ᠭᠡᠷᠡᠯᠳᠦᠠᠣᠳᠦ ᠰᠤᠮᠤᠨ ᠤ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠪᠡᠯᠡᠳᠬᠡᠯ ᠬᠤᠷᠠᠯ ᠬᠢᠪᠡ
ᠨᠡᠶᠢᠲᠡᠯᠡᠭᠰᠡᠨ ᠴᠠᠭ᠄
2021/7/6
     7 ᠰᠠᠷ᠎ᠠ ᠶᠢᠨ 5 ᠤ ᠡᠳᠦᠷ᠂ ᠬᠤᠲᠠ ᠶᠢᠨ ᠭᠡᠷᠡᠯᠳᠦᠠᠣᠳᠦ ᠰᠤᠮᠤ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠪᠡᠯᠡᠳᠬᠡᠯ ᠬᠤᠷᠠᠯ ᠬᠢᠪᠠ᠃        ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 35 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 28 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    
   ᠬᠤᠷᠠᠯ ᠤᠨ ᠠᠬᠤᠶ ᠲᠠᠯᠠᠪᠠᠢ      ᠬᠤᠷᠠᠯ ᠠᠴᠠ ᠶᠡᠭᠡ ᠬᠤᠷᠠᠯ ᠤᠨ ᠵᠥᠪᠯᠡᠬᠦ ᠵᠦᠢᠯ᠂ ᠰᠤᠯᠠ ᠣᠷᠣᠯᠴᠠᠬᠤ ᠬᠥᠮᠦᠰ ᠤᠨ ᠨᠡᠷᠡᠰ︔ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ︔ ᠶᠡᠭᠡ ᠬᠤᠷᠠᠯ ᠤᠨ ᠵᠦᠪᠯᠡᠯᠭᠡ ᠶᠢ ᠬᠢᠨᠡᠨ ᠪᠠᠶᠢᠴᠠᠭᠠᠬᠤ ᠵᠦᠪᠯᠡᠯ ᠤᠨ ᠨᠡᠷᠡᠰ ᠢ ᠪᠠᠳᠣᠯᠠᠪᠠ᠃    ᠬᠤᠷᠠᠯ ᠤᠨ ᠳᠠᠷᠠᠭ᠎ᠠ᠂ ᠬᠤᠲᠠ᠂ ᠰᠤᠮᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠪᠣᠯᠪᠠᠰᠤᠷᠠᠯ ᠬᠦᠷᠲᠡᠭᠡᠪᠡ᠃ ᠪᠣᠯᠪᠠᠰᠤᠷᠠᠭᠤᠯᠤᠯ ᠳᠤ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ ᠥᠭᠭᠦᠭᠴᠢ ᠶᠢ ᠤᠷᠢᠨ ᠠᠪᠴᠢᠷᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠬᠤᠶᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ  ᠣᠳᠣᠨᠬᠡᠷᠡᠯ ᠤᠨ ᠲᠤᠰᠬᠠᠶ ᠰᠡᠳᠦᠪ ᠢᠶᠠᠷ ᠬᠢᠴᠢᠶᠡᠯᠯᠡᠪᠡ᠃    
   ᠣᠳᠣᠨᠬᠡᠷᠡᠯ ᠬᠢᠴᠢᠶᠡᠯ ᠣᠷᠣᠨ᠎ᠠ      ᠯᠧᠺᠲ᠋ᠣᠷ ᠶᠡᠭᠡ ᠬᠡᠮᠵᠢᠶᠡᠨ ᠤ ᠠᠮᠢᠳᠤ ᠰᠣᠷᠭᠤᠭ ᠵᠢᠱᠢᠶ᠎ᠡ ᠶᠢ ᠬᠡᠷᠡᠭᠯᠡᠵᠦ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠰᠢᠰᠲ᠋ᠧᠮ ᠲᠠᠢ ᠲᠠᠶᠢᠯᠤᠮᠵᠢ ᠬᠢᠵᠦ᠂ ᠲᠥᠯᠥᠭᠡᠯᠡᠭᠴᠢᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠲᠡᠦᠬᠡ ᠶᠢ ᠰᠤᠷᠤᠯᠴᠠᠭᠤᠯᠵᠤ᠂ ᠨᠠᠮ ᠤᠨ ᠠᠴᠢ ᠲᠤᠰᠠ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠠᠴᠠ ᠰᠢᠮ᠎ᠡ ᠲᠡᠵᠢᠭᠡᠯ ᠬᠦᠷᠳᠡᠵᠤ᠂ ᠬᠦᠴᠦᠨ ᠴᠢᠳᠠᠯ ᠢ ᠬᠤᠷᠠᠮᠳᠤᠭᠤᠯᠵᠠᠢ᠃    ᠲᠠᠷᠠᠭ᠎ᠠ ᠪᠠᠷ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠣᠲᠣᠷᠠᠬᠢ ᠨᠠᠮ ᠤᠨ ᠭᠡᠰᠢᠭᠦᠨ ᠲᠥᠯᠥᠭᠡᠯᠡᠭᠴᠢᠳ ᠲᠤ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠡ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号