ᠮᠠᠨ ᠤ ᠬᠤᠲᠠ ᠨᠢᠭᠡᠳᠦᠭᠡᠷ ᠤᠳᠠᠭ᠎ᠠ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠦᠷᠨᠢᠭᠦᠯᠦᠭᠰᠡᠨ
ᠨᠡᠶᠢᠲᠡᠯᠡᠭᠰᠡᠨ ᠴᠠᠭ᠄
2021/7/28
ᠤᠷᠴᠢᠭᠤᠯᠤᠭᠴᠢ᠄  ᠤᠷᠢᠬᠠᠨᠮᠠᠨ ᠤ ᠬᠤᠲᠠ ᠨᠢᠭᠡᠳᠦᠭᠡᠷ ᠤᠳᠠᠭ᠎ᠠ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠦᠷᠨᠢᠭᠦᠯᠦᠭᠰᠡᠨ                                             ᠤᠳᠤᠷᠢᠳᠤᠮᠵᠢ᠄ 7 ᠳ᠋ᠤᠭᠠᠷ ᠰᠠᠷ᠎ᠠ ᠶᠢᠨ 26 ᠤ ᠡᠳᠦᠷ᠂ ᠮᠠᠨ ᠤ ᠬᠤᠲᠠ ᠨᠢᠭᠡᠳᠦᠭᠡᠷ ᠤᠳᠠᠭ᠎ᠠ ᠪᠥᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠦᠷᠨᠢᠭᠦᠯᠵᠡᠢ᠃ ᠲᠠᠶᠢᠯᠤᠮᠵᠢ᠄  ᠪᠤᠯᠪᠠᠰᠤᠷᠠᠯ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠤᠨ ᠥᠨᠳᠦᠷᠯᠢᠭ ᠤᠨ ᠭᠠᠮᠰᠢᠭ ᠬᠢᠭᠡᠳ ᠠᠮᠢ ᠠᠬᠤᠶ ᠶᠢᠨ ᠠᠮᠤᠷ ᠲᠦᠪᠰᠢᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠳᠡᠳ᠋ ᠡᠷᠬᠢᠯᠡᠭᠴᠢ ᠨᠠᠷᠠᠨᠮᠠᠨᠳᠤᠯ᠎ᠠ ᠶᠢ ᠤᠷᠢᠵᠦ    ᠲᠠᠶᠢᠯᠤᠮᠵᠢ ᠬᠢᠯᠭᠡᠵᠡᠢ᠃ ᠲᠡᠷᠡ ᠪᠦᠬᠦ ᠤᠯᠤᠰ ᠤᠨ ᠠᠩᠬᠠᠳᠤᠭᠠᠷ  ᠤᠳᠠᠭᠠᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠤᠨ ᠪᠠᠶᠢᠴᠠᠭᠠᠯᠲᠠ ᠶᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ᠂ ᠠᠶᠤᠯ ᠲᠦᠭᠰᠢᠭᠦᠷᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠭᠤᠯᠭ᠎ᠠ ᠪᠣᠯᠤᠨ ᠠᠷᠭ᠎ᠠ ᠬᠡᠯᠪᠡᠷᠢ ᠵᠢᠴᠢ ᠨᠡᠶᠢᠳᠡᠮ ᠪᠠᠶᠢᠴᠠᠭᠠᠭᠴᠢ ᠶᠢᠨ ᠡᠭᠦᠷᠭᠡᠯᠡᠭᠰᠡᠨ ᠪᠣᠳᠠᠲᠠᠢ ᠠᠵᠢᠯ ᠤᠨ ᠡᠭᠦᠷᠭᠡ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠷ ᠲᠠᠶᠢᠯᠤᠮᠵᠢ ᠬᠢᠵᠡᠢ᠃   ᠲᠣᠰ ᠤᠳᠠᠭᠠᠨ ᠤ ᠪᠤᠯᠪᠠᠰᠤᠷᠠᠯ ᠨᠡᠶᠢᠳᠡᠮ ᠪᠠᠶᠢᠴᠠᠭᠠᠭᠴᠢ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠶ ᠲᠠᠨᠢᠯᠲᠠ ᠶᠢ ᠨᠡᠮᠡᠭᠳᠡᠭᠦᠯᠵᠦ᠂ ᠨᠡᠶᠢᠳᠡᠮ ᠪᠠᠶᠢᠴᠠᠭᠠᠭᠴᠢ ᠳᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠷᠠᠯᠲᠠ᠂ ᠡᠯ᠎ᠡ   ᠲᠦᠷᠦᠯ ᠤᠨ ᠡᠭᠦᠷᠭᠡ᠂ ᠮᠡᠷᠭᠡᠵᠢᠯ  ᠪᠠ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢ ᠤᠯᠠᠮ ᠨᠢᠭᠡ ᠠᠯᠬᠤᠮ ᠡᠵᠡᠮᠰᠢᠭᠦᠯᠵᠦ᠂ ᠮᠠᠨ ᠤ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ  ᠲᠠᠯᠪᠢᠵᠠᠢ᠃     ᠤᠶᠢᠯᠭᠠᠯᠲᠠ ᠪᠠᠷ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠪᠣᠯ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ ᠪᠠ ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠃ ᠮᠠᠨ ᠤ ᠬᠤᠲᠠ ᠡᠨᠡ ᠵᠢᠯ ᠤᠨ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠭ᠎ᠠ ᠪᠠᠷᠢᠮᠲᠠ ᠴᠤᠭᠯᠠᠭᠤᠯᠬᠤ ᠶᠢ ᠪᠡᠶᠡᠯᠡᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠶᠠᠰᠤ ᠴᠢᠨᠠᠷ ᠤᠨ ᠬᠢᠨᠠᠨ ᠪᠠᠶᠢᠴᠠᠭᠠᠯᠲᠠ ᠶᠢ  ᠪᠡᠶᠡᠯᠡᠭᠦᠯᠵᠦ᠂ ᠪᠥᠬᠦ ᠣᠷᠣᠨ ᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ  ᠭᠠᠷᠭᠠᠵᠦ᠂ ᠢᠷᠡᠬᠦ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠭᠴᠠ ᠭᠠᠮᠰᠢᠭ ᠤᠨ ᠲᠥᠷᠥᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠲᠦᠭᠰᠢᠭᠦᠷᠢ ᠶᠢᠨ ᠣᠷᠣᠨ ᠤ ᠬᠤᠪᠢᠶᠠᠷᠢᠯᠠᠯ᠂ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠪᠠ ᠣᠷᠣᠨ ᠤ ᠬᠤᠪᠢᠶᠠᠷᠢᠯᠠᠯ ᠤᠨ  ᠠᠵᠢᠯ ᠢ ᠪᠡᠶᠡᠯᠡᠭᠦᠯᠬᠦ ᠪᠤᠯᠤᠨ᠎ᠠ᠃        
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号