| | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ | ᠴᠢᠬᠤᠯᠠ ᠵᠢᠭᠠᠪᠤᠷᠢ ᠥᠭᠴᠡᠢ᠃ | ᠰᠢ ᠶᠢᠨ ᠫᠢᠩ᠂ ᠤᠢᠢᠷ᠎ᠠ ᠶᠢᠨ ᠡᠳᠦᠷ᠂ ᠾᠧᠨᠠᠨ ᠵᠡᠷᠭᠡ ᠭᠠᠵᠠᠷ ᠲᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ᠂ | ᠵᠧᠩᠵᠧᠦ ᠵᠡᠷᠭᠡ ᠬᠤᠳᠠ ᠳᠤ ᠬᠦᠨᠳᠦ ᠨᠣᠴᠢᠲᠠᠢ ᠤᠰᠤᠲᠤᠯ ᠡᠭᠦᠰᠴᠦ᠂ ᠵᠠᠷᠢᠮ ᠭᠤᠣᠯ ᠮᠥᠷᠡᠨ ᠨᠢ ᠲᠦᠭᠰᠢᠬᠦᠷᠢ ᠡᠬᠦᠰᠴᠤ | ᠮᠡᠳᠡᠬᠦ ᠤᠰᠤᠨ ᠲᠦᠪᠰᠢᠨ ᠤ ᠬᠡᠮᠵᠢᠶ᠎ᠠ ᠠᠴᠠ ᠳᠠᠪᠠᠵᠤ᠂ ᠵᠠᠷᠢᠮ ᠤᠰᠤᠨ ᠴᠥᠭᠦᠷᠥᠮ ᠤᠨ ᠬᠠᠰᠢᠯᠭ᠎ᠠ ᠰᠠᠳᠠᠷᠠᠵᠦ᠂ ᠬᠡᠰᠡᠭ | ᠲᠡᠮᠦᠷ ᠵᠠᠮ ᠤᠨ ᠲᠡᠭᠡᠭᠡᠪᠦᠷᠢ ᠵᠣᠭᠰᠣᠵᠤ᠂ ᠵᠢᠰᠢᠶᠠᠨ ᠤ ᠨᠢᠰᠬᠡᠯ ᠨᠢᠰᠬᠦ ᠪᠠᠨ ᠵᠣᠭᠰᠣᠵᠤ᠂ ᠬᠥᠮᠦᠨ ᠤ ᠦᠬᠦᠯ ᠰᠢᠷᠬᠠᠳᠤᠯ | ᠪᠠ ᠡᠳ᠋ ᠬᠦᠷᠦᠩᠭᠡ ᠶᠢᠨ ᠬᠦᠨᠳᠦ ᠨᠤᠴᠢᠳᠠᠢ ᠬᠤᠬᠢᠷᠠᠯ ᠡᠭᠦᠰᠴᠤ᠂ ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ | ᠬᠡᠴᠡᠭᠦᠦ ᠪᠠᠶᠢᠨ᠎ᠠ ᠭᠡᠵᠤ ᠵᠢᠭᠠᠵᠤ ᠭᠠᠷᠭᠠᠪᠠ᠃ | ᠰᠢ ᠶᠢᠨ ᠫᠢᠩ ᠣᠳᠣᠬᠠᠨ ᠳᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ | ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠵᠤ᠂ ᠡᠮᠦᠨ᠎ᠠ | ᠹᠷᠤᠨᠲ ᠲᠤ ᠬᠦᠷᠴᠦ ᠵᠢᠯᠣᠭᠤᠳᠤᠨ᠂ ᠳᠠᠷᠤᠶ ᠲᠦᠷᠭᠡᠨ ᠬᠦᠴᠦᠨ ᠢᠶᠠᠨ ᠵᠣᠬᠢᠶᠠᠨ ᠪᠠᠶᠢᠭᠤᠯᠤᠨ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠨ᠂ ᠭᠠᠮᠰᠢᠭᠳᠠᠭᠰᠠᠨ ᠣᠯᠠᠨ ᠲᠦᠮᠡᠨ ᠢ ᠵᠤᠬᠢᠰᠳᠠᠢ ᠲᠥᠪᠬᠢᠨᠡᠭᠦᠯᠵᠦ᠂ ᠳᠠᠭᠠᠯᠳᠤᠨ ᠡᠭᠦᠰᠬᠦ | ᠭᠠᠮᠰᠢᠭ ᠠᠴᠠ ᠴᠢᠩᠭ᠎ᠠ ᠰᠡᠷᠭᠡᠶᠢᠯᠡᠵᠦ᠂ ᠬᠥᠮᠦᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ | ᠣᠷᠣᠨ ᠨᠤᠲᠤᠭ ᠢ ᠢᠳᠡᠪᠬᠢᠲᠡᠢ ᠬᠠᠮᠵᠢᠨ ᠠᠶᠤᠯ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠬᠦ ᠬᠡᠷᠡᠭᠲᠡᠢ᠃ ᠤᠯᠤᠰ ᠤᠨ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠣᠭᠤᠳᠬᠤ ᠭᠠᠵᠠᠷ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠰᠤᠨ ᠠᠰᠢᠬᠯᠠᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠶᠤᠯ ᠭᠠᠮᠰᠢᠭ ᠤᠨ ᠬᠡᠮ ᠰᠣᠭᠤᠭ ᠢ | ᠲᠣᠭᠤᠷᠢᠨ ᠪᠠᠶᠢᠴᠠᠭᠠᠵᠤ ᠵᠢᠬᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠴᠢᠬᠤᠯᠠ ᠰᠠᠭᠤᠷᠢ ᠲᠥᠬᠦᠭᠡᠷᠦᠮᠵᠢ ᠶᠢᠨ ᠠᠮᠤᠷ | ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠣᠷᠣᠭᠠᠨ᠂ ᠲᠠᠶᠢᠹᠧᠩ ᠰᠠᠯᠬᠢ᠂ ᠠᠭᠤᠯᠠᠨ ᠦᠶᠡᠷ᠂ ᠰᠢᠪᠠᠷ | ᠴᠢᠯᠠᠭᠤᠨ ᠤ ᠤᠷᠤᠰᠬᠠᠯ ᠵᠡᠷᠭᠡ ᠶᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠲᠦᠪᠰᠢᠨ ᠢᠶᠠᠨ | ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠶᠢ ᠰᠢᠯᠤᠭᠤᠳᠬᠠᠬᠤ ᠡᠷᠴᠢᠮ ᠢᠶᠠᠨ ᠴᠢᠩᠭᠠᠷᠠᠭᠤᠯᠵᠤ᠂ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ ᠭᠡᠵᠤ | ᠴᠢᠬᠤᠯᠠᠴᠢᠯᠠᠪᠠ᠃ | ᠰᠢ ᠶᠢᠨ ᠫᠢᠩ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠶᠢᠨ ᠵᠡᠷᠭᠡ ᠪᠠᠷ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ | ᠳᠠᠷᠤᠢ ᠲᠦᠷᠭᠡᠨ ᠰᠡᠷᠭᠦᠭᠡᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠲᠡᠳᠭᠦᠵᠤ ᠠᠪᠤᠷᠠᠨ ᠲᠤᠰᠠᠯᠠᠬᠤ ᠪᠠ | ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠮᠰᠢᠭ ᠠᠴᠠ ᠪᠤᠯᠵᠤ | ᠲᠠᠬᠢᠨ ᠶᠠᠳᠠᠭᠤᠷᠠᠬᠤ ᠪᠠ ᠶᠡᠭᠡ ᠭᠠᠮᠰᠢᠭ ᠤᠨ ᠳᠠᠷᠠᠭ᠎ᠠ ᠬᠢᠵᠢᠭ ᠶᠡᠭᠡ ᠪᠠᠷ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠢ ᠭᠡᠵᠤ | ᠱᠠᠭᠠᠷᠳᠠᠵᠠᠢ᠃ | |