ᠯᠦ ᠪᠦᠦ ᠳ᠋ᠦᠩ ᠳᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ ᠡᠯᠴᠢᠨ ᠰᠠᠶᠢᠳ ᠲ᠊ ·  ᠪᠠᠳᠠᠷᠠᠯ ᠲᠠᠢ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2021/7/9
      7 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠳᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ ᠡᠯᠴᠢᠨ ᠰᠠᠶᠢᠳ ᠲ᠊ · ᠪᠠᠳᠠᠷᠠᠯ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠤᠶ ᠪᠠᠶᠢᠳᠠᠯ ᠳᠣᠤᠷ᠎ᠠ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭᠠᠨ ᠤ ᠲᠡᠭᠡᠭᠡᠪᠦᠷᠢ ᠶᠢ ᠴᠢᠩᠭᠠᠳᠬᠠᠬᠤ ᠵᠡᠷᠭᠡ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠤ᠂ ᠬᠠᠮᠲᠤ ᠪᠠᠷ ᠠᠩᠬᠠᠷᠴᠤ ᠪᠠᠶᠢᠭ᠎ᠠ ᠪᠤᠰᠤᠳ ᠠᠰᠠᠭᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ ᠹᠦ᠋ ᠶᠦᠩ ᠴᠦᠨ᠂  ᠬᠤᠲᠠ ᠵᠢᠨ‌‍ᠲ᠋ᠡᠳ᠋ ᠳᠠᠷᠤᠭ᠎ᠠ  ᠴᠣᠭᠵᠢᠯ᠂ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠢᠶᠡᠨ ᠪᠣᠭᠤᠮᠲᠠ᠂ ᠲᠡᠮᠦᠷ ᠵᠠᠮ ᠤᠨ ᠲᠡᠷᠭᠡᠨ ᠥᠷᠲᠡᠭᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
       ᠠᠭᠤᠯᠵᠠᠯᠲᠠ ᠶᠢᠨ ᠲᠤᠬᠠᠶ ᠶᠢᠨ ᠲᠠᠯᠠᠪᠠᠢ        ᠯᠦ ᠪᠦᠦ ᠳ᠋ᠦᠩ᠂ ᠳᠤᠮᠳᠠᠳᠤ ᠮᠣᠩᠭᠤᠯ ᠬᠤᠶᠠᠷ ᠤᠯᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠮᠥᠨ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠭᠰᠠᠭᠠᠷ ᠢᠷᠡᠪᠡ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠪᠰᠤᠷᠤᠯᠴᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠰᠡᠭ ᠬᠠᠶᠢᠷ᠎ᠠ ᠰᠡᠳᠬᠢᠯᠭᠡ ᠲᠠᠰᠤᠷᠠᠯᠳᠡ ᠦᠭᠡᠢ ᠳᠡᠭᠡᠭᠰᠢᠯᠡᠵᠡᠢ᠃ ᠬᠢᠵᠢᠭ ᠤᠨ ᠪᠠᠶᠢᠳᠠᠯ ᠢ ᠬᠠᠮᠲᠤᠪᠠᠷ ᠡᠰᠡᠷᠭᠦᠴᠡᠬᠦ ᠶᠢᠨ ᠳᠣᠯᠠᠳᠠ᠂ ᠡᠷᠢᠶᠡᠨ ᠬᠤᠲᠠ ᠪᠣᠯᠤᠨ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠰᠢᠨ᠎ᠡ  ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢ ᠪᠠᠶᠢᠭᠤᠯᠵᠤ᠂ ᠨᠢᠭᠲᠠ ᠬᠠᠮᠵᠢᠯᠴᠠᠨ᠂  ᠬᠠᠮᠳᠦ ᠪᠠᠷ ᠪᠠᠶᠢᠯᠳᠤᠵᠤ᠂ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠠᠵᠢᠯ ᠮᠠᠰᠢ ᠰᠠᠶᠢᠨ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠬᠤᠶᠠᠷ ᠲᠠᠯ᠎ᠠ ᠪᠠᠷ ᠢᠶᠠᠨ ᠪᠣᠭᠤᠮᠲᠠ ᠶᠢᠨ ᠠᠷᠠᠯᠵᠢᠶᠠᠨ ᠤ ᠶᠠᠪᠤᠯᠴᠠᠭ᠎ᠠ ᠳᠤ ᠬᠠᠮᠵᠢᠯᠴᠠᠨ ᠦᠢᠯᠡᠴᠢᠯᠡᠵᠦ᠂ ᠬᠦᠨᠳᠦ ᠨᠣᠴᠢᠲᠠᠢ ᠬᠢᠵᠢᠭ ᠤᠨ ᠪᠠᠶᠢᠳᠠᠯ ᠳᠣᠣᠷ᠎ᠠ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ  ᠬᠡᠪ ᠤᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃        ᠣᠳᠣᠬᠠᠨ ᠳᠤ᠂ ᠬᠤᠶᠠᠷ ᠲᠠᠯ᠎ᠠ ᠶᠢᠨ ᠬᠢᠯᠢ ᠶᠢᠨ ᠪᠣᠭᠤᠮᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠲᠡᠭᠡᠭᠡᠪᠦᠷᠢᠯᠡᠬᠦ ᠲᠠᠯ᠎ᠠ ᠪᠠᠷ ᠬᠦᠨᠳᠦ ᠨᠣᠴᠢᠲᠠᠢ ᠥᠷᠢᠰᠥᠯᠳᠦᠭᠡᠨ ᠳᠤ ᠬᠢᠵᠢᠭ ᠤᠨ ᠪᠠᠶᠢᠳᠠᠯ ᠤᠨ ᠬᠢᠯᠢ ᠠᠯᠤᠰᠯᠠᠨ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ ᠤᠷᠢᠲᠠᠯ ᠳᠣᠣᠷ᠎ᠠ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ  ᠬᠡᠮᠵᠢᠶ᠎ᠡ ᠶᠢ ᠳᠡᠭᠡᠭᠰᠢᠯᠡᠭᠦᠯᠬᠦ ᠪᠣᠯ ᠬᠤᠶᠠᠷ ᠲᠠᠯ᠎ᠠ ᠶᠢᠨ ᠬᠠᠮᠲᠤ ᠶᠢᠨ ᠬᠦᠰᠡᠯ ᠡᠷᠡᠮᠡᠯᠵᠡᠯ ᠪᠣᠯᠤᠨ᠎ᠠ᠃ ᠮᠣᠩᠭᠤᠯ ᠤᠨ ᠲᠠᠯ᠎ᠠ ᠶᠢᠨ ᠳᠤᠷᠠᠳᠤᠭᠰᠠᠨ ᠬᠠᠮᠢᠶ᠎ᠠ ᠪᠥᠬᠦᠶ ᠰᠠᠨᠠᠯ ᠢ ᠮᠠᠨ ᠤ ᠲᠠᠯ᠎ᠠ ᠶᠢᠨ ᠬᠢᠨ ᠢᠳᠡᠪᠬᠢᠲᠡᠶ ᠪᠠᠷ ᠰᠤᠳᠤᠯᠤᠨ  ᠰᠢᠢᠳᠪᠣᠷᠢᠯᠡᠵᠦ᠂ ᠡᠯ᠎ᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃        ᠲ᠊ · ᠪᠠᠳᠠᠷᠠᠯ ᠡᠩ ᠲᠡᠷᠢᠭᠦᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠪᠠᠶᠠᠷ ᠬᠦᠷᠭᠡᠪᠡ᠃ ᠲᠡᠷᠡ᠂ ᠡᠷᠢᠶᠡᠨ ᠬᠤᠳᠠ ᠪᠣᠯᠤᠨ ᠵᠠᠮ ᠤᠨ ᠡᠭᠦᠳᠡ ᠪᠣᠭᠤᠮᠲᠠ ᠪᠣᠯ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭᠠᠨ ᠤ ᠴᠢᠬᠤᠯᠠ ᠴᠤᠩᠬᠤᠪᠴᠢ ᠪᠠ ᠲᠠᠪᠴᠠᠩ ᠪᠣᠯᠤᠨ᠎ᠠ᠂ ᠠᠷᠠᠯᠵᠢᠶ᠎ᠠ ᠬᠤᠳᠠᠯᠳᠤᠭᠠᠨ ᠤ ᠶᠠᠪᠤᠯᠴᠠᠭ᠎ᠠ ᠨᠢ ᠬᠤᠶᠠᠷ ᠤᠯᠤᠰ ᠤᠨ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠬᠤᠶᠠᠷ ᠲᠠᠯ᠎ᠠ ᠪᠠᠷ ᠢᠶᠠᠨ ᠨᠥᠬᠦᠷᠰᠡᠭ ᠢᠶᠠᠷ ᠵᠥᠪᠳᠡᠯᠴᠡᠭᠰᠡᠨ ᠰᠠᠭᠤᠷᠢᠨ ᠳᠡᠭᠡᠷ᠎ᠡ᠂ ᠦᠷᠭᠦᠯᠵᠢᠯᠡᠨ ᠡᠯ᠎ᠡ ᠲᠠᠯ᠎ᠠ ᠶᠢᠨ ᠨᠢᠭᠲᠠ ᠤᠯᠤᠯᠴᠠᠭ᠎ᠠ ᠬᠠᠮᠲᠤᠷᠠᠯᠴᠠᠭ᠎ᠠ ᠪᠠᠨ ᠪᠠᠲᠤᠯᠠᠵᠤ᠂ ᠬᠤᠶᠠᠷ ᠲᠠᠯ᠎ᠠ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠨᠠᠭᠰᠢᠳᠠ ᠴᠢᠩᠭᠠᠳᠬᠠᠵᠤ᠂ ᠬᠤᠶᠠᠷ ᠲᠠᠯ᠎ᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠨ ᠨᠡᠪᠲᠡᠷᠡᠯᠴᠡᠬᠦ ᠶᠠᠰᠤ ᠴᠢᠨᠠᠷ ᠢ ᠬᠠᠮᠲᠤᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃        ᠠᠭᠤᠯᠵᠠᠯᠲᠠ ᠳᠤ᠂ ᠹᠦ᠋ ᠶᠦᠩ ᠴᠦᠨ ᠬᠤᠶᠠᠷ ᠲᠠᠯ᠎ᠠ ᠪᠠᠷ ᠢᠶᠠᠨ ᠬᠠᠮᠲᠤᠪᠠᠷ ᠠᠩᠬᠠᠷᠴᠤ ᠪᠠᠶᠢᠭ᠎ᠠ ᠪᠤᠰᠤᠳ ᠠᠰᠠᠭᠤᠳᠠᠯ ᠤᠨ ᠲᠤᠬᠠᠢ ᠮᠣᠩᠭᠤᠯ ᠤᠨ ᠲᠠᠯ᠎ᠠ ᠶᠢᠨ ᠬᠢᠨ ᠲᠠᠢ ᠰᠠᠨᠠᠯ ᠢᠶᠠᠨ ᠰᠣᠯᠢᠯᠴᠠᠪᠠ᠃
     ᠬᠠᠮᠲᠤ ᠶᠢᠨ ᠰᠡᠭᠦᠳᠡᠷ  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号