| | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 19 ᠤ ᠡᠳᠦᠷ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠰᠢᠶᠠᠨ ᠤ ᠲᠡᠷᠢᠭᠦᠯᠡᠭᠴᠢ ᠤᠯᠤᠰ ᠪᠣᠯᠬᠤ ᠪᠷᠦ᠋ᠨ᠋ᠸᠢ ᠶᠢᠨ | ᠤᠯᠤᠰ ᠤᠨ ᠸᠠᠩ ᠬᠠᠰᠰᠠᠨᠠᠯ ᠲᠠᠢ ᠬᠠᠷᠢᠯᠴᠠᠨ ᠪᠠᠶᠠᠷ ᠤᠨ ᠴᠠᠬᠢᠯᠭᠠᠨ ᠢᠯᠡᠭᠡᠵᠦ᠂ ᠳᠤᠮᠳᠠᠳᠤ ᠤᠯᠤᠰ ᠪᠣᠯᠤᠨ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ ᠬᠠᠷᠢᠴᠠᠭ᠎ᠠ ᠪᠠᠶᠢᠭᠤᠯᠤᠭᠰᠠᠨ 30 ᠵᠢᠯ ᠤᠨ | ᠣᠢ ᠶᠢ ᠳᠤᠷᠠᠳᠬᠠᠨ ᠪᠡᠯᠭᠡᠯᠡᠪᠡ᠃ | ᠯᠢ ᠺᠧ ᠴᠢᠶᠠᠩ ᠪᠠᠶᠠᠷ ᠤᠨ ᠴᠠᠬᠢᠯᠭᠠᠨ ᠳᠤ ᠪᠠᠨ᠂ ᠥᠩᠭᠡᠷᠡᠭᠰᠡᠨ 30 ᠵᠢᠯ ᠤᠨ ᠲᠤᠷᠰᠢ᠂ ᠳᠤᠮᠳᠠᠳᠤ ᠤᠯᠤᠰ ᠪᠣᠯᠤᠨ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠡᠯ᠎ᠡ ᠤᠯᠤᠰ ᠬᠦᠴᠢᠷ ᠪᠡᠷᠬᠡᠰᠢᠶᠡᠯ ᠢ ᠬᠠᠮᠲᠤ ᠪᠠᠷ | ᠲᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠤᠯᠤᠰ ᠵᠢᠴᠢ ᠭᠠᠵᠠᠷ ᠣᠷᠣᠨ ᠤ ᠲᠣᠭᠲᠠᠭᠤᠨ ᠬᠥᠭᠵᠢᠯ ᠴᠡᠴᠡᠭᠯᠡᠯ ᠳᠤ | ᠴᠢᠬᠤᠯᠠ ᠬᠤᠪᠢ ᠨᠡᠮᠡᠷᠢ ᠦᠵᠡᠭᠦᠯᠵᠦ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠬᠡᠪ | ᠳᠠᠭᠤᠷᠢᠶᠠᠯ ᠪᠠ ᠦᠯᠢᠭᠡᠷ ᠵᠢᠱᠢᠶ᠎ᠡ ᠶᠢ ᠪᠤᠢ ᠪᠣᠯᠭᠠᠪᠠ᠃ ᠨᠢᠳᠤᠨᠤᠨ ᠵᠢᠯ ᠠᠴᠠ ᠨᠠᠭᠠᠰᠢ᠂ ᠳᠤᠮᠳᠠᠳᠤ ᠤᠯᠤᠰ ᠪᠣᠯᠤᠨ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠭᠠᠷ ᠭᠠᠷ ᠢᠶᠠᠨ ᠬᠤᠯᠪᠣᠯᠴᠠᠨ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠵᠦ᠂ ᠰᠠᠬᠢᠨ ᠪᠠᠷᠠᠯᠠᠯᠴᠠᠵᠤ ᠬᠠᠷᠢᠯᠴᠠᠨ ᠬᠠᠪᠰᠤᠷᠤᠯᠴᠠᠭᠰᠠᠨ᠂ ᠵᠢᠷᠭᠠᠯ | ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠵᠣᠷᠢᠭ ᠰᠠᠨᠠᠭ᠎ᠠ ᠶᠢ ᠤᠯᠠᠮ ᠨᠢᠭᠡ | ᠠᠯᠬᠤᠮ ᠢᠯᠡᠷᠡᠭᠦᠯᠪᠡ ᠭᠡᠵᠡᠢ᠃ | ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠣᠳᠣᠬᠠᠨ ᠳᠤ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠬᠠᠷᠢᠴᠠᠭ᠎ᠠ ᠪᠦᠬᠦ ᠲᠠᠯ᠎ᠠ ᠶᠢᠨ ᠬᠥᠭᠵᠢᠯᠲᠡ ᠶᠢᠨ ᠰᠢᠨ᠎ᠡ ᠱᠠᠲᠤᠨ ᠳᠤ ᠣᠷᠣᠵᠤ᠂ | ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠯᠤᠭ᠎ᠠ | ᠬᠠᠮᠲᠤ ᠪᠠᠷ ᠨᠡᠩ ᠥᠨᠳᠥᠷ ᠬᠢᠷᠢ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠶᠢ ᠪᠠᠶᠢᠭᠤᠯᠵᠤ | ᠂ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠴᠣᠭᠴᠠᠯᠠᠵᠤ᠂ ᠭᠠᠵᠠᠷ ᠣᠷᠣᠨ ᠪᠣᠯᠤᠨ ᠪᠦᠬᠦ | ᠪᠥᠮᠪᠥᠷᠴᠡᠭ ᠤᠨ ᠴᠢᠨᠠᠷᠲᠠᠢ ᠢᠷᠡᠭᠡᠳᠦᠢ ᠶᠢᠨ ᠥᠷᠢᠰᠥᠯᠳᠦᠭᠡᠨ ᠢ ᠨᠡᠩ ᠰᠠᠶᠢᠲᠤᠷ ᠠᠷᠭᠠᠴᠠᠭᠠᠵᠤ᠂ ᠬᠤᠶᠠᠷ ᠲᠠᠯ᠎ᠠ ᠶᠢᠨ 11 | ᠤᠯᠤᠰ ᠤᠨ 20 ᠭᠠᠷᠤᠢ ᠳ᠋ᠦᠩᠰᠢᠭᠤᠷ ᠠᠷᠠᠳ ᠲᠦᠮᠡᠨ ᠳᠤ ᠪᠤᠶᠠᠨ ᠦᠢᠯᠡᠳᠦᠨ᠎ᠡ ᠭᠡᠵᠡᠢ᠃ | ᠬᠠᠰᠰᠠᠨᠠᠯ ᠪᠠᠶᠠᠷ ᠤᠨ ᠴᠠᠬᠢᠯᠭᠠᠨ ᠳᠤ ᠪᠠᠨ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢ ᠬᠤᠶᠠᠷ | ᠲᠠᠯ᠎ᠠ ᠶᠢᠨ ᠶᠠᠷᠢᠯᠴᠠᠭᠠᠨ ᠤ ᠬᠠᠷᠢᠴᠠᠭ᠎ᠠ ᠪᠠᠶᠢᠭᠤᠯᠤᠭᠰᠠᠨ 30 ᠵᠢᠯ ᠤᠨ ᠤᠢ ᠪᠣᠯᠤᠨ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠴᠢᠩ ᠰᠡᠳᠬᠢᠯ ᠤᠨ ᠪᠠᠶᠠᠷ ᠬᠦᠷᠭᠡᠵᠦ᠂ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠪᠣᠯᠤᠨ ᠳᠤᠮᠳᠠᠳᠤ ᠤᠯᠤᠰ ᠤᠨ ᠬᠠᠷᠢᠴᠠᠭ᠎ᠠ 30 ᠵᠢᠯ ᠤᠨ ᠲᠤᠷᠰᠢ ᠪᠠᠶᠠᠯᠢᠭ ᠦᠷ᠎ᠡ | ᠪᠦᠲᠦᠭᠡᠯ ᠣᠯᠵᠤ᠂ ᠬᠠᠮᠤᠭ ᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠ ᠪᠦᠬᠦ ᠲᠠᠯ᠎ᠠ ᠶᠢᠨ ᠴᠢᠨᠠᠷᠲᠠᠢ ᠬᠠᠨᠢᠲᠠᠨ ᠤ | ᠬᠠᠷᠢᠴᠠᠭ᠎ᠠ ᠶᠢᠨ ᠨᠢᠭᠡ ᠪᠣᠯᠵᠠᠢ᠃ ᠬᠤᠶᠠᠷ ᠲᠠᠯ᠎ᠠ ᠪᠠᠷ ᠢᠶᠠᠨ ᠭᠠᠷ ᠭᠠᠷ ᠢᠶᠠᠨ ᠬᠤᠯᠪᠣᠯᠴᠠᠨ ᠬᠢᠵᠢᠭ ᠢ ᠡᠰᠡᠷᠭᠦᠴᠡᠨ | ᠬᠠᠮᠲᠤᠷᠠᠯᠴᠠᠵᠤ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠡᠯ᠎ᠡ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠳᠤᠮᠳᠠᠳᠤ ᠶᠢᠨ ᠲᠠᠯ᠎ᠠ ᠶᠢᠨ ᠬᠢᠨ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠭᠤᠣᠯ ᠪᠣᠯᠬᠤ ᠪᠠᠶᠢᠷᠢ ᠰᠠᠭᠤᠷᠢ ᠶᠢ ᠡᠷᠡᠰ ᠳᠡᠮᠵᠢᠭᠰᠡᠨ ᠳᠤ ᠪᠠᠶᠠᠷᠯᠠᠨ | ᠲᠠᠯᠠᠷᠬᠠᠵᠤ ᠪᠠᠶᠢᠨ᠎ᠠ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ — ᠳᠤᠮᠳᠠᠳᠤ ᠤᠯᠤᠰ ᠤᠨ | ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠴᠠᠭ᠎ᠠ ᠨᠢ ᠬᠤᠶᠠᠷ ᠲᠠᠯ᠎ᠠ ᠶᠢᠨ ᠠᠷᠠᠳ ᠲᠦᠮᠡᠨ ᠳᠤ ᠨᠡᠩ ᠰᠠᠷᠠᠭᠤᠯ ᠨᠡᠩ | ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ ᠥᠭᠬᠦ ᠶᠤᠮ ᠭᠡᠵᠦ ᠢᠯᠡᠷᠬᠡᠶᠢᠯᠡᠪᠡ᠃ | |