ᠡᠷᠢᠶᠡᠨ ᠬᠤᠲᠠ ᠶᠢᠨ ᠪᠣᠭᠤᠮᠲᠠ ᠳᠡᠭᠡᠷ᠎ᠡ ᠬᠠᠭᠠᠰ ᠵᠢᠯ ᠳᠤ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠰᠢᠨ᠎ᠡ ᠲᠡᠮᠳᠡᠭᠯᠡᠯ ᠢ ᠪᠠᠶᠢᠴᠠᠭᠠᠨ ᠰᠢᠯᠭᠠᠪᠠ
ᠨᠡᠶᠢᠲᠡᠯᠡᠭᠰᠡᠨ ᠴᠠᠭ᠄
2021/7/19
     7 ᠰᠠᠷ᠎ᠠ ᠶᠢᠨ 14 ᠤ ᠡᠳᠦᠷ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠠᠷᠠᠳ ᠤᠨ ᠴᠠᠭᠳᠠᠭ᠎ᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ  ᠲᠡᠷᠭᠡ ᠶᠢ ᠪᠠᠶᠢᠴᠠᠭᠠᠨ ᠰᠢᠯᠭᠠᠵᠦ ᠪᠠᠶᠢᠭ᠎ᠠ ᠨᠢ    2021 ᠣᠨ ᠤ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠶ ᠥᠷᠲᠡᠭᠡ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠥᠷᠲᠡᠭᠡ ᠠᠴᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠨᠡᠶᠢᠲᠡ 1238 ᠪᠠᠶᠢᠴᠠᠭᠠᠨ ᠰᠢᠯᠭᠠᠵᠤ᠂ ᠠᠳᠠᠯᠢ ᠬᠤᠭᠤᠴᠠᠭᠠᠨ ᠤ ᠬᠢ ᠠᠴᠠ 29.6% ᠪᠠᠷ ᠨᠡᠮᠡᠭᠳᠡᠪᠡ᠃ ᠡᠷᠢᠶᠡᠨ ᠬᠤᠲᠠ ᠶᠢᠨ ᠪᠣᠭᠤᠮᠲᠠ ᠪᠣᠯ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠪᠠ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠃ ᠰᠢᠨᠬᠤᠸᠠ ᠬᠤᠷᠢᠶ᠎ᠠ ᠲᠠᠷᠬᠠᠭᠠᠪᠠ ︵ᠭᠦᠸᠧ ᠫᠤᠩ ᠵᠢᠶᠧ ᠰᠡᠭᠦᠳᠡᠷᠯᠡᠪᠡ︶

 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号