ᠮᠧᠩ ᠱᠠᠩ ᠪᠠᠩᠬᠢ ᠶᠢᠨ ︽  ᠬᠠᠶᠢᠷ᠎ᠠ ᠬᠠᠯᠠᠮᠵᠢ ᠶᠢᠨ ᠭᠠᠷᠠᠮ︾  ᠵᠦᠪ ᠡᠨᠧᠷᠬᠢ ᠳᠠᠮᠵᠢᠭᠤᠯᠤᠭᠰᠠᠨ
ᠨᠡᠶᠢᠲᠡᠯᠡᠭᠰᠡᠨ ᠴᠠᠭ᠄
2021/7/7
ᠤᠷᠴᠢᠭᠤᠯᠤᠭᠴᠢ᠄  ᠤᠷᠢᠬᠠᠨᠭᠠᠷᠴᠠᠭ  ᠄ ᠮᠧᠩ ᠱᠠᠩ ᠪᠠᠩᠬᠢ ᠶᠢᠨ ︽ ᠬᠠᠶᠢᠷ᠎ᠠ ᠬᠠᠯᠠᠮᠵᠢ ᠶᠢᠨ ᠭᠠᠷᠠᠮ︾  ᠵᠦᠪ ᠡᠨᠧᠷᠬᠢ ᠳᠠᠮᠵᠢᠭᠤᠯᠤᠭᠰᠠᠨ                                                  ᠤᠳᠤᠷᠢᠳᠤᠮᠵᠢ᠄ ᠭᠠᠳᠠᠨ᠎ᠠ ᠠᠵᠢᠯᠯᠠᠵᠦ ᠪᠠᠶᠢᠭ᠎ᠠ ᠬᠦᠮᠦᠰ ᠲᠤ ᠶᠠᠳᠠᠷᠠᠪᠠᠯ ᠠᠮᠠᠷᠠᠵᠦ᠂   ᠭᠠᠷ ᠤᠳᠠᠰᠤ ᠪᠠᠨ   ᠴᠡᠨᠡᠭᠡᠯᠡᠵᠦ ᠪᠤᠯᠬᠤ᠂  ᠬᠤᠭᠤᠯᠡ ᠤᠮᠳᠠ ᠪᠠᠨ ᠬᠠᠯᠠᠭᠠᠵᠦ  ᠪᠤᠯᠳᠠᠭ ᠭᠠᠵᠠᠷ  ᠬᠠᠩᠭᠠᠭᠰᠠᠨ ᠮᠧᠩ ᠱᠠᠩ ᠪᠠᠩᠬᠢ  ᠶᠢᠨ ᠡᠷᠢᠶᠠᠨ ᠬᠤᠳᠠ ᠶᠢᠨ ᠬᠤᠪᠢᠶᠠᠷᠢ ᠪᠠᠩᠬᠢ  ᠶᠢᠨ  ︽ ᠬᠠᠶᠢᠷ᠎ᠠ ᠬᠠᠯᠠᠮᠵᠢ ᠶᠢᠨ ᠭᠠᠷᠠᠮ︾  ᠤᠯᠠᠨ ᠤ ᠬᠦᠷᠢᠶᠡᠯᠡᠯ ᠢ ᠤᠯᠵᠠᠢ᠃   ᠡᠨᠡᠬᠦ  ︽ᠬᠠᠶᠢᠷ᠎ᠠ ᠬᠠᠯᠠᠮᠵᠢ ᠶᠢᠨ ᠭᠠᠷᠠᠮ︾  6  ᠰᠠᠷ᠎ᠠ  ᠳᠤ ᠠᠰᠢᠭᠯᠠᠯᠲᠠ ᠳᠤ ᠤᠷᠤᠵᠦ᠂  ᠮᠧᠩ ᠱᠠᠩ ᠪᠠᠩᠬᠢ ᠶᠢᠨ ︽ ᠬᠠᠶᠢᠷ᠎ᠠ ᠬᠠᠯᠠᠮᠵᠢ ᠶᠢᠨ ᠭᠠᠷᠠᠮ︾  ᠨᠡᠶᠢᠲᠡ ᠶᠢᠨ ᠦᠢᠯᠡᠴᠢᠯᠡᠭᠡᠨ ᠤ  ᠲᠦᠷᠦᠯ ᠵᠦᠢᠯ ᠪᠦᠬᠦ ᠤᠷᠤᠨ ᠤ ᠡᠯ᠎ᠡ  ᠠᠶᠢᠮᠠᠭ ᠬᠤᠳᠠ ᠳᠤ ᠵᠡᠷᠭᠡᠪᠡᠷ ᠠᠰᠢᠭᠯᠠᠯᠲᠠ ᠳᠤ ᠤᠷᠤᠵᠠᠢ᠃     ᠲᠠᠶᠢᠯᠤᠮᠵᠢ᠄  ᠶᠤᠰᠤᠯᠠᠯ ᠳᠤ᠂  ᠬᠤᠳᠠ ᠶᠢᠨ ᠮᠦᠩᠭᠦᠨ ᠭᠦᠢᠯᠭᠡᠭᠡᠨ ᠤ ᠠᠯᠪᠠᠨ ᠭᠡᠷ᠂ ᠮᠧᠩ ᠱᠠᠩ ᠪᠠᠩᠬᠢ  ᠶᠢᠨ ᠡᠷᠢᠶᠠᠨ ᠬᠤᠳᠠ ᠶᠢᠨ ᠬᠤᠪᠢᠶᠠᠷᠢ ᠪᠠᠩᠬᠢ ᠶᠢᠨ ᠬᠠᠷᠢᠭᠤᠴᠠᠯᠭᠠᠲᠠᠨ ᠲᠣᠰ ᠲᠣᠰ ᠶᠠᠷᠢᠶ᠎ᠠ ᠲᠠᠯᠪᠢᠨ  ᠂  ︽ ᠬᠠᠶᠢᠷ᠎ᠠ ᠬᠠᠯᠠᠮᠵᠢ ᠶᠢᠨ ᠭᠠᠷᠠᠮ︾ ᠢ ᠭᠠᠷᠭᠠᠭᠰᠠᠨ  ᠪᠣᠯ ᠮᠠᠨ ᠤ ᠬᠤᠳᠠ ᠶᠢᠨ  ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠦᠢᠯᠡᠴᠢᠯᠡᠭᠡᠨ  ᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠤᠳᠬ᠎ᠠ ᠠᠭᠤᠯᠭ᠎ᠠ ᠲᠠᠢ  ᠪᠠᠶᠢᠵᠦ᠂ ᠮᠧᠩ ᠱᠠᠩ ᠪᠠᠩᠬᠢ ᠶᠢᠨ ᠡᠷᠢᠶᠠᠨ ᠬᠤᠳᠠ ᠶᠢᠨ ᠬᠤᠪᠢᠶᠠᠷᠢ ᠪᠠᠩᠬᠢ ᠶᠢᠨ ᠲᠡᠤᠬᠡ ᠰᠤᠷᠴᠤ  ᠦᠢᠯᠡᠰ ᠪᠦᠲᠦᠭᠡᠬᠦ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢᠨ ᠪᠣᠳᠠᠲᠠᠶ ᠢᠯᠡᠷᠡᠯ ᠮᠥᠨ᠂ ᠮᠥᠩᠭᠦᠨ ᠭᠦᠢᠯᠭᠡᠭᠡ ᠠᠴᠠ ᠣᠷᠣᠨ ᠨᠤᠲᠤᠭ ᠤᠨ ᠠᠷᠠᠳ ᠤᠯᠠᠨ ᠪᠠ ᠠᠵᠤ ᠠᠬᠤᠶ ᠳᠤ  ᠦᠢᠯᠡᠴᠢᠯᠡᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ ᠭᠡᠵᠦ ᠢᠯᠡᠳᠭᠡᠯ᠎ᠡ᠃    ᠲᠦᠷᠭᠡᠨ ᠬᠦᠷᠭᠡᠭᠴᠢ ᠵᠣᠣ ᠰᠢᠤᠢ ᠡᠳᠦᠷ ᠲᠤ 12 ᠴᠠᠭ ᠭᠠᠳᠠᠨ᠎ᠠ ᠠᠵᠢᠯᠯᠠᠵᠦ᠂ ᠠᠮᠠᠷᠠᠬᠤ᠂ ᠬᠤᠭᠤᠯᠠ ᠢᠳᠡᠬᠦ ᠴᠠᠭ ᠪᠠ ᠲᠠᠯᠠᠪᠤᠷ ᠨᠢ ᠪᠦᠷ ᠮᠠᠰᠢ ᠬᠢᠵᠠᠭᠠᠷ ᠲᠠᠢ ᠪᠠᠶᠢᠳᠠᠭ᠃ ᠲᠡᠷᠡ ᠰᠤᠷᠪᠤᠯᠵᠢᠯᠠᠭᠴᠢ ᠳᠤ  ᠂ ︽ᠬᠠᠶᠢᠷ᠎ᠠ ᠬᠠᠯᠠᠮᠵᠢ   ᠶᠢᠨ ᠭᠠᠷᠠᠮ︾ ᠪᠣᠯ ᠮᠧᠩ ᠱᠠᠩ ᠪᠠᠩᠬᠢ ᠶᠢᠨ ᠡᠷᠢᠶᠠᠨ ᠬᠤᠳᠠ ᠶᠢᠨ ᠬᠤᠪᠢᠶᠠᠷᠢ ᠪᠠᠩᠬᠢ ᠶᠢᠨ ᠭᠠᠳᠠᠨ᠎ᠠ ᠠᠵᠢᠯᠯᠠᠭᠰᠠᠳ ᠲᠤ ᠬᠢᠭᠰᠡᠨ ᠪᠤᠳᠠᠳᠦ ᠠᠵᠢᠯ ᠪᠤᠯᠤᠨ᠎ᠠ ᠭᠡᠯ᠎ᠡ᠃   ᠰᠤᠷᠪᠤᠯᠵᠢᠯᠠᠭ᠎ᠠ᠄  ᠲᠦᠷᠭᠡᠨ ᠬᠦᠷᠭᠡᠭᠴᠢ ᠵᠤᠤ ᠰᠢᠤᠢ - ᠮᠧᠩ ᠱᠠᠩ ᠪᠠᠩᠬᠢ ᠶᠢᠨ ᠡᠷᠢᠶᠠᠨ ᠬᠤᠳᠠ ᠶᠢᠨ ᠬᠤᠪᠢᠶᠠᠷᠢ ᠪᠠᠩᠬᠢ ᠶᠢᠨ ᠭᠠᠷᠭᠠᠭᠰᠠᠨ ︽ᠬᠠᠶᠢᠷ᠎ᠠ ᠬᠠᠯᠠᠮᠵᠢ   ᠶᠢᠨ ᠭᠠᠷᠠᠮ︾  ᠪᠢᠳᠡᠨᠠᠷ ᠲᠤ ᠮᠠᠰᠢ ᠳᠦᠭᠦᠮ  ᠨᠦᠭᠦᠴᠡᠯ ᠬᠠᠩᠭᠠᠵᠠᠢ᠃  ᠪᠦᠭᠴᠢᠮ᠎ᠡ ᠬᠠᠯᠠᠭᠤᠨ ᠳᠤ ᠪᠢᠳᠡ ᠠᠳᠡ ᠢᠷᠡᠵᠦ ᠠᠮᠠᠷᠠᠨ ᠤᠰᠤ ᠤᠤᠭᠤᠵᠦ᠂  ᠭᠠᠷ ᠤᠳᠠᠰᠤ ᠪᠠᠨ ᠴᠡᠨᠡᠭᠯᠡᠵᠦ ᠪᠤᠯᠤᠨ᠎ᠠ᠃  ᠡᠪᠤᠯ ᠤᠨ ᠭᠦᠢᠳᠡᠨ ᠳᠤ ᠴᠦ ᠠᠳᠡ ᠢᠷᠡᠵᠦ ᠬᠠᠯᠠᠭᠤᠨ ᠤᠰᠤ ᠤᠤᠭᠤᠵᠤ᠂  ᠬᠤᠭᠤᠯᠡ ᠪᠠᠨ ᠬᠠᠯᠠᠭᠠᠨ ᠢᠳᠡᠵᠦ ᠳᠡᠶᠢᠯᠦᠨ᠎ᠡ᠃   ᠤᠶᠢᠯᠭᠠᠯᠲᠡ ᠪᠠᠷ᠂ ᠮᠧᠩ ᠱᠠᠩ ᠪᠠᠩᠬᠢ ᠶᠢᠨ ᠡᠷᠢᠶᠠᠨ ᠬᠤᠳᠠ ᠶᠢᠨ ᠬᠤᠪᠢᠶᠠᠷᠢ ᠪᠠᠩᠬᠢ ᠪᠠᠶᠢᠭᠤᠯᠤᠭᠳᠠᠭᠰᠠᠨ ᠠᠴᠠ ᠨᠠᠭᠠᠰᠢ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ  ᠦᠢᠯᠡᠳᠦᠯᠭᠡᠵᠢᠭᠦᠯᠵᠦ᠂ ᠨᠡᠶᠢᠭᠡᠮ ᠤᠨ ᠬᠠᠷᠢᠭᠤᠴᠠᠯᠭ᠎ᠠ  ᠪᠠᠨ ᠢᠳᠡᠪᠬᠢᠲᠡᠶ  ᠭᠦᠢᠴᠡᠳᠭᠡᠵᠦ᠂ ᠣᠯᠠᠨ ᠲᠦᠮᠡᠨ ᠳᠤ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ   ᠨᠢ ᠰᠢᠢᠳᠪᠦᠷᠢᠯᠡᠵᠦ ᠥᠭᠴᠦ ᠪᠠᠶᠢᠨ᠎ᠠ᠃  ᠣᠳᠣ ᠪᠣᠯᠲᠠᠯ᠎ᠠ᠂ ᠲᠤᠰ ᠪᠠᠩᠬᠢ ᠶᠢᠨ ︽ᠬᠠᠶᠢᠷ᠎ᠠ ᠬᠠᠯᠠᠮᠵᠢ ᠶᠢᠨ ᠭᠠᠷᠠᠮ︾  ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠲᠥᠬᠦᠭᠡᠷᠦᠮᠵᠢ ᠶᠢ ᠳᠣᠭᠢᠷᠠᠭᠤᠯᠤᠨ ᠲᠡᠭᠦᠯᠳᠡᠷᠵᠢᠭᠦᠯᠵᠦ᠂ ᠣᠷᠴᠢᠨ ᠲᠣᠭᠤᠷᠢᠨ ᠢ ᠴᠡᠪᠡᠷᠯᠡᠭᠴᠢ᠂ ᠵᠠᠮ ᠬᠠᠷᠢᠯᠴᠠᠭᠠᠨ ᠤ ᠴᠠᠭᠳᠠᠭ᠎ᠠ᠂ ᠲᠦᠷᠭᠡᠨ ᠬᠦᠷᠭᠡᠭᠴᠢ ᠵᠢᠴᠢ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠵᠡᠷᠭᠡ ᠭᠠᠳᠠᠨ᠎ᠠ ᠠᠵᠢᠯᠯᠠᠭᠰᠠᠳ ᠲᠤ ᠵᠣᠷᠯᠣᠩ᠂  ᠠᠮᠠᠷᠠᠬᠤ ᠭᠠᠵᠠᠷ᠂ ᠤᠰᠤ  ᠤᠤᠭᠤᠬᠤ ᠭᠠᠵᠠᠷ᠂ WIFI  ᠬᠠᠩᠭᠠᠬᠤ ᠵᠡᠷᠭᠡ ᠲᠥᠬᠦᠮ ᠦᠢᠯᠡᠴᠢᠯᠡᠭᠡ  ᠬᠠᠩᠭᠠᠵᠠᠢ᠃    
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号