ᠰᠠᠶᠢᠬᠤᠰᠤ ᠨᠢᠰᠭᠡᠯ ᠤᠨ ᠪᠠᠭᠤᠳᠠᠯ ‍ᠤᠨ‌ᠦᠪᠡᠷᠮᠢᠴᠨ ᠦᠢᠯᠡᠴᠢᠯᠡᠭᠡ ᠪᠠᠷ ᠠᠶᠠᠨᠴᠢᠳ ᠤᠨ ᠶᠠᠪᠤᠵᠦ ᠰᠠᠭᠤᠬᠤ ᠳᠤ ᠳᠦᠭᠦᠮ ᠬᠠᠩᠭᠠᠭᠰᠠᠨ
ᠨᠡᠶᠢᠲᠡᠯᠡᠭᠰᠡᠨ ᠴᠠᠭ᠄
2021/7/6
ᠤᠷᠴᠢᠭᠤᠯᠤᠭᠴᠢ᠄  ᠤᠷᠢᠬᠠᠨ  ᠭᠠᠷᠴᠠᠭ  ᠄ ᠰᠠᠶᠢᠬᠤᠰᠤ ᠨᠢᠰᠭᠡᠯ ᠤᠨ ᠪᠠᠭᠤᠳᠠᠯ ‍ᠤᠨ‌ᠦᠪᠡᠷᠮᠢᠴᠨ ᠦᠢᠯᠡᠴᠢᠯᠡᠭᠡ ᠪᠠᠷ ᠠᠶᠠᠨᠴᠢᠳ ᠤᠨ ᠶᠠᠪᠤᠵᠦ ᠰᠠᠭᠤᠬᠤ ᠳᠤ ᠳᠦᠭᠦᠮ ᠬᠠᠩᠭᠠᠭᠰᠠᠨ                                                ᠤᠳᠤᠷᠢᠳᠬᠠᠯ᠄  ︽ ᠪᠢ ᠤᠯᠠᠨ ᠲᠦᠮᠡᠨ ᠳᠤ ᠪᠤᠳᠠᠳᠦ ᠠᠵᠢᠯ ᠬᠢᠬᠦ︾  ᠦᠢᠯᠡᠳᠦᠯᠭᠡ ᠶᠢᠨ ᠠᠵᠢᠯᠯᠠᠭ᠎ᠠ ᠶᠢ ᠪᠠᠲᠤᠳᠠᠢ ᠠᠬᠢᠭᠤᠯᠬᠤ ᠶᠢᠨ ᠲᠦᠯᠦᠭᠡ᠂ ᠰᠠᠶᠢᠬᠤᠰᠤ ᠨᠢᠰᠭᠡᠯ ᠤᠨ ᠪᠠᠭᠤᠳᠠᠯ  ᠠᠭᠠᠷ ᠠᠶᠠᠯᠠᠯ ᠤᠨ ᠺᠤᠮᠫᠠᠨᠢ ᠲᠠᠢ ᠬᠤᠯᠪᠤᠭᠠᠯᠠᠨ ᠦᠪᠡᠷᠮᠢᠴᠨ ᠦᠢᠯᠡᠴᠢᠯᠡᠭᠡ ᠶᠢᠨ ᠬᠡᠯᠪᠡᠷᠢ ᠭᠠᠷᠭᠠᠵᠦ ᠠᠶᠠᠨᠴᠢᠳ ᠲᠤ ᠳᠦᠭᠦᠮ ᠬᠠᠩᠭᠠᠵᠦ ᠪᠠᠶᠢᠨ᠎ᠠ᠃    ᠲᠠᠶᠢᠯᠤᠮᠵᠢ᠄  ᠤᠯᠠᠨ ᠲᠦᠷᠦᠯ ᠤᠨ ᠲᠡᠭᠡᠭᠡᠪᠦᠷᠢ ᠶᠢᠨ ᠬᠡᠯᠪᠡᠷᠢ  ᠳᠤ ᠠᠭᠠᠷ ᠠᠶᠠᠯᠠᠯ ᠤᠨ ᠲᠡᠭᠡᠭᠡᠪᠦᠷᠢ ᠨᠢ ︽ ᠲᠦᠷᠭᠡᠨ᠂   ᠠᠮᠤᠷ ᠲᠦᠪᠰᠢᠨ᠂  ᠲᠤᠬᠢᠯᠢᠭ︾ ᠵᠡᠷᠭᠡ ᠳᠠᠪᠠᠭᠤᠯᠢᠭ ᠲᠠᠢ ᠪᠠᠷ ᠢᠶᠠᠨ ᠠᠶᠠᠨᠴᠢᠳ ᠤᠨ ᠬᠦᠷᠢᠶᠠᠯᠡᠯ ᠢ ᠣᠯᠳᠠᠭ᠃  ᠬᠡᠪᠡᠴᠦ ᠭᠠᠯᠲᠦ ᠲᠡᠷᠭᠡ᠂  ᠮᠠᠰᠢᠨ ᠲᠡᠷᠭᠡ ᠲᠠᠢ ᠬᠠᠷᠢᠴᠠᠭᠤᠯᠪᠠᠯ  ᠡᠭᠡᠯᠵᠢ ᠶᠢᠨ  ᠨᠢᠰᠭᠡᠯ ᠤᠨ ᠪᠢᠯᠧᠲ ᠶᠢᠨ ᠦᠨ᠎ᠡ ᠲᠤᠭᠲᠠᠪᠤᠷᠢ ᠦᠭᠡᠢ ᠠᠴᠠ ᠠᠶᠠᠨᠴᠢᠳ ᠤᠨ ᠶᠠᠪᠤᠵᠦ ᠰᠠᠭᠤᠬᠤ ᠳᠤ ᠬᠠᠷᠰᠢ ᠤᠴᠠᠷᠠᠭᠤᠯᠳᠠᠭ᠃  ᠡᠨᠡᠬᠦ ᠪᠤᠳᠠᠳᠦ ᠪᠠᠶᠢᠳᠠᠯ ᠳᠤ ᠴᠢᠭᠯᠡᠭᠦᠯᠦᠨ᠂  ᠬᠤᠳᠠ ᠶᠢᠨ ᠨᠠᠮ ᠤᠨ ᠬᠤᠷᠢᠶ᠎ᠡ᠂  ᠵᠠᠰᠠᠭ ᠤᠨ ᠤᠷᠳᠤᠨ ᠤ ᠳᠠᠮᠵᠢᠯᠭᠡ ᠲᠤᠤᠷ᠎ᠠ᠂  ᠰᠠᠶᠢᠬᠤᠰᠤ ᠨᠢᠰᠭᠡᠯ ᠤᠨ ᠪᠠᠭᠤᠳᠠᠯ ᠠᠭᠠᠷ ᠠᠶᠠᠯᠠᠯ ᠤᠨ ᠺᠤᠮᠫᠠᠨᠢ ᠲᠠᠢ ᠬᠠᠷᠢᠯᠴᠠᠨ᠂  ᠶᠡᠭᠡ ᠬᠡᠮᠵᠢᠶᠠᠨ ᠤ ᠲᠤᠭ᠎ᠠ ᠪᠠᠷᠢᠮᠲᠠ ᠶᠢ ᠬᠡᠮᠵᠢᠨ ᠪᠣᠳᠤᠬᠤ ᠪᠠᠷ ᠳᠠᠮᠵᠢᠭᠤᠯᠵᠦ᠂  ᠡᠴᠦᠰ ᠲᠡᠭᠡᠨ  ᠬᠥᠬᠡᠬᠤᠳᠠ ᠡᠷᠢᠶᠠᠨ ᠤ ᠬᠤᠭᠤᠷᠤᠨᠳᠥ ᠲᠤᠭᠲᠠᠮᠠᠯ ᠦᠨ᠎ᠡ ᠲᠠᠢ   ᠡᠭᠡᠯᠵᠢ ᠶᠢᠨ ᠨᠢᠰᠭᠡᠯ ᠭᠠᠷᠭᠠᠵᠠᠢ᠃   ᠵᠢᠷᠤᠠᠠᠲᠦ ᠮᠡᠳᠡᠭᠡ᠄ 7  ᠰᠠᠷ᠎ᠠ ᠶᠢᠨ 1 ᠤ ᠡᠳᠤᠷ ᠠᠴᠠ ᠡᠬᠢᠯᠡᠨ᠂  ᠠᠶᠠᠨᠴᠢᠳ ᠬᠥᠬᠡᠬᠤᠳᠠ ᠠᠴᠠ ᠡᠷᠢᠶᠠᠨ ᠬᠤᠳᠠ ᠬᠦᠷᠬᠦ ᠳᠤ 8᠄30 ᠮᠢᠨᠦ᠋ᠲ ᠶᠢᠨ  ᠡᠭᠡᠯᠵᠢ ᠶᠢᠨ ᠨᠢᠰᠭᠡᠯ ᠳᠤ  ᠰᠠᠭᠤᠪᠠᠯ᠂  ᠲᠤᠭᠲᠠᠭᠰᠠᠨ ᠪᠢᠯᠧᠲ ᠤᠨ ᠦᠨ᠎ᠡ 150 ᠲᠦᠭᠦᠷᠢᠭ᠂  ᠡᠷᠢᠶᠠᠨ ᠬᠤᠳᠠ- ᠬᠥᠬᠡᠬᠤᠳᠠ ᠬᠦᠷᠬᠦ  ᠳᠤ  10᠄ 05  ᠮᠢᠨᠦ᠋ᠲ ᠶᠢᠨ ᠡᠭᠡᠯᠵᠢ  ᠶᠢᠨ ᠨᠢᠰᠭᠡᠯ ᠳᠤ ᠰᠠᠭᠤᠪᠠᠯ ᠲᠤᠭᠲᠠᠭᠰᠠᠨ ᠪᠢᠯᠧᠲ ᠦᠨ᠎ᠡ 200 ᠲᠦᠭᠦᠷᠢᠭ ᠪᠤᠯᠤᠨ᠎ᠠ᠃  ᠪᠢᠯᠧᠲ ᠠᠪᠬᠤ ᠬᠦᠮᠦᠨ ᠤ ᠲᠤᠭ᠎ᠠ ᠶᠢ ᠬᠢᠵᠠᠭᠠᠷᠯᠠᠬᠤ ᠦᠭᠡᠢ᠂  ᠴᠠᠭ ᠤᠨ ᠬᠢᠵᠠᠭᠠᠷ ᠦᠭᠡᠢ  ᠃   ᠰᠤᠷᠪᠤᠯᠵᠢᠯᠠᠭ᠎ᠠ᠄  ᠰᠠᠶᠢᠬᠤᠰᠤ ᠨᠢᠰᠭᠡᠯ ᠤᠨ ᠪᠠᠭᠤᠳᠠᠯ ᠤᠨ ᠵᠠᠬ᠎ᠠ ᠳᠡᠯᠭᠡᠭᠦᠷ ᠤᠨ ᠡᠵᠡᠩᠨᠡᠨ ᠪᠤᠷᠤᠯᠠᠭᠤᠯᠬᠤ ᠲᠥᠪ ᠤᠨ ᠠᠵᠢᠯᠲᠠᠨ -  ᠯᠢ ᠪᠢᠩ  ᠄  ᠪᠤᠳᠠᠳᠠᠢ ᠠᠴᠠ ᠡᠭᠦᠰᠴᠦ᠂  ᠠᠶᠠᠨᠴᠢᠳ ᠤᠨ ᠵᠠᠮ ᠬᠠᠷᠢᠯᠴᠠᠭᠠᠨ ᠤ ᠦᠷᠲᠡᠭ ᠢ ᠪᠠᠭᠠᠰᠬᠠᠵᠦ᠂  ᠭᠠᠵᠠᠷ ᠤᠷᠤᠨ ᠤ ᠠᠷᠠᠳ ᠤᠯᠠᠨ ᠤ ᠶᠠᠪᠤᠵᠦ ᠰᠠᠭᠤᠬᠤ ᠳᠤ ᠳᠦᠭᠦᠮ ᠬᠠᠩᠭᠠᠵᠠᠢ᠃   ᠤᠶᠢᠯᠭᠠᠯᠲᠠ ᠪᠠᠷ᠂  ᠲᠤᠭᠲᠠᠮᠠᠯ ᠦᠨ᠎ᠡ ᠲᠠᠢ ᠡᠭᠡᠯᠵᠢ ᠶᠢᠨ ᠨᠢᠰᠭᠡᠯ ᠤᠨ ᠪᠢᠯᠧᠲ ᠶᠢᠨ ᠦᠨ᠎ᠡ ᠶᠢᠨ ᠲᠥᠷᠦ  ᠶᠢᠨ ᠪᠣᠳᠤᠯᠭ᠎ᠠ ᠶᠢ 8  ᠰᠠᠷ᠎ᠠ ᠶᠢᠨ ᠡᠴᠦᠰ ᠪᠤᠯᠲᠠᠯ᠎ᠠ ᠦᠷᠭᠦᠯᠵᠢᠯᠡᠭᠦᠯᠵᠦ᠂  ᠰᠠᠶᠢᠬᠤᠰᠤ ᠨᠢᠰᠭᠡᠯ ᠤᠨ ᠪᠠᠭᠤᠳᠠᠯ ᠪᠠᠰᠠ ᠪᠤᠳᠠᠳᠦ ᠪᠠᠶᠢᠳᠠᠯ ᠢ ᠦᠨᠳᠤᠰᠤᠯᠠᠨ ᠵᠤᠬᠢᠴᠠᠩᠭᠤᠢ ᠲᠤᠬᠢᠷᠠᠭᠤᠯᠤᠯᠲᠠ ᠬᠢᠬᠦ ᠪᠤᠶᠤ ᠲᠥᠷᠦ ᠶᠢᠨ ᠪᠣᠳᠤᠯᠭ᠎ᠠ ᠶᠢ ᠦᠷᠭᠦᠯᠵᠢᠯᠡᠬᠦᠯᠬᠦ ᠪᠤᠯᠤᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号