︽ᠳᠣᠮᠳᠠᠳᠦ ᠣᠯᠣᠰ ᠤᠨ ᠡᠪ  ᠬᠠᠮᠳᠦ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ︾ ᠡᠷᠢᠶᠡᠨ ᠬᠤᠲᠠ ᠶᠢᠨ ᠪᠠᠭᠠᠴᠤᠳ ᠤᠨ ᠣᠷᠳᠣᠨ ᠤ ᠵᠤᠨ ᠤ ᠠᠮᠠᠷᠠᠯᠲᠠ ᠶᠢᠨ ᠲᠤᠰᠬᠠᠶ ᠦᠳᠡᠰᠢᠯᠡᠭᠡ ᠶᠠᠪᠤᠭᠳᠠᠪᠠ
ᠨᠡᠶᠢᠲᠡᠯᠡᠭᠰᠡᠨ ᠴᠠᠭ᠄
2021/7/19
   7 ᠰᠠᠷ᠎ᠠ ᠶᠢᠨ 16 ᠤ ᠡᠳᠦᠷ ᠡᠷᠢᠶᠡᠨ ᠬᠤᠲᠠ ᠶᠢᠨ ᠳᠣᠯᠣᠳᠤᠭᠠᠷ ᠬᠤᠭᠤᠴᠠᠭᠠᠨ ᠤ ︽ᠴᠠᠶ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠠᠶᠢᠷ ᠵᠢᠴᠢ ᠠᠷᠪᠠᠨ ᠵᠢᠷᠭᠤᠳᠤᠭᠠᠷ ᠬᠤᠭᠤᠴᠠᠭᠠᠨ ᠤ ᠵᠤᠨ ᠤ ᠤᠯᠠᠷᠢᠯ ᠤᠨ ᠰᠣᠶᠣᠯ ᠤᠷᠠᠯᠢᠭ ᠤᠨ ᠨᠠᠶᠢᠷ ᡺ ᠪᠠᠭᠠᠴᠤᠳ ᠤᠨ ᠣᠷᠳᠣᠨ ᠤ ᠲᠤᠰᠬᠠᠶ ᠤᠷᠠᠨ ᠰᠠᠶᠢᠬᠠᠨ ᠤ ᠲᠣᠭᠯᠠᠯᠲᠠ ᠭᠤᠶᠢᠳᠠ ᠰᠠᠶᠢᠬᠠᠨ ᠶᠠᠪᠤᠭᠳᠠᠪᠠ᠃
       ᠭᠤᠶᠢᠳᠠ ᠰᠠᠶᠢᠬᠠᠨ ᠲᠣᠭᠯᠠᠯᠲᠠ        ᠮᠣᠩᠭᠤᠯ ᠪᠥᠵᠢᠭ ᠵᠢᠴᠢ ᠤᠳᠤ ᠦᠶ᠎ᠡ ᠶᠢᠨ ᠪᠥᠵᠢᠭ ᠤᠨ ᠥᠪᠡᠷᠮᠢᠴᠡ ᠣᠨᠴᠠᠯᠢᠭ ᠪᠦᠬᠦᠢ ᠦᠨᠳᠦᠰᠦᠲᠡᠨ ᠤ ᠬᠡᠪ ᠰᠤᠷᠲᠠᠯ ᠨᠢ ᠤᠳᠤ ᠦᠶ᠎ᠡ ᠶᠢᠨ ᠡᠯᠧᠮᠧᠨ᠋ᠲ ᠪᠣᠯᠤᠨ ᠦᠨᠳᠦᠰᠦᠲᠡᠨ ᠤ ᠵᠠᠩ ᠦᠢᠯᠡ ᠶᠢ ᠠᠭᠤᠰᠤᠯᠴᠠᠭᠤᠯᠵᠤ᠂ ᠰᠢᠨ᠎ᠡ ᠴᠠᠭ ᠦᠶ᠎ᠡ ᠶᠢᠨ ᠪᠠᠭᠠᠴᠤᠳ ᠤᠨ ︽ᠤᠯᠠᠭᠠᠨ ᠰᠡᠳᠬᠢᠯ ᠢᠶᠠᠷ ᠨᠠᠮ ᠢᠶᠠᠨ ᠵᠣᠷᠢᠭᠤᠯᠬᠤ︾ ᠴᠤᠭ ᠵᠢᠪᠬᠤᠭ᠎ᠠ ᠶᠢ ᠪᠤᠢ ᠪᠣᠯᠭᠠᠭᠰᠠᠨ ᠪᠠᠶᠢᠨ᠎ᠠ᠃ ᠶᠠᠲᠤᠭ᠎ᠠ᠂ ᠪᠥᠵᠢᠭ᠂ ᠠᠩᠭ᠍ᠯᠢ ᠬᠡᠯᠡᠨ ᠤ ᠵᠦᠴᠦᠭᠡ᠂ ᠡᠯᠧᠺᠲᠷᠣᠨ ᠶᠠᠲᠤᠭ᠎ᠠ ᠶᠢᠨ ᠲᠣᠭᠯᠠᠯᠲᠠ ᠵᠡᠷᠭᠡ ᠲᠣᠭᠯᠠᠯᠲᠠ ᠨᠢ ᠣᠲᠣ ᠦᠶ᠎ᠡ ᠶᠢᠨ ᠪᠠᠭᠠᠴᠤᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠬᠡᠤᠬᠡᠳ ᠤᠳ ᠥᠪᠡᠷ ᠤᠨ ᠠᠪᠢᠶᠠᠰ ᠴᠢᠳᠠᠪᠤᠷᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠳᠤ ᠪᠡᠯᠡᠭ ᠬᠦᠷᠭᠡᠵᠦ ᠪᠠᠶᠢᠨ᠎ᠠ᠃
     ᠲᠤᠬᠠᠶ ᠶᠢᠨ ᠭᠠᠵᠠᠷ ᠤᠨ ᠦᠵᠡᠭᠴᠢᠳ        ᠪᠦᠬᠦ᠋ᠢᠯᠡ ᠲᠣᠭᠯᠠᠯᠲᠠ ᠨᠢ ᠳᠠᠭᠤᠤ᠂ ᠪᠥᠵᠢᠭ ᠵᠡᠷᠭᠡ ᠪᠠᠶᠠᠯᠢᠭ ᠰᠠᠶᠢᠬᠠᠨ ᠢᠯᠡᠷᠡᠭᠦᠯᠦᠯ ᠤᠨ ᠬᠡᠯᠪᠡᠷᠢ ᠪᠠᠷ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠭᠤᠤ ᠶᠡᠭᠡ ᠡᠬᠡ ᠣᠷᠣᠨ ᠢᠶᠠᠨ ᠮᠠᠭᠲᠠᠨ ᠳᠠᠭᠤᠯᠠᠵᠤ᠂ ᠨᠠᠮ ᠤᠨ ᠭᠡᠷᠡᠯ ᠰᠠᠴᠤᠷᠠᠩᠭᠤᠶ ᠠᠭᠤᠤ ᠦᠢᠯᠡᠰ ᠢ ᠮᠠᠭᠲᠠᠨ ᠰᠠᠶᠢᠰᠢᠶᠠᠵᠤ᠂ ᠵᠣᠯ ᠵᠢᠷᠭᠠᠯᠲᠤ ᠠᠮᠢᠳᠤᠷᠠᠯ ᠢ ᠮᠠᠭᠲᠠᠨ ᠳᠠᠭᠤᠯᠠᠭᠰᠠᠨ ᠪᠠᠶᠢᠨ᠎ᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号