠢᠭ ᠢ ᠲᠣᠭᠤᠷᠢᠨ ᠦᠵᠡᠵᠦ ᠂ ᠣᠷᠣᠵᠤ ᠰᠠᠭᠤᠭᠰᠠᠨ ᠨᠠᠰᠤᠲᠠᠶᠢᠴᠤᠳ ᠢ ᠡᠷᠬᠢᠨ ᠦᠵᠡᠪᠡ᠃        ᠵᠢᠶᠠᠩ ᠬᠤᠩ ᠵᠢᠭᠠᠵᠤ ᠭᠠᠷᠭᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠣᠯ ᠨᠠᠰᠤᠲᠠᠶᠢᠴᠤᠳ ᠤᠨ ᠰᠠᠶᠢᠨ ᠰᠠᠶᠢᠬᠠᠨ ᠠᠮᠢᠳᠤᠷᠠᠯ ᠢ ᠪᠡᠶᠡᠯᠡᠭᠦᠯᠬᠦ ᠶᠢᠨ ᠴᠢᠬᠤᠯᠠ ᠲᠦᠰᠢᠭ ᠲᠤᠯᠭᠠᠭᠤᠷᠢ ᠮᠥᠨ᠂ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂  ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂  ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ᠂ ᠣᠷᠣᠵᠤ ᠰᠠᠭᠤᠭᠰᠠᠨ ᠨᠠᠰᠤᠲᠠᠶᠢᠴᠤᠳ ᠲᠤ ᠨᠠᠩ ᠰᠢᠯᠢᠳᠡᠭ  ᠦᠢᠯᠡᠴᠢᠯᠡᠭᠡ ᠬᠠᠩᠭᠠᠬᠤ ᠬᠡᠷᠡᠭᠲᠡᠶ︔ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠣᠷᠣᠵᠤ ᠰᠠᠭᠤᠭᠰᠠᠨ ᠨᠠᠰᠤᠲᠠᠶᠢᠴᠤᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠵᠦ᠂ ᠣᠨᠴᠠᠭᠠᠶ ᠨᠠᠷᠢᠨ ᠨᠢᠮᠪᠠᠶ᠂ ᠬᠦᠯᠢᠴᠡᠩᠭᠦᠶ᠂ ᠬᠠᠶᠢᠷ᠎ᠠ ᠬᠠᠯᠠᠮᠵᠢ ᠪᠠᠷ ᠣᠷᠣᠵᠤ ᠰᠠᠭᠤᠭᠰᠠᠨ ᠨᠠᠰᠤᠲᠠᠶᠢᠴᠤᠳ ᠪᠠ ᠠᠪᠤᠷᠠᠨ ᠲᠤᠰᠠᠯᠠᠬᠤ ᠬᠥᠮᠦᠰ ᠲᠤ ᠰᠠᠨᠠᠭ᠎ᠠ ᠠᠮᠤᠷ᠂ ᠲᠠᠶᠢᠪᠤᠭᠤ᠂ ᠲᠠᠭᠠᠯᠠᠮᠵᠢᠲᠠᠶ ᠪᠠᠶᠢᠯᠭᠠᠵᠤ᠂  ᠦᠢᠯᠡᠴᠢᠯᠡᠬᠦ ᠡᠲᠡᠭᠡᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠶ᠃  
   ᠵᠢᠶᠠᠩ  ᠬᠤᠩ ᠴᠢᠬᠤᠯᠠᠴᠢᠯᠠᠭᠰᠠᠨ ᠨᠢ᠂ ᠨᠡᠶᠢᠭᠡᠮ ᠲᠣᠭᠤᠷᠢᠭ ᠪᠣᠯ ᠨᠠᠮ ᠪᠣᠯᠤᠨ ᠵᠠᠰᠠᠭ ᠤᠨ ᠣᠷᠳᠣᠨ ᠤ ᠰᠠᠭᠤᠭᠠᠯᠢ ᠠᠷᠠᠳ ᠲᠦᠮᠡᠨ ᠲᠠᠢ ᠬᠠᠷᠢᠯᠴᠠᠬᠤ᠂ ᠦᠢᠯᠡᠴᠢᠯᠡᠬᠦ ᠶᠢᠨ ︽ᠬᠠᠮᠤᠭ ᠡᠴᠦᠰ ᠤᠨ ᠨᠢᠭᠡ ᠺᠢᠯᠣᠮᠧᠲᠷ︾ ᠮᠥᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠪᠣᠯᠤᠨ ᠬᠠᠮᠢᠶᠠᠷᠤᠯᠲᠠ ᠶᠢ ᠴᠢᠩᠭᠠᠳᠬᠠᠪᠠᠯ ᠨᠡᠶᠢᠭᠡᠮ ᠤᠨ ᠵᠠᠰᠠᠯᠲᠠ ᠶᠢᠨ ᠰᠠᠭᠤᠷᠢ ᠪᠣᠳᠠᠲᠠᠶᠢᠵᠢᠬᠤ ᠪᠣᠯᠤᠨ᠎ᠠ᠃ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠲᠣᠭᠤᠷᠢᠭ ᠤᠨ ᠭᠡᠷ ᠣᠷᠣᠨ ᠢ ᠪᠠᠶᠢᠭᠤᠯᠬᠤ ᠶᠢᠨ ᠲᠣᠭᠤᠷᠢᠨ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠳᠠᠨ ᠪᠠ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠡᠶᠢᠭᠡᠮ ᠤᠨ ᠬᠦᠴᠦᠨ ᠢ ᠭᠦᠢᠴᠡᠳ ᠲᠠᠶᠢᠴᠢᠯᠠᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠨᠡᠶᠢᠭᠡᠮ ᠤᠨ ᠣᠳᠣᠬᠢᠴᠢᠯᠠᠭᠰᠠᠨ ᠵᠠᠰᠠᠯᠲᠠ ᠶᠢ ᠳᠡᠭᠡᠭᠰᠢᠯᠡᠭᠦᠯᠬᠦ ᠶᠢᠨ ᠬᠠᠮᠲᠤ᠂ ᠮᠠᠨ ᠤ ᠥᠪᠡᠷ ᠤᠨ ᠭᠡᠰᠡᠨ ᠨᠢᠭᠡᠨ ᠢᠵᠢ ᠬᠡᠪ ᠵᠠᠭᠪᠤᠷ ᠢ ᠪᠤᠢ ᠪᠣᠯᠭᠠᠵᠤ᠂ ᠪᠦᠬᠦ ᠨᠡᠶᠢᠭᠡᠮ ᠢᠶᠠᠷ ᠢᠶᠠᠨ ᠠᠷᠠᠳ ᠤᠨ ᠵᠣᠪᠠᠨᠢᠯ ᠢ ᠬᠠᠮᠲᠤ ᠪᠠᠷ ᠰᠢᠢᠳᠪᠣᠷᠢᠯᠡᠬᠦ᠂ ᠡᠶ᠎ᠡ ᠵᠣᠬᠢᠴᠠᠯ ᠢ ᠬᠠᠮᠲᠤ ᠪᠠᠷ ᠠᠬᠢᠭᠤᠯᠬᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号