ᠮᠠᠨ ᠤ ᠬᠤᠳᠠ ᠰᠢᠶᠠᠨ ᠭᠠᠵᠠᠷ ᠤᠨ ᠳᠡᠰ ᠤᠨ ᠤᠳᠤᠷᠢᠳᠬᠤ ᠺᠠᠲᠠᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠭᠰᠡᠨ
ᠨᠡᠶᠢᠲᠡᠯᠡᠭᠰᠡᠨ ᠴᠠᠭ᠄
2021/7/15
ᠭᠠᠷᠴᠠᠭ  ᠄  ᠮᠠᠨ ᠤ ᠬᠤᠳᠠ ᠰᠢᠶᠠᠨ ᠭᠠᠵᠠᠷ ᠤᠨ ᠳᠡᠰ ᠤᠨ ᠤᠳᠤᠷᠢᠳᠬᠤ ᠺᠠᠲᠠᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠭᠰᠡᠨᠤᠷᠴᠢᠭᠤᠯᠤᠭᠴᠢ᠄  ᠤᠷᠢᠬᠠᠨᠤᠳᠤᠷᠢᠳᠤᠮᠵᠢ᠄ 7  ᠰᠠᠷ᠎ᠠ ᠶᠢᠨ8 ᠤ ᠡᠳᠤᠷ᠂  ᠬᠤᠳᠠ ᠶᠢᠨ ᠨᠠᠮ ᠤᠨ ᠬᠤᠷᠢᠶᠠᠨ ᠤ ᠵᠤᠬᠢᠶᠠᠨ  ᠪᠠᠶᠢᠭᠤᠯᠬᠤ ᠬᠡᠯᠲᠡᠰ᠂  ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠬᠤᠯᠪᠤᠭᠠᠯᠠᠨ ᠰᠢᠶᠠᠨ ᠭᠠᠵᠠᠷ ᠤᠨ ᠳᠡᠰ ᠤᠨ ᠤᠳᠤᠷᠢᠳᠬᠤ ᠺᠠᠲᠠᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠵᠦ᠂ ᠪᠦᠬᠦ ᠬᠤᠲᠠ ᠶᠢᠨ ᠰᠢᠶᠠᠨ ᠭᠠᠵᠠᠷ ᠤᠨ ᠳᠡᠰ ᠤᠨ ᠤᠳᠤᠷᠢᠳᠬᠤ  ᠺᠠᠲᠠᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠠᠴᠠ ᠬᠦᠴᠦᠨ ᠴᠢᠳᠠᠯ ᠤᠯᠬᠤ ᠶᠢ ᠤᠯᠠᠮ ᠴᠢᠨᠠᠭᠰᠢᠳᠠ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠬᠢᠵᠢᠬᠦᠯᠬᠦ  ᠴᠢᠬᠤᠯᠠ ᠶᠡᠭᠡ ᠠᠰᠠᠭᠤᠳᠠᠯ ᠳᠡᠭᠡᠷᠡᠬᠢ ᠦᠵᠡᠯ ᠰᠠᠨᠠᠭ᠎ᠠ ᠲᠠᠨᠢᠯᠲᠠ ᠪᠣᠯᠤᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ  ᠶᠢ ᠵᠤᠷᠢᠵᠠᠢ᠃ ᠲᠠᠶᠢᠯᠤᠮᠵᠢ᠄  ᠪᠤᠯᠪᠠᠰᠤᠷᠠᠯ ᠤᠨ ᠠᠩᠭᠢ ᠦᠪᠤᠷ ᠮᠤᠩᠭᠤᠯ ᠤᠨ ᠨᠠᠮ ᠤᠨ ᠰᠤᠷᠭᠠᠭᠤᠯᠢ ᠶᠢᠨ ᠦᠨᠳᠤᠰᠦᠲᠠᠨ ᠤ ᠤᠨᠤᠯ ᠵᠢᠴᠢ ᠲᠥᠷᠦ ᠶᠢᠨ ᠪᠣᠳᠤᠯᠭ᠎ᠠ ᠶᠢᠨ ᠵᠢᠭᠠᠨ ᠰᠤᠳᠤᠯᠬᠤ ᠬᠡᠯᠲᠡᠰ ᠤᠨ  ᠫᠷᠤᠹᠧᠰᠰᠤᠷ ᠬᠥ᠋ ᠴᠢᠩ ᠾᠦᠢ (胡清惠)᠂  ᠦᠪᠤᠷ ᠮᠤᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠤᠭᠡ ᠨᠠᠮ ᠤᠨ ᠪᠠᠶᠢᠭᠤᠯᠤᠯᠲᠠ ᠶᠢᠨ ᠵᠢᠭᠠᠨ ᠰᠤᠲᠤᠯᠬᠤ ᠬᠡᠯᠲᠡᠰ ᠤᠨ ᠢᠤᠢ ᠯᠢᠶᠠᠨ ᠷᠦᠢ ᠫᠷᠤᠹᠧᠰᠰᠤᠷ ᠢ ᠤᠷᠢᠵᠦ  ᠲᠤᠰᠬᠠᠢ  ᠰᠡᠳᠦᠪᠲᠦ ᠲᠠᠶᠢᠯᠤᠮᠵᠢ ᠬᠢᠯᠭᠡᠵᠡᠢ᠃  ᠲᠠᠶᠢᠯᠤᠮᠵᠢ  ︽ ᠰᠢ ᠶᠢᠨ ᠫᠢᠩ ᠶᠡᠷᠦᠩᠬᠡᠢ ᠱᠦᠵᠢ ᠶᠢᠨ ᠦᠨᠳᠤᠰᠤᠲᠠᠨ ᠤ ᠠᠵᠢᠯ ᠤᠨ ᠲᠤᠬᠠᠢ ᠴᠢᠬᠤᠯᠠ ᠦᠭᠦᠯᠡᠯᠲᠠ ᠶᠢ ᠬᠦᠨᠵᠡᠭᠡᠢ ᠰᠤᠷᠤᠯᠴᠠᠵᠦ᠂  ᠳᠤᠮᠳᠠᠳᠦ ᠶᠢᠨ ᠦᠨᠳᠤᠰᠤᠲᠠᠨ ᠤ ᠬᠠᠮᠲᠦ ᠶᠢᠨ ᠴᠤᠭᠴᠠ  ᠶᠢᠨ ᠤᠬᠠᠮᠰᠠᠷ ᠢ ᠲᠠᠰᠤᠷᠠᠯᠲᠠ ᠦᠭᠡᠢ ᠪᠠᠬᠢᠵᠢᠭᠦᠯᠬᠦ︾  ᠂ ︽  ᠳᠤᠮᠳᠠᠳᠦ ᠤᠯᠤᠰ ᠤᠨ ᠡᠪ ᠬᠠᠮᠳᠦ ᠨᠠᠮ ᠤᠨ ᠵᠠᠭᠤᠨ ᠵᠢᠯ ᠤᠨ ᠲᠡᠮᠡᠴᠡᠯ ᠤᠨ ᠦᠩᠭᠡᠷᠡᠯᠲᠠ ᠬᠢᠭᠡᠳ ᠲᠤᠷᠰᠢᠯᠭ᠎ᠠ︾  ᠵᠡᠷᠭᠡ ᠠᠭᠤᠯᠭ᠎ᠠ ᠶᠢᠨ ᠲᠠᠯ᠎ᠠ ᠪᠠᠷ  ᠬᠦᠨᠵᠡᠭᠡᠢ  ᠶᠠᠷᠢᠵᠦ᠂  ᠪᠤᠯᠪᠠᠰᠤᠷᠠᠯ ᠤᠨ ᠠᠭᠤᠯᠭ᠎ᠠ ᠪᠠᠶᠠᠯᠢᠭ᠂  ᠭᠤᠣᠯᠳᠠᠯᠭ᠎ᠠ ᠳᠤᠪᠤᠶᠢᠮ᠎ᠠ᠂  ᠬᠠᠷᠠᠯᠲᠠ ᠦᠷᠭᠡᠨ᠂  ᠦᠵᠡᠯᠲᠡ ᠲᠤᠳᠤᠷᠬᠠᠢ  ᠪᠠᠶᠢᠵᠦ᠂  ᠤᠯᠠᠨ ᠳᠤ ᠨᠠᠮ ᠤᠨ ᠲᠡᠤᠬᠡ ᠶᠢᠨ ᠰᠤᠷᠤᠯᠴᠯᠠᠭ᠎ᠠ ᠬᠦᠮᠦᠵᠢᠯ ᠪᠤᠯᠤᠨ ᠳᠤᠮᠳᠠᠳᠦ ᠶᠢᠨ ᠦᠨᠳᠤᠰᠦᠲᠠᠨ ᠤ  ᠬᠠᠮᠳᠦ ᠶᠢᠨ ᠴᠤᠭᠴᠠ ᠶᠢᠨ ᠤᠬᠠᠮᠰᠠᠷ ᠤᠨ ᠲᠤᠰᠬᠠᠢ ᠰᠡᠳᠦᠪᠲᠦ ᠬᠦᠮᠦᠵᠢᠯ ᠤᠨ ᠴᠢᠬᠤᠯᠠ ᠠᠴᠢ ᠬᠤᠯᠪᠤᠭᠳᠠᠯ ᠢ ᠬᠦᠨᠵᠡᠭᠡᠢ ᠤᠶᠢᠯᠭᠠᠭᠤᠯᠵᠠᠢ᠃   ᠤᠶᠢᠯᠭᠠᠯᠲᠠ ᠪᠠᠷ᠂   ᠲᠤᠰ ᠤᠳᠠᠭᠠᠨ ᠤ ᠪᠤᠯᠪᠠᠰᠤᠷᠠᠯ ᠪᠣᠯ  ᠪᠦᠬᠦ ᠬᠤᠳᠠ ᠶᠢᠨ ᠨᠠᠮ ᠤᠨ ᠲᠡᠤᠬᠡ ᠶᠢᠨ ᠰᠤᠷᠤᠯᠴᠯᠠᠭ᠎ᠠ ᠬᠦᠮᠦᠵᠢᠯ ᠵᠢᠴᠢ  ︽ ᠳᠤᠮᠳᠠᠳᠦ ᠶᠢᠨ ᠦᠨᠳᠤᠰᠤᠲᠠᠨ ᠤ ᠬᠠᠮᠳᠦ ᠶᠢᠨ ᠴᠤᠭᠴᠠ ᠶᠢᠨ ᠤᠬᠠᠮᠰᠠᠷ︾  ᠤᠨ ᠲᠤᠰᠬᠠᠢ ᠰᠡᠳᠦᠪᠲᠦ ᠰᠢᠷᠢᠰ ᠪᠤᠯᠪᠠᠰᠤᠷᠠᠯ ᠤᠨ ᠬᠤᠶᠠᠳᠤᠭᠠᠷ ᠬᠤᠭᠤᠴᠠᠭ᠎ᠠ ᠪᠤᠯᠤᠨ᠎ᠠ᠃  ᠳᠠᠷᠠᠭᠠᠴᠢ ᠶᠢᠨ ᠠᠯᠬᠤᠮ ᠳᠤ᠂  ᠮᠠᠨ ᠤ ᠬᠤᠳᠠ ᠪᠠᠰᠠ ᠪᠦᠬᠦ ᠬᠤᠳᠠ ᠶᠢᠨ ᠨᠠᠮ ᠤᠨ ᠲᠡᠤᠬᠡ ᠶᠢᠨ ᠰᠤᠷᠤᠯᠴᠯᠠᠭ᠎ᠠ ᠬᠦᠮᠦᠵᠢᠯ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ︾  ᠲᠤᠰᠬᠠᠶ ᠰᠡᠳᠦᠪᠲᠦ ᠲᠣᠪᠴᠢᠶ᠎ᠠ ᠭᠠᠵᠠᠷ ᠤᠨ ᠤᠳᠤᠷᠢᠳᠬᠤ ᠪᠠᠭ ᠤᠨ ᠭᠡᠰᠢᠭᠦᠨ᠂ ᠰᠠᠯᠠᠭᠠᠨ ᠳᠡᠰ ︵ ᠭᠤᠭᠴᠤᠭ᠎ᠠ︶  ᠶᠢᠨ ᠺᠠᠳ᠋ᠷ ︵ᠬᠤᠶᠠᠳᠤᠭᠠᠷ ᠬᠤᠭᠤᠴᠠᠭ᠎ᠠ︶ ᠪᠣᠯᠤᠨ ᠰᠤᠮᠤ ᠭᠠᠴᠠᠭ᠎ᠠ᠂ ᠨᠡᠶᠢᠭᠡᠮ ᠲᠣᠭᠤᠷᠢᠭ ᠤᠨ ᠺᠠᠳ᠋ᠷ   ᠲᠤ ᠳᠥᠷᠪᠡᠨ ᠬᠤᠭᠤᠴᠠᠭᠠᠨ ᠤ ᠪᠣᠯᠪᠠᠰᠤᠷᠠᠯ ᠤᠨ ᠠᠩᠭᠢ ᠡᠷᠬᠢᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ  ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠶᠢ ᠨᠠᠮ ᠤᠨ ᠲᠥᠪ ᠬᠤᠷᠢᠶᠠᠨ ᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠰᠤᠷᠤᠯᠴᠠᠬᠤ ᠲᠠᠢ ᠤᠶᠠᠯᠳᠤᠭᠤᠯᠵᠤ᠂ ᠪᠦᠬᠦ ᠬᠤᠲᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠦᠵᠡᠯ ᠰᠠᠨᠠᠭ᠎ᠠ ᠤᠯᠤᠰ ᠲᠦᠷᠦ ᠶᠢᠨ ᠵᠤᠭᠰᠤᠴᠠ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ  ᠤᠯᠠᠮ ᠴᠢᠨᠠᠭᠰᠢᠳᠠ ᠳᠡᠭᠡᠭᠰᠢᠯᠡᠭᠦᠯᠬᠦ  ᠪᠤᠯᠤᠨ᠎ᠠ᠃    ᠪᠥᠬᠦ ᠬᠤᠲᠠ ᠶᠢᠨ ᠰᠢᠶᠠᠨ ᠭᠠᠵᠠᠷ ᠤᠨ ᠲᠠᠰ ᠤᠨ 72 ᠤᠳᠤᠷᠢᠳᠬᠤ ᠺᠠᠳ᠋ᠷ ᠪᠣᠯᠪᠠᠰᠤᠷᠠᠯ ᠳᠤ ᠣᠷᠣᠯᠴᠠᠵᠤ᠂ ᠪᠣᠯᠪᠠᠰᠤᠷᠠᠯ  ᠨᠢᠭᠡ ᠡᠳᠦᠷ  ᠶᠠᠪᠤᠭᠳᠠᠵᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号