ᠨᠢᠩᠵᠢᠨ ᠰᠡᠳᠬᠢᠯᠲᠦ ᠠᠵᠦ ᠠᠬᠤᠶᠢᠯᠠᠯ ᠨᠢᠭᠡᠳᠦᠭᠡᠷ ᠹᠷᠤᠨᠲ ᠶᠢᠨ ᠠᠷᠠᠳ ᠤᠨ ᠴᠠᠭᠳᠠᠭ᠎ᠠ  ᠳᠤ ᠬᠠᠶᠢᠷ᠎ᠠ ᠬᠠᠯᠠᠮᠵᠢ ᠬᠦᠷᠭᠡᠭᠰᠡᠨ
ᠨᠡᠶᠢᠲᠡᠯᠡᠭᠰᠡᠨ ᠴᠠᠭ᠄
2021/7/28
ᠤᠷᠴᠢᠭᠤᠯᠤᠭᠴᠢ᠄  ᠤᠷᠢᠬᠠᠨᠭᠠᠷᠴᠠᠭ  ᠄  ᠨᠢᠩᠵᠢᠨ ᠰᠡᠳᠬᠢᠯᠲᠦ ᠠᠵᠦ ᠠᠬᠤᠶᠢᠯᠠᠯ ᠨᠢᠭᠡᠳᠦᠭᠡᠷ ᠹᠷᠤᠨᠲ ᠶᠢᠨ ᠠᠷᠠᠳ ᠤᠨ ᠴᠠᠭᠳᠠᠭ᠎ᠠ   ᠳᠤ ᠬᠠᠶᠢᠷ᠎ᠠ ᠬᠠᠯᠠᠮᠵᠢ ᠬᠦᠷᠭᠡᠭᠰᠡᠨ                                                ᠤᠳᠤᠷᠢᠳᠤᠮᠵᠢ᠄   ᠤᠶᠢᠷ᠎ᠡ ᠶᠢᠨ ᠡᠳᠤᠷ᠂   ᠰᠢᠶᠠᠨ ᠹᠧᠩ ᠱᠦᠢᠨᠢ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠠᠭᠠᠭᠢᠮ᠎ᠠ ᠬᠠᠯᠠᠭᠤᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠭᠡᠷᠡᠯᠲᠦᠨᠳᠥ ᠬᠢᠯᠢ ᠶᠢᠨ ᠲᠣᠮᠢᠯᠠᠭᠰᠠᠨ ᠰᠠᠯᠪᠤᠷᠢ ᠳᠤ ︽ᠠᠭᠠᠷ ᠲᠤᠬᠢᠷᠠᠭᠤᠯᠤᠭᠴᠢ︾  ᠬᠦᠷᠭᠡᠭᠰᠡᠨ ᠪᠠᠶᠢᠨ᠎ᠠ᠃ ᠲᠠᠶᠢᠯᠤᠮᠵᠢ᠄  ᠹᠦ᠋ ᠤᠷᠤᠵᠦ ᠠᠴᠠ ᠨᠠᠭᠠᠰᠢ᠂  ᠭᠡᠷᠡᠯᠲᠦᠨᠳᠥ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠲᠠᠰᠤᠭ ᠲᠤᠩ ᠪᠦᠭᠴᠢᠮ ᠪᠠᠶᠢᠭᠰᠠᠨ ᠴᠦ ᠵᠢᠵᠢᠭᠦᠷᠯᠡᠭᠴᠢ ᠴᠠᠭᠳᠠᠭ᠎ᠠ ᠨᠠᠷ ᠮᠦᠨ ᠯᠡ ᠠᠵᠢᠯ ᠤᠨ ᠪᠠᠶᠢᠷᠢ ᠪᠠᠨ ᠪᠠᠲᠦ ᠰᠠᠬᠢᠵᠦ᠂  ᠨᠡᠶᠢᠭᠡᠮ ᠤᠨ ᠲᠤᠭᠲᠠᠭᠤᠨ ᠢ ᠪᠠᠲᠤᠯᠠᠨ᠂  ᠮᠠᠯᠴᠢᠨ ᠤᠯᠠᠨ ᠳᠤ ᠦᠢᠯᠡᠴᠢᠯᠡᠵᠦ  ᠪᠠᠶᠢᠯ᠎ᠠ᠃    ᠰᠢᠶᠠᠨ ᠹᠧᠩ ᠱᠦᠢᠨᠢ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ  ᠡᠨᠡᠬᠦ ᠪᠠᠶᠢᠳᠠᠯ ᠢ ᠤᠶᠢᠯᠭᠠᠭᠰᠠᠨ ᠤ ᠳᠠᠷᠠᠭ᠎ᠠ ᠲᠤᠰ ᠴᠠᠭᠳᠠᠭᠠᠨ ᠤ ᠲᠠᠰᠤᠭ ᠲᠤ ᠬᠤᠶᠠᠷ ᠰᠠᠭᠤᠷᠢ ᠠᠭᠠᠷ ᠲᠤᠬᠢᠷᠠᠭᠤᠯᠤᠭᠴᠢ ᠬᠦᠷᠭᠡᠨ ᠥᠭᠴᠡᠢ᠃    ᠰᠤᠷᠪᠤᠯᠵᠢᠯᠠᠭ᠎ᠠ᠄   ᠲᠤᠰ ᠠᠵᠦ ᠠᠬᠤᠶᠢᠯᠠᠯ ᠤᠨ ᠬᠠᠷᠢᠭᠤᠴᠠᠯᠭᠠᠲᠠᠨ ᠢᠯᠡᠳᠭᠡᠬᠦ ᠳᠤ ᠪᠠᠨ᠂  ᠰᠢᠶᠠᠨ ᠹᠧᠩ ᠱᠦᠢᠨᠢ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ︽ ᠪᠢ ᠤᠯᠠᠨ ᠲᠦᠮᠡᠨ ᠳᠤ ᠪᠤᠳᠠᠳᠦ ᠠᠵᠢᠯ ᠬᠢᠬᠦ︾ ᠠᠵᠢᠯᠯᠠᠭ᠎ᠠ ᠳᠤ ᠰᠠᠭᠤᠷᠢᠯᠠᠨ᠂ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ ᠳᠤ ᠬᠠᠶᠢᠷ᠎ᠠ ᠬᠠᠯᠠᠮᠵᠢ ᠬᠦᠷᠭᠡᠭᠰᠡᠨ ᠶᠤᠮ᠃ ᠬᠤᠶᠢᠰᠢᠳᠠ᠂ ᠺᠣᠮᠫᠠᠨᠢ ᠶᠢᠨ ᠨᠠᠮ ᠤᠨ ᠡᠭᠦᠷ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠢᠳᠡᠪᠬᠢᠲᠡᠶ ᠪᠠᠷ ᠰᠤᠷᠤᠯᠴᠠᠨ ᠲᠤᠤᠱᠯᠠᠭᠤᠯᠵᠤ᠂ ᠡᠭᠦᠷᠭᠡ  ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂  ᠢᠯᠡᠭᠦᠭᠡᠨ ᠪᠣᠳᠠᠲᠤ  ᠠᠵᠢᠯ ᠬᠢᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号