ᠬᠠᠮᠳᠦ ᠶᠢᠨ ᠬᠤᠭᠤᠯᠯᠠᠬᠤ ᠬᠤᠭᠤᠯᠠᠨ ᠭᠡᠷ ᠲᠠᠷᠢᠶᠠᠴᠢᠳ ᠲᠤ ᠳᠦᠭᠦᠮ ᠦᠢᠯᠡᠴᠢᠯᠡᠭᠡ ᠬᠠᠩᠭᠠᠭᠰᠠᠨ
ᠨᠡᠶᠢᠲᠡᠯᠡᠭᠰᠡᠨ ᠴᠠᠭ᠄
2021/7/15
 ᠭᠠᠷᠴᠠᠭ  ᠄ ᠬᠠᠮᠳᠦ ᠶᠢᠨ ᠬᠤᠭᠤᠯᠯᠠᠬᠤ ᠬᠤᠭᠤᠯᠠᠨ ᠭᠡᠷ ᠲᠠᠷᠢᠶᠠᠴᠢᠳ ᠲᠤ ᠳᠦᠭᠦᠮ ᠦᠢᠯᠡᠴᠢᠯᠡᠭᠡ ᠬᠠᠩᠭᠠᠭᠰᠠᠨ ᠤᠷᠴᠢᠭᠤᠯᠤᠭᠴᠢ᠄  ᠤᠷᠢᠬᠠᠨ    ᠤᠳᠤᠷᠢᠳᠤᠮᠵᠢ᠄   ᠦᠩᠭᠡᠷᠡᠭᠰᠡᠨ ᠳᠤ ᠤᠯᠠᠨ ᠬᠦᠮᠦᠰ ᠬᠠᠮᠳᠤᠪᠠᠷ ᠬᠤᠭᠤᠯᠯᠠᠳᠠᠭ ᠲᠠᠢ ᠠᠳᠠᠯᠢ ᠤᠲᠤ ᠭᠡᠷᠡᠯᠲᠦᠠᠤᠳᠦ ᠰᠤᠮᠤᠨ ᠤ ᠰᠠᠶᠢᠬᠤᠰᠤ ᠭᠠᠴᠠᠭᠠᠨ ᠤ ᠲᠠᠷᠢᠶᠠᠴᠢᠳ ᠲᠠᠷᠢᠶᠠᠨ ᠠᠵᠢᠯ ᠳᠤ ᠪᠠᠨ ᠶᠠᠭᠠᠷᠠᠵᠦ ᠪᠠᠷᠠᠪᠠᠯ ᠬᠠᠮᠳᠦᠪᠡᠷ ᠬᠤᠭᠤᠯᠯᠠᠳᠠᠭ ᠪᠤᠯᠤᠭᠰᠠᠨ  ᠶᠤᠮ᠃ ᠲᠠᠶᠢᠯᠤᠮᠵᠢ᠄  ᠦᠳᠡ ᠶᠢᠨ ᠬᠤᠭᠤᠯᠠᠨ ᠤ ᠥᠶ᠎ᠠ ᠪᠠᠷ᠂  ᠲᠠᠷᠢᠶᠠᠴᠢᠳ ᠬᠠᠮᠳᠦᠪᠡᠷ ᠬᠤᠭᠤᠯᠡ ᠢᠳᠡᠨ ᠵᠤᠭᠤᠭ ᠳᠡᠯᠭᠡᠵᠦ᠂  ᠵᠠᠬ᠎ᠠ ᠳᠡᠯᠭᠡᠭᠦᠷ ᠤᠨ ᠪᠠᠶᠢᠳᠠᠯ᠂  ᠨᠤᠭᠤᠭᠠᠨ ᠤ ᠦᠨ᠎ᠡ ᠬᠠᠩᠰᠢ ᠶᠢ ᠶᠠᠷᠢᠯᠴᠠᠵᠠᠭᠠᠨ᠎ᠠ᠃  ᠬᠤᠭᠤᠯᠠᠨ ᠭᠡᠷ ᠤᠨ ᠤᠷᠴᠢᠨ ᠲᠤᠭᠤᠷᠢᠨ ᠠᠷᠢᠭᠤᠨ ᠴᠡᠪᠡᠷ  ᠂  ᠦᠨ᠎ᠡ ᠬᠠᠩᠰᠢ ᠨᠢ ᠲᠤᠬᠢᠷᠠᠮᠵᠢᠲᠠᠢ ᠪᠠᠶᠢᠵᠦ᠂    ᠠᠳᠡ ᠢᠷᠡᠵᠦ  ᠬᠤᠭᠤᠯᠯᠠᠵᠦ ᠪᠠᠶᠢᠭ᠎ᠠ ᠲᠠᠷᠢᠶᠠᠴᠢᠨ ᠮᠠᠰᠢ ᠤᠯᠠᠨ ᠪᠠᠶᠢᠯ᠎ᠠ᠃    ᠰᠤᠷᠪᠤᠯᠵᠢᠯᠠᠭ᠎ᠠ᠄  ᠪᠢᠳᠡ  ᠲᠠᠷᠢᠶᠠᠨ ᠠᠵᠢᠯ  ᠶᠠᠭᠠᠷᠠᠤ ᠦᠶᠡᠰ ᠠᠳᠡ ᠢᠷᠡᠵᠦ ᠬᠤᠭᠤᠯᠡ ᠢᠳᠡᠳᠡᠭ᠃  ᠬᠤᠭᠤᠯᠡ ᠨᠢ ᠠᠮᠲᠠᠲᠠᠢ ᠮᠦᠷᠲᠡᠭᠡᠨ ᠪᠢᠳᠡ ᠴᠦ ᠢᠯᠡᠭᠦᠦ ᠠᠮᠠᠷᠠᠬᠤ  ᠴᠠᠭ ᠲᠠᠢ᠂  ᠮᠠᠰᠢ ᠳᠦᠭᠦᠮ ᠪᠤᠯᠵᠠᠢ᠃   ᠤᠶᠢᠯᠭᠠᠯᠲᠠ ᠪᠠᠷ᠂  ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠢ ᠦᠷᠨᠢᠭᠦᠯᠦᠭᠰᠡᠨ ᠠᠴᠠ ᠨᠠᠭᠠᠰᠢ᠂  ᠰᠠᠶᠢᠬᠤᠰᠤ ᠭᠠᠴᠠᠭᠠᠨ ᠤ ᠨᠠᠮ ᠤᠨ ᠡᠭᠦᠷ ᠲᠠᠷᠢᠶᠠᠴᠢᠳ ᠤᠨ ᠰᠠᠨᠠᠯ ᠢ ᠦᠨᠳᠤᠰᠤᠯᠠᠨ᠂  ᠬᠠᠮᠳᠦ ᠶᠢᠨ ᠬᠤᠭᠤᠯᠠᠨ ᠭᠡᠷ ᠭᠠᠷᠭᠠᠬᠤ ᠶᠢ ︽ ᠪᠢ ᠤᠯᠠᠨ ᠲᠦᠮᠡᠨ ᠳᠤ ᠪᠤᠳᠠᠳᠥ ᠠᠵᠢᠯ ᠬᠢᠬᠦ︾  ᠴᠢᠬᠤᠯᠡ ᠠᠷᠠᠳ ᠲᠤ ᠪᠤᠳᠠᠳᠦ ᠠᠵᠢᠯ ᠬᠢᠬᠦ ᠲᠦᠷᠦᠯ ᠵᠦᠢᠯ ᠪᠤᠯᠭᠠᠬᠤ ᠶᠢᠨ ᠬᠠᠮᠳᠦ ᠬᠤᠳᠠ ᠶᠢᠨ ᠡᠮᠡᠭᠲᠡᠶᠢᠴᠦᠳ ᠤᠨ ᠬᠤᠯᠪᠤᠭ᠎ᠠ ᠪᠠ ᠠᠷᠠᠳ ᠤᠨ ᠶᠠᠪᠤᠳᠠᠯ ᠤᠨ  ᠲᠤᠪᠴᠢᠶᠠᠨ ᠤ ᠳᠠᠮᠵᠢᠯᠭᠡ ᠳᠤᠤᠷ᠎ᠠ᠂ 8  ᠲᠦᠮᠡ ᠭᠠᠷᠤᠢ ᠲᠦᠭᠦᠷᠢᠭ ᠵᠠᠷᠤᠴᠠᠭᠤᠯᠵᠦ᠂  ᠭᠠᠴᠠᠭᠠᠨ ᠳᠤ ᠬᠤᠭᠤᠯᠠᠨ ᠭᠡᠷ ᠭᠠᠷᠭᠠᠵᠦ᠂  ᠲᠠᠷᠢᠶᠠᠴᠢᠨ  ᠡᠳᠤᠷ ᠲᠤ 5 ᠲᠦᠭᠦᠷᠢᠭ  ᠵᠠᠷᠤᠴᠠᠭᠤᠯᠪᠠᠯ ᠠᠮᠳᠠᠳᠠᠢ ᠬᠤᠭᠤᠯᠡ ᠢᠳᠡᠵᠦ᠂   ᠲᠠᠷᠢᠶᠠᠴᠢᠳ ᠤᠨ ᠭᠡᠷ ᠤᠨ ᠠᠵᠢᠯ ᠤᠨ ᠳᠠᠷᠤᠭᠠᠰᠤ ᠶᠢ  ᠬᠥᠩᠭᠡᠯᠡᠵᠡᠢ᠃     ᠲᠠᠷᠢᠶᠠᠨ ᠠᠵᠢᠯ ᠶᠠᠭᠠᠷᠠᠤ ᠦᠶ᠎ᠡ ᠳᠤ᠂ ᠰᠠᠶᠢᠬᠤᠰᠤ ᠭᠠᠴᠠᠭᠠᠨ ᠤ  ᠲᠠᠷᠢᠶᠠᠴᠢᠳ ᠬᠦᠯᠡᠮᠵᠢ ᠪᠠᠨ ᠬᠤᠷᠢᠶᠠᠵᠤ᠂  ᠲᠠᠷᠢᠶᠠᠨ ᠠᠵᠢᠯ ᠳᠠᠭᠠᠨ ᠶᠠᠭᠠᠷᠠᠵᠤ᠂ ᠥᠷᠯᠥᠭᠡ ᠶᠢᠨ ᠲᠠᠪᠤᠨ ᠴᠠᠭ ᠠᠴᠠ ᠡᠬᠢᠯᠡᠨ᠂ ᠵᠠᠷᠢᠮ ᠳᠠᠭᠠᠨ ᠤᠷᠤᠢ ᠶᠢᠨ ᠠᠷᠪᠠᠨ ᠴᠠᠭ ᠭᠠᠷᠤᠢ ᠳᠤ ᠰᠠᠶ᠋ᠢ ᠭᠡᠷ ᠲᠡᠭᠡᠨ ᠬᠠᠷᠢᠵᠤ᠂ ᠤᠯᠠᠨ ᠢᠶᠠᠷ ᠢᠶᠠᠨ ᠨᠢᠭᠡ ᠵᠢᠯ ᠤᠨ ᠬᠦᠰᠡᠯ ᠡᠷᠡᠮᠡᠯᠵᠡᠯ ᠢᠶᠠᠨ ᠲᠠᠷᠢᠶᠠᠯᠠᠩ ᠦᠢᠯᠡᠳᠪᠦᠷᠢᠯᠡᠯ ᠳᠡᠭᠡᠷ᠎ᠡ ᠲᠠᠯᠪᠢᠵᠤ᠂ ᠰᠠᠶᠢᠨ ᠬᠤᠷᠢᠶᠠᠯᠲᠠ  ᠤᠯᠬᠤ ᠪᠠᠷ ᠴᠢᠷᠮᠠᠶᠢᠳᠠᠭ᠃ ᠲᠠᠷᠢᠶᠠᠯᠠᠩ ᠤᠨ ᠶᠠᠭᠠᠷᠠᠤ ᠦᠶ᠎ᠡ ᠳᠤ᠂ ᠤᠯᠠᠨ ᠢᠶᠠᠷ ᠢᠶᠠᠨ ᠶᠡᠷᠦ ᠨᠢ ᠬᠤᠭᠤᠯᠠ ᠪᠠᠵᠠᠭᠠᠬᠤ ᠵᠠᠪ ᠦᠭᠡᠢ ᠪᠠᠶᠢᠵᠤ᠂  ᠬᠠᠮᠳᠦ ᠶᠢᠨ ᠬᠤᠭᠤᠯᠠᠨ ᠭᠡᠷ  ᠢ ᠠᠰᠢᠭᠯᠠᠯᠲᠠ ᠳᠤ ᠣᠷᠣᠭᠤᠯᠤᠭᠰᠠᠨ ᠠᠴᠠ ᠨᠠᠭᠠᠰᠢ᠂ ᠲᠠᠷᠢᠶᠠᠴᠢᠳ ᠲᠤ ᠳᠥᠭᠦᠮ ᠦᠢᠯᠡᠴᠢᠯᠡᠭᠡ  ᠬᠠᠩᠭᠠᠵᠠᠢ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号