ᠡᠷᠢᠶᠡᠨ ᠪᠣᠭᠤᠮᠲᠠ ᠶᠢᠨ ᠲᠦᠷᠦᠭᠦᠤ ᠬᠠᠭᠠᠰ ᠵᠢᠯ ᠳᠤ ᠭᠠᠷᠭᠠᠭᠰᠠᠨ ᠵᠢᠮᠢᠰ ᠨᠣᠭᠤᠭ᠎ᠠ 5.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2021/7/26
       ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2021 ᠣᠨ ᠤ ᠳᠡᠭᠡᠷ᠎ᠡ ᠬᠠᠭᠠᠰ ᠵᠢᠯ ᠳᠤ ᠡᠷᠢᠶᠡᠨ ᠪᠣᠭᠤᠮᠲᠠ ᠶᠢᠨ ᠬᠢᠨ ᠭᠠᠳᠠᠭᠠᠳᠤ ᠳᠤ ᠭᠠᠷᠭᠠᠬᠤ ᠵᠢᠮᠢᠰ ᠨᠣᠭᠤᠭ᠎ᠠ ᠶᠢ 5.4 ᠲᠦᠮᠡᠨ ᠲᠣᠨ ᠬᠢᠨᠠᠨ ᠬᠠᠮᠢᠶᠠᠷᠴᠤ᠂ ᠪᠠᠷᠠᠭᠠᠨ ᠤ ᠥᠷᠲᠡᠭ ᠨᠢ 6974.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.8% ᠪᠠ 11.3% ᠪᠠᠷ ᠨᠡᠮᠡᠭᠳᠡᠵᠡᠶ᠃
   ᠳᠡᠭᠡᠷ᠎ᠡ ᠬᠠᠭᠠᠰ ᠵᠢᠯ ᠳᠤ᠂ ᠡᠷᠢᠶᠡᠨ ᠪᠣᠭᠤᠮᠲᠠ ᠶᠢᠨ ᠵᠢᠮᠢᠰ ᠢᠳᠡᠰᠢᠨ ᠨᠣᠭᠤᠭ᠎ᠠ ᠶᠢᠨ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠬᠢᠵᠢᠭ ᠤᠨ ᠨᠥᠯᠥᠭᠡ ᠶᠢ ᠪᠠᠭᠠᠰᠬᠠᠬᠤ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ᠣᠯᠠᠨ  ᠵᠦᠢᠯ ᠤᠨ ᠠᠷᠭ᠎ᠠ ᠬᠡᠮᠵᠢᠶ᠎ᠡ ᠠᠪᠴᠤ᠂ ᠭᠠᠳᠠᠭᠠᠳᠤ ᠳᠤ ᠭᠠᠷᠭᠠᠬᠤ ᠵᠢᠮᠢᠰ ᠢᠳᠡᠰᠢᠨ ᠨᠣᠭᠤᠭ᠎ᠠ ᠶᠢ ᠰᠢᠯᠭᠠᠨ ᠪᠠᠶᠢᠴᠠᠭᠠᠬᠤ ᠬᠢᠨᠠᠯᠲᠠ ᠬᠠᠮᠢᠶᠠᠷᠤᠯᠲᠠ ᠶᠢᠨ ᠶᠠᠪᠤᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠪᠣᠭᠤᠮᠲᠠ ᠪᠠᠷ ᠥᠩᠭᠡᠷᠡᠬᠦ ᠬᠤᠷᠳᠤᠴᠠ ᠶᠢ ᠳᠡᠭᠡᠭᠰᠢᠯᠡᠭᠦᠯᠵᠦ᠂ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢᠨ ᠭᠠᠳᠠᠭᠠᠳᠤ ᠭᠠᠷᠭᠠᠯᠲᠠ ᠶᠢᠨ ᠬᠡᠷᠡᠭᠴᠡᠭᠡ ᠶᠢ ᠬᠠᠩᠭᠠᠪᠠ᠃ ᠡᠲᠡᠭᠡᠷ ᠠᠷᠭ᠎ᠠ ᠬᠡᠮᠵᠢᠶ᠎ᠡ ᠳᠤ᠄ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠲᠤᠰᠬᠠᠶ ᠴᠣᠩᠬᠤ ᠭᠠᠷᠭᠠᠵᠤ᠂ ︽ᠲᠠᠯᠠᠪᠤᠷ ᠭᠠᠵᠠᠷ ᠢ ᠪᠢᠲᠡᠭᠦᠮᠵᠢᠯᠡᠬᠦ᠂ ᠨᠡᠪᠲᠡᠷᠡᠬᠦ ᠵᠠᠮ ᠢ ᠰᠢᠭᠤᠳ ᠨᠡᠪᠲᠡᠷᠡᠭᠦᠯᠬᠦ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠠᠭᠤᠷᠢᠨ ᠳᠡᠭᠡᠷ᠎ᠡ᠂ ︽7 × 24︾ ᠴᠠᠭ ᠲᠤ ᠪᠣᠭᠤᠮᠲᠠ ᠪᠠᠷ ᠤᠷᠢᠳᠴᠢᠯᠠᠨ ᠪᠣᠯᠵᠣᠵᠤ ᠥᠩᠭᠡᠷᠡᠬᠦ ᠶᠢ ᠬᠡᠷᠡᠭᠵᠢᠭᠦᠯᠵᠦ᠂ ᠵᠢᠮᠢᠰ ᠢᠳᠡᠰᠢᠨ ᠨᠣᠭᠤᠭ᠎ᠠ ᠶᠢᠨ ︽ᠭᠤᠷᠪᠠᠨ ᠰᠢᠯᠢᠳᠡᠭ︾ ᠠᠵᠢᠯᠯᠠᠬᠤ ᠵᠠᠭᠪᠤᠷ ᠢ ᠬᠡᠷᠡᠭᠵᠢᠭᠦᠯᠵᠦ ᠂ ᠲᠦᠭᠦᠬᠡᠶ ᠰᠣᠷᠭᠤᠭ ᠵᠢᠮᠢᠰ ᠢᠳᠡᠰᠢᠨ ᠨᠣᠭᠤᠭ᠎ᠠ ᠶᠢ ᠲᠣᠰ ᠡᠳᠦᠷ ᠲᠤ ᠭᠤᠶᠤᠴᠢᠯᠠᠨ ᠮᠡᠳᠡᠭᠦᠯᠵᠦ ᠲᠣᠰ ᠡᠳᠦᠷ ᠲᠤ ᠶᠠᠪᠤᠭᠤᠯᠬᠤ ᠶᠢ ᠪᠡᠶᠡᠯᠡᠭᠦᠯᠦᠨ᠎ᠡ︔ ᠡᠭᠦᠨ ᠳᠤ᠄ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠲᠤᠰᠬᠠᠶ ᠴᠣᠩᠬᠤ ᠭᠠᠷᠭᠠᠵᠤ᠂ ︽ᠲᠠᠯᠠᠪᠤᠷ ᠭᠠᠵᠠᠷ ᠢ ᠪᠢᠲᠡᠭᠦᠮᠵᠢᠯᠡᠬᠦ᠂ ᠨᠡᠪᠲᠡᠷᠡᠬᠦ ᠵᠠᠮ ᠢ ᠰᠢᠭᠤᠳ ᠨᠡᠪᠲᠡᠷᠡᠭᠦᠯᠬᠦ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠠᠭᠤᠷᠢᠨ ᠳᠡᠭᠡᠷ᠎ᠡ᠂ ︽7 × 24︾ ᠴᠠᠭ ᠲᠤ ᠪᠣᠭᠤᠮᠲᠠ ᠪᠠᠷ ᠤᠷᠢᠳᠴᠢᠯᠠᠨ ᠪᠣᠯᠵᠣᠵᠤ ᠥᠩᠭᠡᠷᠡᠬᠦ ᠶᠢ ᠬᠡᠷᠡᠭᠵᠢᠭᠦᠯᠦᠨ᠎ᠡ︔ ᠠᠵᠢᠯᠯᠠᠬᠤ ᠲᠠᠯᠠᠪᠤᠷ ᠭᠠᠵᠠᠷ ᠪᠠ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠤᠨ ᠴᠤᠪᠤᠷᠠᠯ ᠳᠤ ᠵᠢᠯᠣᠭᠤᠳᠬᠤ ᠰᠠᠨᠠᠯ ᠢᠶᠠᠨ ᠳᠤᠷᠠᠳᠬᠤ ᠬᠡᠷᠡᠭᠲᠡᠶ︔ ᠲᠡᠮᠦᠷ ᠵᠠᠮ ᠤᠨ ᠰᠠᠯᠠᠭ᠎ᠠ ᠮᠥᠴᠢᠷ ᠲᠠᠢ ᠵᠣᠬᠢᠴᠠᠭᠤᠯᠵᠤ᠂ ᠵᠢᠮᠢᠰ ᠢᠳᠡᠰᠢᠨ ᠨᠣᠭᠤᠭ᠎ᠠ ᠶᠢᠨ ︽ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ︾ ᠶᠢᠨ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠦᠨ ᠨᠡᠶᠢᠲᠡᠯᠡᠵᠦ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠬᠦᠢᠯᠭᠡᠭᠡᠨ ᠤ  ᠠᠰᠠᠭᠤᠳᠠᠯ ᠢ ᠰᠢᠢᠳᠪᠣᠷᠢᠯᠡᠨ᠂ ᠠᠵᠤ ᠠᠬᠤᠶᠢᠯᠠᠯ ᠤᠨ ᠪᠠᠷᠠᠭᠠᠨ ᠤ  ᠬᠦᠢᠯᠭᠡᠭᠡᠨ ᠤ ᠦᠪᠡᠷ ᠤᠨ ᠦᠷᠳᠡᠭ ᠢ ᠪᠠᠭᠤᠷᠠᠭᠤᠯᠪᠠ᠃
      ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠨ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠪᠣᠭᠤᠮᠲᠠ ᠶᠢᠨ ᠠᠵᠢᠯᠲᠠᠨ ᠵᠣᠣ ᠹᠠᠩ  ᠬᠡᠯᠡᠬᠦ ᠳᠤ ᠪᠠᠨ᠂ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠭᠳᠡᠭᠰᠡᠨ ᠠᠴᠠ ᠨᠠᠰᠢ᠂ ᠠᠯᠮᠤᠷᠠᠳ᠂ ᠵᠦᠷᠵᠢ᠂ ᠪᠥᠭᠡᠷᠡᠩᠬᠡᠶ ᠰᠣᠩᠭᠢᠨ᠎ᠠ᠂ ᠯᠠᠵᠤᠤ᠂ ᠥᠷᠭᠡᠰᠦᠲᠦ ᠬᠡᠮᠬᠡ ᠵᠡᠷᠭᠡ 30 ᠭᠠᠷᠤᠶ ᠵᠦᠢᠯ ᠤᠨ ᠵᠢᠮᠢᠰ ᠪᠠ ᠢᠳᠡᠰᠢᠨ ᠨᠣᠭᠤᠭ᠎ᠠ ᠶᠢ ︽ᠰᠠᠭᠠᠳ ᠥᠬᠡᠶ ᠨᠡᠪᠲᠡᠷᠡᠬᠦ ᠵᠠᠮ︾ ᠢᠶᠠᠷ ᠳᠠᠮᠵᠢᠭᠤᠯᠤᠨ ᠮᠣᠩᠭᠤᠯ ᠤᠯᠤᠰ ᠤᠨ ᠠᠷᠠᠳ ᠲᠦᠮᠡᠨ ᠤ ᠬᠤᠭᠤᠯᠠᠨ ᠰᠢᠷᠡᠭᠡᠨ ᠳᠡᠭᠡᠷ᠎ᠡ ᠲᠠᠰᠤᠷᠠᠯᠲᠠ ᠥᠬᠡᠶ ᠬᠦᠷᠭᠡᠵᠦ ᠪᠠᠶᠢᠨ᠎ᠠ ᠭᠡᠵᠡᠶ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号