| | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 15 ᠤ ᠴᠠᠬᠢᠯᠭᠠᠨ ᠮᠡᠳᠡᠭᠡ 7 ᠰᠠᠷ᠎ᠠ ᠶᠢᠨ 16 ᠤ ᠡᠳᠦᠷ | ᠬᠡᠪᠯᠡᠭᠳᠡᠭᠰᠡᠨ 14 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ | ᠴᠢᠬᠤᠯᠠ ᠵᠣᠬᠢᠶᠠᠯ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ | ᠶᠡᠭᠡ ᠬᠤᠷᠠᠯ ᠳᠡᠭᠡᠷᠡᠬᠢ ᠶᠠᠷᠢᠶ᠎ᠠ︾ ᠶᠢ ᠨᠡᠶᠢᠲᠡᠯᠡᠪᠡ᠃ | ᠵᠣᠬᠢᠶᠠᠯ ᠳᠤ᠂ ᠥᠩᠭᠡᠷᠡᠭᠰᠡᠨ ᠵᠠᠭᠤᠨ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠳᠡᠭᠡᠨ᠂ | ᠲᠡᠦᠬᠡᠨ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ ᠤᠳᠤ᠂ ᠳᠤᠮᠳᠠᠳᠤ ᠤᠯᠤᠰ ᠤᠨ | ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠠᠭᠠᠨ ᠮᠤᠷᠳᠠᠯ᠎ᠠ᠃ ᠳᠤᠮᠳᠠᠳᠤ ᠤᠯᠤᠰ ᠤᠨ ᠡᠪ | ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠤᠨ ᠤ ᠠᠤᠭ᠎ᠠ ᠦᠢᠯᠡᠰ ᠤᠨ ᠲᠦᠯᠦᠭᠡ ᠵᠣᠷᠢᠭ ᠰᠢᠭᠤᠳᠤᠨ | ᠠᠵᠢᠯᠯᠠᠵᠦ ᠪᠤᠢ᠂ ᠵᠠᠭᠤᠨ ᠵᠢᠯ ᠪᠤᠯ ᠶᠠᠬ ᠬᠦᠭᠵᠢᠯ ᠪᠠᠳᠠᠷᠠᠯ ᠲᠠᠢ ᠴᠠᠬ ᠦᠶ᠎ᠡ ᠮᠦᠨ︕ ᠥᠩᠭᠡᠷᠡᠭᠰᠡᠨ ᠢᠶᠠᠨ | ᠡᠷᠭᠢᠴᠡᠭᠦᠯᠵᠦ ᠢᠷᠡᠭᠡᠳᠦᠶ ᠪᠠᠨ ᠪᠠᠷᠠᠯᠠᠬᠤᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ | ᠤᠳᠤᠷᠢᠳᠤᠯᠭ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠲᠠ ᠪᠦᠯᠬᠦᠮᠳᠡᠯ ᠪᠠᠶᠢᠬᠰᠠᠨ | ᠬᠤᠶᠢᠨ᠎ᠠ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠬᠠᠷᠠᠯᠲᠠ ᠯᠠᠪᠲᠠᠶ ᠪᠡᠶᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠯᠠᠪᠲᠠᠶ ᠪᠡᠶᠡᠯᠡᠭᠳᠡᠨ᠎ᠡ︕ ᠭᠡᠵᠤ ᠴᠢᠬᠤᠯᠠᠴᠢᠯᠠᠪᠠ᠃ | ᠵᠣᠬᠢᠶᠠᠯ ᠳᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠰᠤᠷᠠᠯᠳᠠ ᠦᠭᠡᠢ ᠴᠢᠷᠮᠠᠶᠢᠨ | ᠲᠡᠮᠡᠴᠡᠬᠦ ᠪᠠᠷ ᠲᠠᠮᠵᠢᠵᠦ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠡᠬᠡ | ᠭᠠᠵᠠᠷ ᠲᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠷᠢᠴᠠᠯᠠᠰᠢ ᠦᠬᠡᠢ ᠶᠠᠳᠠᠭᠤ ᠬᠦᠴᠢᠷᠳᠡᠯ ᠤᠨ | ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ | ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠣᠮᠤᠭ ᠲᠡᠭᠦᠯᠳᠡᠷ | ᠤᠷᠤᠭᠰᠢᠯᠠᠵᠤ ᠪᠠᠶᠢᠨ᠎ᠠ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠢᠭᠰᠡᠨ ᠠᠯᠢᠪᠠ ᠲᠡᠮᠡᠴᠡᠯ᠂ ᠠᠯᠢᠪᠠ ᠦᠷᠡᠭᠳᠡᠯ᠂ ᠠᠯᠢᠪᠠ ᠡᠭᠦᠳᠦᠨ | ᠪᠦᠲᠦᠭᠡᠯᠲᠡ ᠶᠢ ᠬᠤᠷᠢᠶᠠᠩᠭᠤᠶᠢᠯᠠᠪᠠᠯ᠄ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠨᠢᠭᠡ ᠭᠤᠣᠯ ᠰᠡᠳᠦᠪ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠶᠢ ᠡᠭᠦᠳᠴᠦ᠂ | ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠴᠦ᠂ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ | ᠠᠮᠵᠢᠯᠲᠠ ᠶᠢ ᠡᠭᠦᠳᠴᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ | ᠶᠡᠭᠡ ᠠᠮᠵᠢᠯᠲᠠ ᠶᠢ ᠡᠭᠦᠳᠦᠭᠰᠡᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ | ᠠᠷᠠᠳ ᠲᠦᠮᠡᠨ ᠡᠷᠡᠯᠬᠡᠭ ᠪᠠᠭᠠᠲᠤᠷᠯᠢᠭ ᠨᠤᠭᠤᠷᠠᠰᠢ ᠦᠭᠡᠢ ᠲᠡᠮᠡᠴᠡᠯ ᠢᠶᠠᠷ᠂ ᠳᠤᠮᠳᠠᠳᠤ ᠶᠢᠨ ᠦᠨᠳᠦᠰᠦᠲᠡᠨ ᠪᠣᠰᠴᠤ | ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ ᠠᠪᠴᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠡᠶᠡᠯᠡᠭᠳᠡᠭᠦ ᠨᠢ ᠰᠦᠷᠦᠰᠢ ᠦᠭᠡᠢ ᠲᠡᠦᠭᠡᠨ | ᠤᠷᠤᠰᠬᠠᠯ ᠪᠤᠯᠪᠠ︕ ᠭᠡᠵᠤ ᠲᠡᠯᠡᠬᠡᠢ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠵᠠᠢ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠵᠠᠭᠤᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠢᠳᠤᠰ ᠳᠤᠮᠳᠠᠳᠤ | ᠤᠯᠤᠰ ᠤᠨ ᠡᠪ ᠬᠠᠮᠲᠤ ᠨᠠᠮ ᠢ ᠡᠭᠦᠳᠦᠨ ᠪᠠᠶᠢᠭᠤᠯᠵᠤ᠂ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ | ᠰᠠᠬᠢᠬᠤ᠂ ᠤᠭ ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠯ ᠰᠦᠢᠳᠦᠯ ᠠᠴᠠ | ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ | ᠣᠰᠣᠯᠳᠠᠬᠤ ᠦᠭᠡᠢ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠦᠷᠢᠯᠳᠦᠭᠦᠯᠦᠭᠰᠡᠨ ᠪᠠᠶᠢᠨ᠎ᠠ᠂ ᠡᠨᠡ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠶᠤᠨ ᠰᠠᠨᠠᠭᠠᠨ ᠤ ᠡᠬᠢ ᠰᠤᠷᠪᠤᠯᠵᠢ ᠮᠥᠨ᠃ ᠵᠠᠭᠤᠨ ᠵᠢᠯ ᠤᠨ ᠲᠤᠷᠰᠢ᠂ | ᠳᠤᠮᠳᠠᠳᠤ ᠤᠯᠤᠰ ᠤᠨ ᠡᠪ ᠬᠠᠮᠲᠤ ᠨᠠᠮ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠳᠤ | ᠬᠤᠭᠤᠴᠠᠭᠠᠨ ᠤ ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ | ᠪᠦᠷᠢᠯᠳᠦᠭᠦᠯᠵᠤ᠂ ᠢᠯᠡ ᠲᠣᠳᠣ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠪᠠ᠃ ᠪᠢᠳᠡ ᠢᠷᠠᠭᠤ | ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ᠂ | ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ︕ | ᠭᠡᠵᠦ ᠵᠢᠭᠠᠵᠦ ᠭᠠᠷᠭᠠᠪᠠ᠃ | ᠵᠣᠬᠢᠶᠠᠯ ᠳᠤ᠂ ᠲᠡᠦᠬᠡ ᠪᠠᠷ ᠲᠤᠯᠢ ᠪᠣᠯᠭᠠᠪᠠᠯ᠂ ᠲᠦᠷᠦ ᠭᠦᠷᠦᠨ ᠤ ᠮᠠᠨᠳᠤᠯ ᠮᠥᠬᠦᠯ ᠤᠯᠠᠷᠢᠯ ᠰᠤᠯᠢᠬᠳᠠᠯ ᠤᠨ ᠶᠤᠰᠤ ᠶᠢ | ᠮᠡᠳᠡᠵᠦ ᠪᠣᠯᠤᠨ᠎ᠠ᠃ ᠪᠢᠳᠡ ᠲᠡᠦᠬᠡ ᠪᠠᠷ ᠤᠳᠤᠬᠢ ᠶᠢ ᠲᠤᠯᠢᠳᠠᠵᠦ᠂ ᠢᠷᠡᠭᠡᠳᠦᠢ ᠶᠢ ᠪᠠᠷᠠᠯᠠᠨ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ | ᠴᠢᠳᠠᠭᠰᠠᠨ ᠢ ᠲᠣᠳᠣᠷᠬᠠᠢ ᠲᠠᠨᠢᠵᠤ᠂ ᠢᠷᠡᠭᠡᠳᠦᠢ ᠳᠤ ᠪᠢᠳᠡ ᠬᠡᠷᠬᠢᠨ ᠦᠷᠭᠦᠯᠵᠢᠯᠡᠨ ᠠᠮᠵᠢᠯᠲᠠ ᠤᠯᠬᠤ ᠶᠢ ᠲᠣᠳᠣᠷᠬᠠᠢ | ᠣᠶᠢᠯᠠᠭᠠᠵᠤ᠂ ᠡᠭᠦᠨ ᠤ ᠤᠯᠠᠮ ᠢᠶᠠᠷ ᠰᠢᠨ᠎ᠡ ᠠᠶᠠᠨ ᠳᠠᠭᠠᠨ ᠨᠡᠩ ᠡᠷᠡᠰ ᠪᠠᠲᠤ᠂ ᠨᠡᠩ ᠤᠬᠠᠮᠰᠠᠷ ᠠᠴᠠ ᠪᠠᠨ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠪᠠᠨ ᠴᠣᠭᠴᠠᠯᠠᠬᠤ ᠬᠡᠷᠡᠭᠲᠡᠢ᠃ | ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠳᠤ᠂ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠪᠠᠲᠤ ᠴᠢᠩᠭ᠎ᠠ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠂ ᠡᠷᠬᠡᠪᠰᠢ ᠳᠤᠮᠳᠠᠳᠤ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠢ᠂ | ᠡᠷᠬᠡᠪᠰᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠂ ᠡᠷᠬᠡᠪᠰᠢ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠂ ᠡᠷᠬᠡᠪᠰᠢ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ ᠬᠡᠷᠡᠭᠲᠡᠢ᠂ ᠡᠷᠬᠡᠪᠰᠢ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠂ ᠡᠷᠬᠡᠪᠰᠢ ᠮᠠᠰᠢ | ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠬᠢᠬᠦ ᠬᠡᠷᠡᠭᠲᠡᠢ᠂ ᠡᠷᠬᠡᠪᠰᠢ ᠳᠤᠮᠳᠠᠳᠤ ᠶᠢᠨ ᠬᠥᠪᠡᠭᠦᠳ | ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠬᠤ ᠬᠡᠷᠡᠭᠲᠡᠢ᠂ ᠡᠷᠬᠡᠪᠰᠢ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ | ᠢᠨᠵᠧᠨᠧᠷᠢᠩ ᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠵᠣᠬᠢᠶᠠᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠭᠡᠰᠢᠭᠦᠳ ᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ | ᠠᠷᠠᠳ ᠤᠯᠠᠨ ᠯᠤᠭ᠎ᠠ ᠶᠢᠨ ᠮᠢᠬ᠎ᠠ ᠴᠢᠰᠤᠨ ᠤ ᠪᠠᠷᠢᠯᠳᠤᠯᠭ᠎ᠠ ᠪᠠᠨ ᠡᠭᠦᠷᠢᠳᠡ ᠪᠠᠳᠤᠯᠠᠵᠦ᠂ ᠢᠮᠠᠭᠲᠠ ᠠᠷᠠᠳ ᠲᠦᠮᠡᠨ ᠲᠠᠢ | ᠪᠤᠳᠤᠯ ᠢᠶᠠᠨ ᠨᠢᠭᠡᠳᠬᠡᠵᠦ᠂ ᠬᠦᠴᠦ ᠪᠠᠨ ᠬᠠᠮᠳᠤᠳᠬᠠᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ | ᠵᠣᠪᠠᠯᠠᠩ ᠢᠶᠠᠨ ᠬᠠᠮᠲᠤᠳᠬᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ | ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ | ᠢᠷᠠᠭᠤ ᠠᠯᠳᠠᠷ ᠢ ᠲᠡᠮᠡᠴᠡᠨ ᠤᠯᠵᠦ ᠦᠭᠬᠦ ᠪᠠᠷ ᠴᠢᠷᠮᠠᠶᠢᠰᠤᠭᠠᠢ ᠭᠡᠵᠦ ᠤᠷᠢᠶᠠᠯᠠᠪᠠ᠃ | |