ᠤᠯᠠᠨ ᠰᠠᠯᠠᠭ᠎ᠠ ᠮᠦᠴᠢᠷ ᠬᠤᠯᠪᠤᠭᠠᠯᠠᠨ ︽  ᠳᠦᠷᠪᠡᠨ ᠲᠡᠤᠬᠡ︾  ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2021/7/15
ᠭᠠᠷᠴᠠᠭ  ᠄   ᠤᠯᠠᠨ ᠰᠠᠯᠠᠭ᠎ᠠ ᠮᠦᠴᠢᠷ ᠬᠤᠯᠪᠤᠭᠠᠯᠠᠨ ︽ ᠳᠦᠷᠪᠡᠨ ᠲᠡᠤᠬᠡ︾   ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠦᠭᠰᠡᠨ ᠤᠷᠴᠢᠭᠤᠯᠤᠭᠴᠢ᠄  ᠤᠷᠢᠬᠠᠨ    ᠤᠳᠤᠷᠢᠳᠤᠮᠵᠢ᠄  ᠳᠡᠭᠡᠳᠦ ᠱᠠᠲᠤᠨ ᠤ ᠨᠠᠮ ᠤᠨ ᠬᠤᠷᠢᠶᠠᠨ ᠤ ︽ ᠳᠦᠷᠪᠡᠨ ᠲᠡᠤᠬᠡ︾  ᠶᠢᠨ ᠰᠤᠷᠤᠯᠴᠠᠯᠭ᠎ᠠ ᠬᠦᠮᠦᠵᠢᠯ ᠤᠨ ᠬᠠᠮᠢᠶᠠᠲᠠᠢ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠬᠤ ᠶᠢ ᠠᠬᠢᠭᠤᠯᠵᠦ᠂  ᠨᠠᠮ ᠤᠨ ᠭᠡᠰᠢᠭᠦᠨ᠂  ᠺᠠᠳ᠋ᠷ ᠲᠡᠤᠭᠡ ᠶᠢ ᠰᠠᠶᠢᠨ ᠰᠤᠷᠴᠦ  ᠦᠢᠯᠡᠳᠦᠯᠭᠡᠵᠢᠬᠦᠯᠬᠦ ᠶᠢ ᠠᠬᠢᠭᠤᠯᠵᠦ᠂  ᠨᠠᠮ ᠢᠶᠠᠨ ᠬᠠᠶᠢᠷᠠᠯᠠᠨ ᠤᠯᠤᠰ ᠢᠶᠠᠨ  ᠬᠠᠶᠢᠷᠠᠯᠠᠵᠦ᠂  ᠤᠭ ᠰᠠᠨᠠᠭ᠎ᠠ ᠡᠭᠦᠷᠬᠡ  ᠬᠠᠷᠢᠭᠤᠴᠠᠯᠭ᠎ᠠ  ᠶᠢ ᠨᠢ ᠪᠠᠲᠦ ᠴᠡᠭᠡᠵᠢᠯᠡᠬᠦᠯᠬᠦ ᠶᠢᠨ ᠲᠦᠯᠦᠭᠡ᠂ 7  ᠰᠠᠷ᠎ᠠ ᠶᠢᠨ8 ᠤ ᠡᠳᠤᠷ᠂  ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠪᠠᠶᠢᠭᠤᠯᠭ᠎ᠠ᠂  ᠵᠠᠰᠠᠭ ᠤᠨ ᠤᠷᠳᠤᠨ ᠤ ᠠᠯᠪᠠᠨ ᠭᠡᠷ᠂  ᠵᠤᠬᠢᠶᠠᠨ ᠪᠠᠶᠢᠭᠤᠯᠬᠤ ᠬᠡᠯᠲᠡᠰ ᠵᠡᠷᠭᠡ ᠪᠠᠶᠢᠭᠤᠯᠭ᠎ᠠ ᠬᠤᠯᠪᠤᠭᠠᠯᠠᠨ ︽ ᠳᠦᠷᠪᠡᠨ ᠲᠡᠤᠭᠡ︾ ᠶᠢᠨ ᠰᠤᠷᠤᠯᠴᠯᠠᠭ᠎ᠠ ᠬᠦᠮᠦᠵᠢᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠡᠢ᠃ ᠲᠠᠶᠢᠯᠤᠮᠵᠢ᠄   ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠳᠤ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ᠂  ᠦᠨᠳᠤᠷ  ᠳᠡᠰ ᠤᠨ ᠲᠠᠶᠢᠯᠪᠤᠷᠢᠯᠠᠭᠴᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠹᠠᠨ ᠬᠤᠩ ᠶᠢᠩ ᠢ ᠤᠷᠢᠵᠤ ᠬᠢᠴᠢᠶᠡᠯ ᠣᠷᠣᠵᠠᠢ᠃ ᠲᠠᠶᠢᠯᠤᠮᠵᠢ  ︽ᠳᠥᠷᠪᠡᠨ ᠲᠡᠦᠬᠡ︾ ᠪᠠᠷ ᠭᠤᠣᠯ ᠰᠢᠵᠢᠮ ᠪᠣᠯᠭᠠᠵᠤ᠂ ᠰᠢᠨ᠎ᠡ ᠳᠤᠮᠳᠠᠳᠤ ᠤᠯᠤᠰ ᠤᠨ ᠲᠡᠦᠬᠡ ᠶᠢᠨ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ᠂ ᠴᠢᠬᠤᠯᠠ ᠬᠥᠮᠦᠰ ᠢ ᠭᠦᠨᠵᠡᠭᠡᠶ ᠡᠷᠭᠢᠴᠡᠭᠦᠯᠵᠦ᠂ ᠶᠡᠭᠡ ᠬᠡᠮᠵᠢᠶᠡᠨ ᠤ ᠲᠡᠦᠬᠡ ᠶᠢᠨ ᠰᠣᠩᠭᠤᠳᠠᠭ ᠪᠦᠲᠦᠭᠡᠯ ᠢᠶᠠᠷ ᠳᠡᠮᠵᠢᠨ᠂ ᠨᠠᠷᠢᠨ ᠪᠣᠳᠠᠲᠠᠶ ᠲᠤᠭ᠎ᠠ ᠬᠡᠮᠵᠢᠶ᠎ᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠪᠣᠯᠤᠨ ᠰᠢᠨ᠎ᠡ ᠳᠤᠮᠳᠠᠳᠤ ᠤᠯᠤᠰ ᠤᠨ ᠲᠡᠦᠬᠡ ᠶᠢ ᠨᠢᠭᠲᠠ  ᠬᠤᠯᠪᠤᠯᠳᠠᠭᠤᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠯᠤᠰ ᠠᠷᠠᠳ ᠤᠨ ᠢᠶᠠᠨ ᠲᠥᠯᠥᠭᠡ ᠰᠠᠨᠠᠭᠠᠰᠢᠷᠠᠬᠤ ᠤᠬᠠᠮᠰᠠᠷ ᠠᠴᠠ ᠤᠯᠤᠰ ᠢᠶᠠᠨ ᠬᠠᠶᠢᠷᠠᠯᠠᠵᠤ ᠠᠷᠠᠳ ᠢᠶᠠᠨ ᠬᠠᠶᠢᠷᠠᠯᠠᠬᠤ ᠰᠡᠳᠬᠢᠯᠭᠡ  ᠂ ᠤᠯᠤᠰ ᠢᠶᠠᠨ ᠠᠪᠤᠷᠠᠵᠤ ᠠᠷᠠᠳ ᠢᠶᠠᠨ ᠠᠪᠤᠷᠠᠬᠤ ᠠᠵᠢᠯᠯᠠᠭ᠎ᠠ  ᠬᠦᠷᠲᠡᠯ᠎ᠡ᠂ ᠲᠤᠰᠬᠠᠢ ᠰᠡᠳᠦᠪᠲᠦ ᠬᠥᠮᠦᠵᠢᠯ ᠤᠨ  ᠲᠤᠭᠤᠷᠢᠨ ᠳᠤ ︽ᠶᠠᠭᠤ ᠶᠢ ᠰᠤᠷᠤᠯᠴᠠᠬᠤ︾ ᠪᠠ ︽ᠶᠠᠭᠤᠨ ᠳᠤ ᠰᠤᠷᠤᠯᠴᠠᠬᠤ︾ ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ︽ ᠪᠣᠯᠬᠤ︾᠂ ᠮᠠᠷᠺᠰ ᠤᠨ ᠦᠵᠡᠯ ᠶᠠᠭᠠᠬᠢᠭᠠᠳ ︽ᠪᠤᠯᠬᠤ ︾᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ︽ᠰᠠᠶᠢᠨ︾ ᠪᠠᠶᠢᠬᠤ ᠶᠢ ᠭᠦᠨᠵᠡᠭᠡᠢ ᠲᠣᠳᠣᠷᠬᠠᠶᠢᠯᠠᠨ ᠦᠭᠦᠯᠡᠵᠡᠢ᠃   ᠨᠠᠮ ᠤᠨ ᠭᠡᠰᠢᠭᠦᠳ  ᠤᠬᠠᠭᠤᠯᠤᠨ ᠲᠠᠶᠢᠯᠪᠤᠷᠢᠯᠠᠯᠲᠠ ᠶᠢ ᠰᠤᠨᠤᠰᠬᠤ ᠪᠠᠷ ᠳᠠᠮᠵᠢᠨ᠂  ᠳᠦᠷᠪᠡᠨ ᠲᠡᠤᠬᠡ ᠶᠢᠨ  ᠲᠤᠬᠠᠢ ᠨᠡᠩ ᠬᠦᠨᠵᠡᠭᠡᠢ ᠤᠶᠢᠯᠭᠠᠯᠲᠠ ᠲᠠᠢ ᠪᠤᠯᠵᠦ᠂ ᠬᠤᠪᠢᠰᠬᠠᠯ ᠵᠠᠰᠠᠭ ᠤᠨ ᠡᠷᠬᠡ ᠶᠢᠨ ᠬᠢᠯᠪᠠᠷ ᠪᠤᠰᠤ ᠪᠠᠷ ᠢᠷᠡᠭᠰᠡᠨ᠂ ᠰᠢᠨ᠎ᠡ ᠳᠤᠮᠳᠠᠳᠤ ᠤᠯᠤᠰ ᠬᠢᠯᠪᠠᠷ ᠪᠤᠰᠤ ᠪᠠᠷ ᠢᠷᠡᠭᠰᠡᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠬᠢᠯᠪᠠᠷ ᠪᠤᠰᠤ ᠪᠠᠷ ᠢᠷᠡᠭᠰᠡᠨ ᠢ ᠭᠦᠨᠵᠡᠭᠡᠢ ᠲᠠᠨᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠯᠢᠶᠡᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠨ ᠤᠯᠠᠮ  ᠪᠠᠲᠤᠳᠬᠠᠵᠦ᠂  ᠨᠠᠮ ᠤᠨ ᠭᠡᠰᠢᠭᠦᠨ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠬᠥᠭᠵᠢᠭᠡᠵᠡᠢ  ᠭᠡᠯ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号