ᠠᠭᠤᠯᠠ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠪᠦᠬᠦ ᠺᠠᠳ᠋ᠷ ᠠᠵᠢᠯᠲᠠᠨ ᠳᠤ ᠨᠠᠮ ᠤᠨ ᠬᠢᠴᠢᠶᠠᠯ ᠤᠷᠤᠭᠰᠠᠨ
ᠨᠡᠶᠢᠲᠡᠯᠡᠭᠰᠡᠨ ᠴᠠᠭ᠄
2021/7/2
ᠤᠷᠴᠢᠭᠤᠯᠤᠭᠴᠢ᠄  ᠤᠷᠢᠬᠠᠨᠤᠳᠤᠷᠢᠳᠤᠮᠵᠢ᠄ 6 ᠰᠠᠷ᠎ᠠ ᠶᠢᠨ30 ᠤ ᠡᠳᠤᠷ᠂  ᠬᠤᠳᠠ ᠶᠢᠨ ᠠᠷᠠᠳ ᠤᠨ ᠲᠦᠯᠦᠭᠡᠯᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠨᠠᠮ ᠤᠨ ᠲᠤᠭᠤᠶᠢᠯᠠᠩ ᠤᠨ ᠱᠦᠵᠢ᠂  ᠡᠷᠬᠢᠯᠡᠭᠴᠢ ᠠᠭᠤᠯᠠ    ︽ᠵᠠᠭᠤᠨ ᠵᠢᠯ ᠤᠨ ᠨᠠᠮ ᠤᠨ ᠲᠡᠦᠬᠡ ᠶᠢ ᠰᠤᠷᠤᠯᠴᠠᠨ  ᠢᠲᠡᠭᠡᠯ ᠢᠶᠠᠨ ᠪᠠᠲᠤᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠳᠥᠷᠢᠮ ᠤᠨ ᠬᠥᠭᠵᠢᠯᠲᠡ ᠶᠢᠨ ᠲᠡᠦᠬᠡ ᠠᠴᠠ ᠤᠶᠤᠨ ᠤᠬᠠᠭᠠᠨ ᠬᠦᠴᠦᠨ ᠴᠢᠳᠠᠯ ᠤᠯᠬᠤ ᠪᠠᠷ ᠴᠢᠷᠮᠠᠶᠢᠨ᠎ᠠ︾ ᠭᠡᠬᠦ ᠰᠡᠳᠦᠪ ᠢᠶᠠᠷ ᠪᠠᠶᠢᠭᠤᠯᠭ᠎ᠠ ᠶᠢᠨ ᠪᠦᠬᠦ ᠺᠠᠳ᠋ᠷ‌ᠠᠵᠢᠯᠲᠠᠨ ᠳᠤ ᠠᠮᠢᠳᠤᠯᠢᠭ  ᠪᠤᠳᠠᠳᠠᠢ ᠨᠠᠮ ᠤᠨ ᠬᠢᠴᠢᠶᠡᠯ  ᠤᠷᠤᠵᠠᠢ᠃  ᠬᠤᠳᠠ ᠶᠢᠨ ᠠᠷᠠᠳ ᠤᠨ ᠲᠦᠯᠦᠭᠡᠯᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠷᠧᠨ ᠵᠢᠶᠠᠨ ᠯᠦ᠂  ᠯᠢᠦ ᠱᠢ ᠱᠧᠩ᠂  ᠳ᠋ᠦᠡᠭ ᠵᠢᠶᠧ ᠹᠧᠩ᠂  ᠸᠠᠩ ᠵᠢᠩ  ᠂  ᠰᠢᠤᠸᠠᠢ ᠸᠧᠨ ᠵᠢᠶᠦ᠋ᠨ ᠨᠠᠮ ᠤᠨ ᠬᠢᠴᠢᠶᠠᠯ ᠢ ᠰᠤᠨᠤᠰᠴᠠᠢ᠃  ᠬᠤᠳᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ  ᠤᠨ ᠬᠤᠶᠠᠳᠤᠭᠠᠷ ᠲᠤᠭᠤᠷᠢᠨ ᠵᠢᠯᠤᠭᠤᠳᠬᠤ ᠲᠤᠭᠤᠶᠢᠯᠠᠩ ᠤᠨ ᠳᠠᠷᠤᠭ᠎ᠠ  ᠶᠠᠩ ᠶᠦᠩ ᠬᠤᠷᠠᠯ ᠳᠤ ᠤᠷᠤᠯᠴᠠᠨ ᠵᠢᠯᠤᠭᠤᠳᠴᠠᠢ᠃     ᠲᠠᠶᠢᠯᠤᠮᠵᠢ᠄  ᠠᠭᠤᠯᠠ ᠥᠪᠡᠷ ᠤᠨ ᠰᠤᠷᠤᠯᠴᠠᠭᠰᠠᠨ ᠲᠥᠷᠥᠭᠳᠡᠯ ᠲᠠᠢ ᠪᠠᠨ ᠤᠶᠠᠯᠳᠤᠭᠤᠯᠤᠨ᠂ ᠤᠯᠠᠨ ᠢ ᠳᠠᠭᠠᠭᠤᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠬᠠᠮᠲᠤᠪᠠᠷ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ  ᠢ ᠬᠠᠶᠢᠨ ᠰᠦᠪᠡᠭᠴᠢᠯᠡᠬᠦ ᠠᠴᠠ ᠠᠪᠤᠭᠠᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠰᠢᠨ᠎ᠡ ᠳᠤᠮᠳᠠᠳᠤ ᠤᠯᠤᠰ ᠤᠨ ᠦᠨᠳᠦᠰᠦᠨ ᠤᠯᠤᠰ ᠲᠥᠷᠥ ᠶᠢᠨ ᠳᠦᠷᠢᠮ  ᠢᠶᠠᠷ ᠵᠢᠩᠬᠢᠨᠢ ᠲᠤᠭᠲᠠᠭᠠᠭᠳᠠᠭᠰᠠᠨ ᠪᠤᠯᠲᠠᠯ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠨᠳᠦᠰᠦᠨ ᠴᠢᠳᠠᠪᠤᠷᠢ ᠶᠢ ᠰᠠᠶᠢᠲᠤᠷ ᠪᠣᠯᠪᠠᠰᠤᠷᠠᠭᠤᠯᠬᠤ ᠠᠴᠠ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠦᠷᠲᠡᠯ᠎ᠡ᠂ ᠨᠠᠮ ᠤᠨ ᠲᠡᠦᠬᠡ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠬᠥᠭᠵᠢᠯᠲᠡ ᠶᠢᠨ ᠲᠡᠦᠬᠡ ᠶᠢᠨ ᠬᠠᠷᠢᠴᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠬᠥᠭᠵᠢᠯᠲᠡ ᠶᠢᠨ ᠶᠠᠪᠤᠴᠠ ᠪᠣᠯᠤᠨ ᠳᠠᠪᠠᠭᠤᠯᠢᠭ ᠢ ᠭᠦᠨᠵᠡᠭᠡᠢ ᠲᠣᠳᠣᠷᠬᠠᠶᠢᠯᠠᠨ  ᠲᠠᠶᠢᠯᠪᠤᠷᠢᠯᠠᠬᠤ ᠶᠢᠨ ᠬᠠᠮᠲᠤ  ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ  ᠺᠠᠳ᠋ᠷ ᠲᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠤᠯᠠᠨ ᠳᠤ ᠠᠮᠢᠳᠤᠯᠢᠭ ᠪᠤᠳᠠᠳᠠᠢ ᠨᠠᠮ ᠤᠨ ᠬᠢᠴᠢᠶᠡᠯ  ᠤᠷᠤᠵᠠᠢ᠃     ᠠᠭᠤᠯᠠ ᠵᠢᠭᠠᠬᠤ ᠳᠤ ᠪᠠᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠪᠦᠬᠦ ᠺᠠᠳ᠋ᠷ ᠠᠵᠢᠯᠳᠠᠨ ᠠᠵᠢᠯᠴᠢᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠶᠢᠯᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠡ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠠᠢ ᠪᠠᠶᠢᠬᠤ ᠶᠢ ᠪᠠᠷᠢᠮᠲᠠᠯᠠᠵᠦ ᠂  ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠰᠢ ᠶᠢᠨ ᠫᠢᠩ  ᠶᠡᠷᠦᠩᠬᠡᠢ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠢᠮᠪᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠪᠠᠶᠢᠭᠤᠯᠭ᠎ᠠ︾ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠴᠠᠭ ᠦᠶ᠎ᠡ  ᠲᠠᠢ ᠵᠡᠷᠭᠡᠴᠡᠨ ᠤᠷᠤᠭᠰᠢᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠥᠭᠵᠢᠯᠲᠡ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ︔ ᠲᠠᠨᠢᠯᠲᠠ ᠪᠠᠨ ᠤᠯᠠᠮ  ᠳᠡᠭᠡᠭᠰᠢᠯᠡᠭᠦᠯᠵᠦ ᠂ ︽ᠰᠣᠩᠭᠤᠭᠤᠯᠢ ᠶᠢᠨ ᠬᠠᠤᠯᠢ︾᠂ ︽ᠵᠣᠬᠢᠶᠠᠨ  ᠪᠠᠶᠢᠭᠤᠯᠤᠯᠲᠠ ᠶᠢᠨ ᠬᠠᠤᠯᠢ︾᠂ ︽ᠲᠥᠯᠥᠭᠡᠯᠡᠭᠴᠢ ᠶᠢᠨ ᠬᠠᠤᠯᠢ︾ ᠵᠡᠷᠭᠡ ᠡᠯ᠎ᠡ ᠵᠦᠢᠯ ᠤᠨ ᠬᠠᠤᠯᠢ  ᠳᠥᠷᠢᠮ ᠵᠢᠴᠢ ︽ᠢᠷᠭᠡᠨ ᠤ ᠬᠠᠤᠯᠢ ᠶᠢᠨ ᠪᠢᠴᠢᠭ︾ ᠤᠨ ᠵᠣᠷᠢᠭ ᠰᠠᠨᠠᠭᠠᠨ ᠤ ᠮᠥᠨ ᠴᠢᠨᠠᠷ ᠢ ᠡᠵᠡᠮᠰᠢᠨ ᠣᠶᠢᠯᠠᠭᠠᠵᠤ᠂ ᠡᠯ᠎ᠡ  ᠲᠦᠷᠦᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠬᠡᠷᠡᠭᠲᠡᠶ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠲᠡᠦᠬᠡ ᠶᠢ ᠰᠤᠷᠤᠯᠴᠠᠬᠤ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠳᠥᠷᠢᠮ ᠤᠨ ᠬᠥᠭᠵᠢᠯᠲᠡ ᠶᠢᠨ ᠲᠡᠦᠬᠡ ᠶᠢ ᠰᠤᠷᠤᠯᠴᠠᠬᠤ ᠲᠠᠢ ᠣᠷᠭᠠᠨᠢᠭ ᠢᠶᠠᠷ ᠤᠶᠠᠯᠳᠤᠭᠤᠯᠵᠤ ᠂ ︽ᠪᠢ ᠤᠯᠠᠨ ᠲᠦᠮᠡᠨ ᠳᠤ ᠪᠣᠳᠠᠲᠤ ᠠᠵᠢᠯ ᠬᠢᠬᠦ︾ ᠶᠢ ᠠᠷᠠᠳ ᠤᠨ ᠠᠮᠢᠳᠤᠷᠠᠯ ᠤᠨ  ᠭᠤᠣᠯᠳᠠᠯᠭ᠎ᠠ ᠲᠠᠢ ᠲᠦᠷᠦᠯ ᠵᠦᠢᠯ  ᠪᠤᠯᠭᠠᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠰᠠᠶᠢᠲᠤᠷ  ᠰᠢᠢᠳᠪᠦᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠦᠨᠡᠨᠬᠦ ᠠᠷᠠᠳ ᠲᠤ ᠬᠦᠷᠲᠡᠭᠡᠬᠦ ᠬᠡᠷᠡᠭᠲᠡᠢ ᠭᠡᠯ᠎ᠡ᠃   ᠨᠠᠮ ᠤᠨ ᠬᠢᠴᠢᠶᠠᠯ ᠲᠠᠢ ᠤᠶᠠᠯᠳᠤᠭᠤᠯᠤᠨ᠂  ᠸᠠᠩ ᠵᠢᠩ ᠵᠢᠴᠢ ᠪᠤᠰᠤᠳ ᠠᠵᠢᠯᠲᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ  ᠲᠡᠤᠬᠡ ᠶᠢ  ᠰᠤᠷᠤᠯᠴᠠᠭᠰᠠᠨ‌ᠤᠯᠤᠯᠲᠠ ᠲᠦᠷᠦᠭᠳᠡᠯ ᠢᠶᠠᠨ  ᠰᠤᠯᠢᠯᠴᠠᠵᠡᠢ᠃    ᠬᠤᠳᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠬᠤᠶᠠᠳᠤᠭᠠᠷ ᠲᠤᠭᠤᠷᠢᠨ ᠵᠢᠯᠤᠭᠤᠳᠬᠤ ᠲᠤᠭᠤᠶᠢᠯᠠᠩ ᠤᠨ ᠳᠠᠷᠤᠭ᠎ᠠ ᠶᠠᠩ ᠶᠦᠩ ᠲᠤᠬᠠᠢ ᠶᠢᠨ ᠲᠠᠯᠠᠪᠤᠷ ᠲᠤ ᠦᠨᠡᠯᠡᠯᠲᠡ ᠬᠢᠵᠦ᠂  ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠢ ᠠᠬᠢᠭᠤᠯᠬᠤ ᠲᠤᠬᠠᠢ ᠪᠤᠳᠠᠳᠠᠢ ᠱᠠᠭᠠᠷᠳᠠᠯᠭ᠎ᠠ ᠳᠤᠷᠠᠳᠴᠠᠢ᠃     ᠬᠤᠷᠠᠯ ᠤᠨ ᠳᠠᠷᠠᠭ᠎ᠠ᠂  ᠬᠤᠷᠠᠯ ᠳᠤ ᠤᠷᠤᠯᠴᠠᠭᠰᠠᠳ ᠤᠯᠤᠰ ᠤᠨ ᠡᠭᠦᠳᠡ ᠶᠢᠨ ᠤᠯᠤᠰ ᠢᠶᠠᠨ ᠬᠠᠶᠢᠷᠠᠯᠠᠬᠤ ᠦᠵᠡᠯ ᠤᠨ  ᠬᠦᠮᠦᠵᠢᠯ ᠤᠨ ᠰᠠᠭᠤᠷᠢᠨ  ᠳᠤ  ᠬᠦᠷᠴᠦ᠂  ︽ ᠨᠠᠮ ᠢᠶᠠᠨ ᠡᠭᠦᠷᠢᠳᠡ ᠳᠠᠭᠠᠬᠤ︾  ᠳᠤᠯᠤᠭᠠᠨ ᠰᠠᠷ᠎ᠠ ᠶᠢᠨ ᠨᠢᠭᠡᠨ ᠤ ᠰᠢᠷᠢᠰ ᠠᠵᠢᠯᠯᠠᠭ᠎ᠠ ᠳᠤ ᠤᠷᠤᠯᠴᠠᠵᠠᠢ᠃  ᠤᠯᠠᠨ ᠢᠶᠠᠷ ᠢᠶᠠᠨ ᠰᠦᠷ  ᠵᠢᠪᠬᠤᠯᠠᠨᠩᠲᠦ ᠨᠠᠮ ᠤᠨ ᠲᠤᠭ ᠤᠨ ᠡᠮᠦᠨ᠎ᠡ ᠨᠠᠮ ᠳᠤ  ᠤᠷᠤᠬᠤ ᠲᠠᠩᠭᠠᠷᠢᠭ ᠢᠶᠠᠨ ᠲᠠᠬᠢᠨᠲᠠ ᠲᠠᠩᠭᠠᠷᠢᠠᠠᠯᠠᠵᠦ᠂  ︽ ᠡᠪ ᠬᠠᠮᠳᠦ ᠨᠠᠮ ᠦᠭᠡᠢ ᠪᠣᠯ ᠰᠢᠨ᠎ᠡ ᠳᠤᠮᠳᠠᠳᠦ ᠤᠯᠤᠰ ᠦᠭᠡᠢ︾  ᠭᠡᠬᠦ ᠳᠠᠭᠤᠤ ᠶᠢ ᠬᠠᠮᠳᠦ ᠪᠠᠷ ᠳᠠᠭᠤᠯᠠᠨ᠂  ᠨᠠᠮ᠂  ᠡᠬᠡ ᠤᠯᠤᠰ᠂  ᠠᠷᠠᠳ ᠲᠦᠮᠡᠨ ᠳᠤ ᠪᠠᠨ ᠴᠢᠩ ᠦᠨᠡᠨᠴᠢ ᠬᠠᠶᠢᠷ᠎ᠠ ᠰᠡᠳᠬᠢᠯᠭᠡ ᠪᠠᠨ ᠢᠯᠡᠳᠭᠡᠵᠡᠢ᠃      ᠳᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ100 ᠵᠢᠯ ᠤᠨ ᠤᠢ ᠶᠢ ᠪᠡᠯᠭᠡᠯᠡᠬᠦ ᠤᠨᠴᠠᠭᠠᠢ ᠲᠡᠤᠬᠡᠨ ᠴᠠᠭ ᠮᠦᠴᠡ ᠳᠤ᠂  ᠠᠭᠤᠯᠠ ᠪᠤᠰᠤᠳ ᠳᠡᠳ᠋ ᠡᠷᠬᠢᠯᠡᠭᠴᠢ ᠲᠠᠢ ᠬᠠᠮᠳᠦ ᠪᠠᠶᠢᠭᠤᠯᠭ᠎ᠠ ᠶᠢᠨ ᠨᠠᠮ ᠤᠨ ᠭᠡᠰᠢᠭᠦᠳ ᠲᠤ ᠤᠯᠤᠰ ᠲᠥᠷᠦ ᠶᠢᠨ ᠲᠦᠷᠦᠭᠰᠡᠨ ᠡᠳᠤᠷ ᠤᠨ ᠪᠠᠶᠠᠷ ᠤᠨ ᠺᠠᠷᠲ ᠲᠠᠷᠬᠠᠭᠠᠵᠠᠢ᠃  ᠵᠢᠵᠢᠭᠭᠡᠨ ᠪᠠᠶᠠᠷ ᠤᠨ ᠺᠠᠷᠲ ᠨᠠᠮ ᠤᠨ ᠵᠤᠬᠢᠶᠠᠨ ᠪᠠᠶᠢᠭᠤᠯᠤᠯᠲᠠ ᠶᠢᠨ ᠬᠦᠰᠡᠯ ᠵᠤᠷᠢᠠᠠᠵᠢᠭᠤᠯᠤᠯ ᠢ ᠢᠯᠡᠳᠭᠡᠵᠦ᠂ ᠪᠠᠶᠢᠭᠤᠯᠭ᠎ᠠ  ᠶᠢᠨ ᠨᠠᠮ ᠤᠨ  ᠭᠡᠰᠢᠭᠦᠳ ᠲᠤ ᠤᠳᠬ᠎ᠠ ᠠᠭᠤᠯᠭ᠎ᠠ ᠲᠠᠢ ᠤᠯᠤᠰ  ᠲᠦᠷᠥ ᠶᠢᠨ ᠲᠦᠷᠦᠭᠰᠡᠨ ᠡᠳᠤᠷ ᠢ ᠨᠢ  ᠪᠡᠯᠭᠡᠯᠡᠵᠦ ᠥᠭᠴᠡᠢ᠃        
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号