︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠶ᠎ᠡ︾︕ ᠬᠤᠲᠠ ᠶᠢᠨ ᠦᠨᠳᠦᠰᠦᠲᠡᠨ ᠤ ᠬᠡᠤᠬᠡᠳ ᠤᠨ ᠴᠡᠴᠡᠷᠯᠢᠭ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ ᠪᠡᠯᠭᠡᠯᠡᠬᠦ ᠭᠤᠤᠯ ᠰᠡᠳᠦᠪᠲᠦ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2021/7/6
         ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠡᠷᠭᠢᠴᠡᠭᠦᠯᠵᠦ᠂ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠬᠤ ᠶᠢᠨ ᠳᠣᠯᠠᠳᠠ᠂ 6 ᠰᠠᠷ᠎ᠠ ᠶᠢᠨ 30 ᠤ ᠡᠳᠦᠷ᠂ ᠬᠤᠳᠠ ᠶᠢᠨ ᠦᠨᠳᠦᠰᠦᠲᠡᠨ ᠤ ᠬᠡᠦᠬᠡᠳ ᠤᠨ ᠴᠡᠴᠡᠷᠯᠢᠭ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠯᠢ ᠤᠯᠠᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃    
  ᠠᠵᠢᠯᠯᠠᠭ᠎ᠠ ᠲᠠᠢ ᠬᠡᠷᠡᠭ ᠤᠨ ᠲᠠᠯᠠᠪᠠᠢ        ᠠᠵᠢᠯᠯᠠᠭ᠎ᠠ ᠶᠢᠨ ᠳᠤᠮᠳᠠ᠂ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠷᠠᠨ ᠰᠠᠶᠢᠬᠠᠨ ᠤ ᠬᠠᠷᠢᠭᠤ ᠮᠡᠳᠡᠭᠦᠯᠦᠯᠲᠡ ᠶᠢᠨ ᠬᠡᠯᠪᠡᠷᠢ ᠪᠠᠷ ᠡᠬᠡ ᠤᠯᠤᠰ᠂ ᠨᠠᠮ ᠳᠠᠭᠠᠨ ᠬᠠᠨᠳᠤᠭᠤᠯᠤᠭᠰᠠᠨ ᠬᠠᠯᠠᠭᠤᠨ ᠰᠡᠳᠬᠢᠯᠭᠡ ᠪᠠᠨ ᠬᠠᠮᠲᠤ ᠪᠠᠷ ᠢᠯᠡᠳᠬᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠳᠤ ᠬᠠᠮᠤᠭ ᠤᠨ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠪᠡ᠃ ᠠᠵᠢᠯᠯᠠᠭ᠎ᠠ ᠨᠢ ᠳᠠᠭᠤᠤ ᠪᠥᠵᠢᠭᠲᠦ ᠵᠦᠴᠦᠭᠡ ︽ᠤᠯᠠᠭᠠᠨ ᠤᠳᠤ ᠭᠢᠯᠠᠯᠵᠠᠬᠤ︾ ᠳᠤᠮᠳᠠ ᠬᠥᠰᠢᠭᠡ ᠪᠠᠨ ᠰᠡᠬᠦᠪᠡ᠃ ᠶᠡᠭᠡ ᠰᠤᠷᠭᠠᠭᠤᠯᠢ ᠶᠢᠨ ᠳᠥᠷᠪᠡᠳᠦᠭᠡᠷ ᠠᠩᠬᠢ ᠶᠢᠨ ᠪᠢᠴᠢᠬᠠᠨ ᠨᠠᠶᠢᠵᠠ ᠠᠪᠢᠶᠠᠰ ᠤᠨ ᠶᠠᠷᠢᠭᠰᠠᠨ ᠬᠤᠪᠢᠰᠬᠠᠯ ᠤᠨ ᠬᠤᠪᠢᠰᠬᠠᠯ ᠤᠨ ᠦᠯᠢᠭᠡᠷ ︽ᠪᠢᠴᠢᠬᠠᠨ ᠯᠤᠤᠪᠠᠩ ᠤᠨ ᠦᠯᠢᠭᠡᠷ︾ ᠨᠢ ᠤᠯᠠᠨ ᠢ ᠳᠠᠭᠠᠭᠤᠯᠤᠨ ᠲᠡᠷᠡᠬᠦ ᠰᠠᠯᠬᠢ ᠪᠣᠷᠣᠭᠠᠨ ᠲᠠᠢ ᠬᠤᠪᠢᠰᠬᠠᠯ ᠤᠨ ᠣᠨ ᠰᠠᠷ᠎ᠠ ᠳᠤ ᠣᠷᠣᠵᠤ᠂ ᠬᠠᠮᠲᠤᠪᠠᠷ ᠲᠡᠦᠬᠡ ᠶᠢ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠬᠡᠦᠬᠡᠳ ᠤᠨ ᠨᠢᠯᠬ᠎ᠠ ᠪᠠᠭ᠎ᠠ ᠨᠠᠰᠤᠨ ᠤ ᠰᠡᠳᠬᠢᠯ ᠳᠤ ᠭᠦᠨ ᠬᠠᠳᠠᠩᠰᠢᠭᠤᠯᠵᠠᠢ ᠃ ︽ᠬᠡᠦᠬᠡᠳ ᠤᠨ ᠰᠡᠳᠬᠢᠯ ᠨᠠᠮ ᠳᠠᠭᠠᠨ ᠬᠠᠨᠳᠤᠨ᠎ᠠ︾᠂ ︽ᠪᠢ ᠣᠮᠣᠭᠰᠢᠨ᠎ᠠ᠂ ᠪᠢ ᠪᠣᠯ ᠳᠤᠮᠳᠠᠳᠤ ᠶᠢᠨ ᠬᠡᠦᠬᠡᠳ︾᠂ ︽ᠡᠬᠡ ᠤᠯᠤᠰ ᠡᠬᠡ ᠤᠯᠤᠰ ᠲᠠᠭᠠᠨ ᠪᠢ ᠴᠢᠮ᠎ᠠ ᠳᠤ ᠬᠠᠶᠢᠷᠠᠲᠠᠢ︾᠂ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾᠂ ︽ᠬᠤᠳᠠ ᠶᠢᠨ ᠰᠢᠷ᠎ᠠ ᠰᠠᠷᠭᠠᠢ︾ ᠵᠡᠷᠭᠡ ᠣᠷᠭᠢᠯᠤᠮ᠎ᠠ ᠬᠠᠯᠠᠭᠤᠨ ᠰᠡᠳᠬᠢᠯᠭᠡ ᠲᠠᠢ ᠲᠣᠭᠯᠠᠯᠲᠠ ᠶᠢ ᠡᠭᠡᠯᠵᠢᠯᠡᠨ ᠲᠣᠭᠯᠠᠵᠤ᠂ ᠬᠡᠦᠬᠡᠳ ᠤᠳ ᠤᠨ ᠭᠤᠶᠢᠳᠠ ᠰᠠᠶᠢᠬᠠᠨ ᠲᠣᠭᠯᠠᠯᠲᠠ ᠨᠢ ᠲᠠᠶᠢᠰᠠᠨ ᠳᠣᠣᠷᠠᠬᠢ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃  
   ᠡᠬᠢᠯᠡᠯᠲᠡ ᠶᠢᠨ ᠪᠥᠵᠢᠭ  
  ︽ᠬᠡᠦᠬᠡᠳ ᠤᠨ ᠰᠡᠳᠬᠢᠯ ᠢ ᠨᠠᠮ ᠳᠠᠭᠠᠨ ᠬᠠᠨᠳᠤᠭᠤᠯᠰᠤᠭᠠᠶ︾ ᠭᠡᠬᠦ ᠨᠠᠶᠢᠷᠠᠯ ᠳᠠᠭᠤᠤ  
  ᠤᠯᠠᠭᠠᠨᠮᠥ᠋ᠴᠢᠷ ᠤᠨ ᠠᠪᠴᠢᠷᠠᠭᠰᠠᠨ ᠪᠥᠵᠢᠭ ︽ᠬᠤᠲᠠ ᠶᠢᠨ ᠰᠢᠷ᠎ᠠ ᠰᠠᠷᠭᠠᠶ︾        ᠬᠠᠮᠤᠭ ᠰᠡᠭᠦᠯ ᠳᠤ᠂ ᠲᠤᠰ ᠬᠡᠦᠬᠡᠳ ᠤᠨ ᠴᠡᠴᠡᠷᠯᠢᠭ ᠨᠢ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠭᠤᠣᠯ ᠰᠡᠳᠦᠪᠲᠦ ᠪᠦᠲᠦᠭᠡᠯ ᠤᠨ ᠦᠵᠡᠰᠬᠦᠯᠡᠩ ᠥᠷᠨᠢᠭᠦᠯᠵᠦ᠂ ᠦᠵᠡᠰᠬᠦᠯᠡᠩ ᠤᠨ ᠭᠤᠣᠯ ᠰᠡᠳᠦᠪ ᠨᠢ ᠨᠠᠮ ᠤᠨ ᠠᠴᠢ ᠶᠢ ᠮᠠᠭᠲᠠᠨ ᠳᠠᠭᠤᠯᠠᠬᠤ᠂ ᠨᠠᠮ ᠢᠶᠠᠨ ᠲᠠᠭᠠᠬᠤ ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠷᠠᠭᠤ ᠠᠯᠳᠠᠷᠲᠤ ᠲᠡᠦᠬᠡ ᠪᠣᠯᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠠᠢ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号