| | ᠬᠤᠲᠠ ᠶᠢᠨ ᠤᠰᠤ ᠬᠠᠩᠭᠠᠬᠤ ᠰᠢᠰᠲ᠋ᠧᠮ ᠤᠨ ᠤᠶᠤᠨᠴᠢᠯᠠᠯᠲᠠ᠂ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠲᠠᠰᠤᠷᠠᠯᠲᠠ ᠥᠬᠡᠶ ᠠᠭᠢᠬᠤ ᠶᠢ ᠳᠠᠭᠠᠯᠳᠤᠨ᠂ ᠤᠶᠤᠨᠲᠤ ᠤᠰᠤᠨ ᠤ ᠬᠡᠮᠵᠢᠭᠦᠷ ᠲᠦᠭ ᠲᠦᠮᠡᠨ | ᠠᠶᠢᠯ ᠡᠷᠦᠬᠡ ᠳᠤ ᠣᠷᠣᠵᠤ ᠡᠬᠢᠯᠡᠪᠡ᠃ ᠡᠨᠡ ᠵᠢᠯ ᠠᠴᠠ ᠨᠠᠰᠢ᠂ ᠬᠤᠲᠠ ᠶᠢᠨ ᠲᠦᠭᠡᠭᠡᠯ ᠤᠰᠤᠨ ᠤ ᠺᠣᠮᠫᠠᠨᠢ | ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠰᠤᠷᠤᠯᠴᠠᠯᠭ᠎ᠠ ᠪᠠᠷ ᠠᠵᠢᠯᠯᠠᠬᠤ ᠶᠢ | ᠠᠬᠢᠭᠤᠯᠵᠤ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠬᠤᠲᠠ ᠶᠢᠨ IC ᠺᠠᠷᠲ ᠤᠨ ᠤᠰᠤᠨ ᠤ ᠬᠡᠮᠵᠢᠭᠦᠷ ᠢ ᠬᠡᠷᠡᠭᠯᠡᠵᠦ | ᠪᠠᠶᠢᠭ᠎ᠠ ᠰᠠᠭᠤᠭᠠᠯᠢ ᠠᠷᠠᠳ ᠲᠤ ᠰᠢᠨ᠎ᠡ ᠬᠡᠯᠪᠡᠷᠢ ᠶᠢᠨ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠤᠶᠤᠨᠲᠤ | ᠤᠰᠤᠨ ᠤ ᠬᠡᠮᠵᠢᠭᠦᠷ ᠢ ᠦᠨ᠎ᠡ ᠲᠥᠯᠥᠪᠦᠷᠢ ᠥᠬᠡᠶ ᠪᠠᠷ ᠰᠣᠯᠢᠵᠤ ᠥᠭᠬᠦ ᠶᠢᠨ ᠬᠠᠮᠲᠤ ᠬᠠᠭᠤᠴᠢᠷᠬᠠᠰᠠᠨ ᠠᠰᠠᠷ ᠤᠨ | ᠨᠡᠭᠡᠯᠡᠬᠡᠶ ᠪᠠ ᠬᠤᠭᠤᠯᠠᠶ ᠶᠢ ᠰᠣᠯᠢᠵᠤ ᠥᠭᠭᠦᠭᠰᠡᠨ ᠢᠶᠠᠷ᠂ ᠰᠠᠭᠤᠭᠠᠯᠢ ᠠᠷᠠᠳ ᠤᠨ ᠠᠮᠢᠳᠤᠷᠠᠯ ᠳᠤ ᠲᠦᠢᠯ ᠤᠨ ᠶᠡᠭᠡ | ᠲᠥᠬᠦᠮ ᠦᠵᠡᠭᠦᠯᠵᠦ᠂ ᠮᠠᠨ ᠤ ᠬᠤᠲᠠ ᠶᠢᠨ ᠬᠤᠲᠠ ᠶᠢᠨ ᠤᠰᠤᠨ ᠤ ᠬᠠᠩᠭᠠᠯᠭ᠎ᠠ ᠶᠢ ᠮᠡᠳᠡᠭᠡ ᠵᠠᠩᠭᠢᠵᠢᠯᠲᠠ ᠶᠢᠨ | ᠴᠠᠭ ᠦᠶ᠎ᠡ ᠳᠤ ᠣᠷᠣᠭᠤᠯᠤᠭᠰᠠᠨ ᠪᠠᠶᠢᠨ᠎ᠠ᠃ | | ᠶᠠᠩ ᠭᠤᠸᠠᠩ ᠰᠠᠭᠤᠭᠠᠯᠢ ᠠᠷᠠᠳ ᠤᠨ ᠲᠣᠭᠤᠷᠢᠭ ᠢ 2011 ᠣᠨ ᠳᠤ ᠡᠬᠢᠯᠡᠨ ᠪᠠᠶᠢᠭᠤᠯᠵᠤ᠂ ᠣᠲᠣ 17 | ᠰᠠᠭᠤᠷᠢ ᠠᠰᠠᠷ᠂ 500 ᠭᠠᠷᠤᠶ ᠡᠷᠦᠬᠡ ᠰᠠᠭᠤᠭᠠᠯᠢ ᠠᠷᠠᠳ ᠲᠠᠢ᠃ ᠲᠣᠰ ᠵᠢᠵᠢᠭ ᠲᠣᠭᠤᠷᠢᠭ ᠤᠨ ᠤᠰᠤᠨ ᠤ | ᠬᠡᠮᠵᠢᠭᠦᠷ ᠨᠢ ᠨᠢᠭᠡᠨᠲᠡ ᠬᠡᠷᠡᠭᠯᠡᠬᠦ ᠬᠤᠭᠤᠴᠠᠭ᠎ᠠ ᠠᠴᠠ ᠬᠡᠲᠦᠷᠡᠭᠰᠡᠨ ᠢ ᠪᠣᠳᠣᠯᠬᠢᠯᠠᠭᠠᠳ᠂ ᠵᠠᠷᠢᠮ ᠤᠰᠤᠨ ᠤ | ᠬᠡᠮᠵᠢᠭᠦᠷ ᠢ ᠰᠢᠯᠭᠠᠨ ᠪᠠᠶᠢᠴᠠᠭᠠᠭᠠᠳ ᠨᠢᠭᠡᠨᠲᠡ ᠨᠠᠷᠢᠯᠢᠭ ᠣᠨᠣᠪᠴᠢᠲᠠᠶ ᠬᠡᠮᠵᠢᠬᠦ ᠶᠢᠨ ᠠᠷᠭ᠎ᠠ ᠥᠬᠡᠶ ᠪᠣᠯᠤᠭᠰᠠᠨ ᠢ | ᠣᠯᠵᠤ ᠮᠡᠳᠡᠵᠡᠶ᠃ ᠲᠦᠭᠡᠭᠡᠯ ᠤᠰᠤᠨ ᠤ ᠺᠣᠮᠫᠠᠨᠢ ᠶᠢᠨ ᠠᠵᠢᠯᠲᠠᠳ ᠲᠣᠰ ᠵᠢᠵᠢᠭ ᠲᠣᠭᠤᠷᠢᠭ ᠲᠤ ᠢᠷᠡᠵᠦ | ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠠᠰᠠᠷ ᠤᠨ ᠳ᠋ᠤᠭᠠᠷ ᠢᠶᠠᠷ ᠪᠦᠯᠦᠭ ᠬᠤᠪᠢᠶᠠᠨ ᠰᠠᠭᠤᠭᠠᠯᠢ ᠠᠷᠠᠳ ᠲᠤ | ᠰᠢᠨ᠎ᠡ ︽ᠤᠶᠤᠨᠲᠤ︾ ᠠᠯᠤᠰ ᠳᠠᠮᠵᠢᠭᠤᠯᠬᠤ ᠤᠰᠤᠨ ᠤ ᠬᠡᠮᠵᠢᠭᠦᠷ ᠢ ᠰᠣᠯᠢᠵᠤ ᠥᠭᠭᠦᠭᠡᠳ᠂ ᠰᠠᠭᠤᠭᠠᠯᠢ | ᠠᠷᠠᠳ ᠲᠤ ︽ᠰᠦᠢᠳᠬᠡᠯ ᠲᠤᠰᠢᠶᠠᠪᠠᠯ ᠡᠷᠦᠬᠡ ᠠᠴᠠ ᠭᠠᠷᠬᠤ ᠥᠬᠡᠶ︾ ᠲᠥᠬᠦᠮ ᠨᠥᠬᠦᠴᠡᠯ ᠢ ᠤᠷᠢᠳᠴᠢᠯᠠᠨ | ᠡᠳ᠋ᠯᠡᠭᠦᠯᠦᠭᠰᠡᠨ ᠪᠠᠶᠢᠨ᠎ᠠ᠃ | | | | | ᠬᠠᠭᠤᠴᠢᠨ ᠤᠰᠤᠨ ᠤ ᠬᠡᠮᠵᠢᠭᠦᠷ ᠢ ᠨᠤᠷᠠᠭᠠᠬᠤ | | | ᠠᠵᠢᠯᠴᠢᠨ ᠤ ᠤᠭᠰᠠᠷᠠᠬᠤ ᠤᠰᠤᠨ ᠬᠡᠮᠵᠢᠭᠦᠷ | | | ᠰᠢᠨ᠎ᠡ ᠬᠠᠭᠤᠴᠢᠨ ᠤᠰᠤᠨ ᠤ ᠬᠡᠮᠵᠢᠭᠦᠷ ᠤᠨ ᠠᠳᠠᠯᠢᠳᠬᠠᠯ | | | | ᠬᠡᠷᠡᠭᠯᠡᠭᠴᠢ ᠰᠢᠨ᠎ᠡ ᠤᠰᠤᠨ ᠤ ᠬᠡᠮᠵᠢᠭᠦᠷ ᠢ ᠠᠪᠬᠤ | | ᠣᠲᠣ ᠪᠣᠯᠲᠠᠯ᠎ᠠ᠂ ᠬᠤᠲᠠ ᠶᠢᠨ ᠲᠦᠭᠡᠭᠡᠯ ᠤᠰᠤᠨ ᠤ ᠺᠣᠮᠫᠠᠨᠢ ᠨᠢᠭᠡᠨᠲᠡ ᠵᠢᠩ ᠭᠤᠸᠠᠨ ᠰᠠᠭᠤᠭᠠᠯᠢ ᠲᠣᠭᠤᠷᠢᠭ | ᠂ ᠵᠢᠨᠵᠢᠶᠠᠩ ᠰᠠᠭᠤᠭᠠᠯᠢ ᠲᠣᠭᠤᠷᠢᠭ ᠵᠡᠷᠭᠡ 30 ᠭᠠᠷᠤᠶ ᠵᠢᠵᠢᠭ ᠲᠣᠭᠤᠷᠢᠭ ᠤᠨ IC ᠺᠠᠷᠲ ᠤᠨ ᠤᠰᠤᠨ ᠤ | ᠬᠡᠮᠵᠢᠭᠦᠷ ᠬᠡᠷᠡᠭᠯᠡᠵᠦ ᠪᠠᠶᠢᠭ᠎ᠠ 13000 ᠭᠠᠷᠤᠶ ᠡᠷᠦᠬᠡ ᠶᠢᠨ ᠰᠠᠭᠤᠭᠠᠯᠢ ᠠᠷᠠᠳ ᠲᠤ ︽ᠤᠶᠤᠨᠲᠤ︾ ᠤᠰᠤᠨ ᠤ | ᠬᠡᠮᠵᠢᠭᠦᠷ ᠲᠠᠭᠠᠷᠠᠭᠤᠯᠵᠤ᠂ ᠰᠦᠯᠵᠢᠶᠡᠨ ᠳᠡᠭᠡᠷ᠎ᠡ ᠤᠰᠤᠨ ᠤ ᠰᠦᠢᠳᠬᠡᠯ ᠢ ᠣᠶᠤᠨᠴᠢ ᠪᠠᠷ ᠲᠤᠰᠢᠶᠠᠬᠤ ᠶᠢ ᠠᠯᠬᠤᠮ | ᠠᠯᠬᠤᠮ ᠢᠶᠠᠷ ᠪᠡᠶᠡᠯᠡᠭᠦᠯᠵᠡᠶ᠃ | | ᠣᠶᠢᠯᠠᠭᠠᠭᠰᠠᠨ ᠢᠶᠠᠷ᠂ ᠣᠳᠣᠬᠠᠨ ᠳᠤ᠂ ᠤᠶᠤᠨᠲᠤ ᠤᠰᠤᠨ ᠤ ᠬᠡᠮᠵᠢᠭᠦᠷ ᠢ ᠰᠣᠯᠢᠬᠤ ᠠᠵᠢᠯ ᠮᠥᠨ ᠬᠦ ᠡᠮᠬᠢ | ᠵᠢᠷᠤᠮ ᠲᠠᠢ ᠶᠠᠪᠤᠭᠳᠠᠵᠤ ᠪᠠᠶᠢᠨ᠎ᠠ᠃ ᠵᠢᠱᠢᠯᠲᠡ ᠪᠠᠷ ᠢᠷᠡᠬᠦ ᠵᠢᠯ ᠤᠨ 6 ᠰᠠᠷ᠎ᠠ ᠠᠴᠠ ᠡᠮᠦᠨ᠎ᠡ᠂ ᠤᠶᠤᠨᠲᠤ | ᠤᠰᠤᠨ ᠤ ᠬᠡᠮᠵᠢᠭᠦᠷ ᠢ ᠪᠦᠬᠦᠨ ᠢ ᠰᠣᠯᠢᠵᠤ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠶᠢ ᠪᠦᠬᠦᠨ ᠢ | ᠪᠦᠷᠬᠦᠭᠦᠯᠬᠦ ᠶᠢ ᠪᠡᠶᠡᠯᠡᠭᠦᠯᠦᠨ᠎ᠡ᠃ ᠰᠣᠯᠢᠭᠰᠠᠨ ᠤ ᠳᠠᠷᠠᠭᠠᠬᠢ ᠰᠢᠨ᠎ᠡ ᠬᠡᠯᠪᠡᠷᠢ ᠶᠢᠨ ᠡᠳ᠋ ᠪᠠᠷᠠᠭᠠᠨ ᠤ ᠮᠡᠳᠡᠭᠡ | ᠵᠠᠩᠭᠢ ᠶᠢᠨ ᠰᠦᠯᠵᠢᠶ᠎ᠡ ᠶᠢᠨ ᠤᠶᠤᠨᠲᠤ ᠤᠰᠤᠨ ᠤ ᠬᠡᠮᠵᠢᠭᠦᠷ ᠢ ᠤᠰᠤᠨ ᠤ ᠬᠡᠮᠵᠢᠶ᠎ᠡ ᠶᠢ ᠬᠡᠮᠵᠢᠬᠦ ᠶᠢᠨ ᠬᠠᠮᠲᠤ᠂ | ᠬᠡᠷᠡᠭᠯᠡᠭᠴᠢ ᠶᠢᠨ ᠤᠰᠤ ᠬᠡᠷᠡᠭᠯᠡᠭᠰᠡᠨ ᠪᠠᠶᠢᠳᠠᠯ ᠤᠨ ᠮᠡᠳᠡᠭᠡ ᠵᠠᠩᠭᠢ ᠶᠢ ᠠᠯᠤᠰ ᠠᠴᠠ ᠳᠠᠮᠵᠢᠭᠤᠯᠵᠤ ᠪᠣᠯᠤᠨ᠎ᠠ᠂ | ᠬᠡᠷᠡᠭᠯᠡᠭᠴᠢ ᡁᠢ ᠹᠦ᠋ ᠪᠣᠣ ︵支付宝︶᠂ ᠸᠢᠴᠠᠲ ︵微信︶ ᠵᠡᠷᠭᠡ ᠵᠥᠭᠡᠯᠡᠨ ᠲᠣᠨᠤᠭ ᠢ | ᠬᠡᠷ ᠠᠴᠠ ᠪᠠᠨ ᠭᠠᠷᠬᠤ ᠥᠬᠡᠶ ᠪᠠᠷ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠵᠤ ᠪᠣᠯᠤᠨ᠎ᠠ᠃ | | ᠬᠤᠲᠠ ᠶᠢᠨ ᠲᠦᠭᠡᠭᠡᠯ ᠤᠰᠤᠨ ᠤ ᠺᠣᠮᠫᠠᠨᠢ ᠶᠢᠨ ᠡᠵᠡᠩᠨᠡᠯᠲᠡ ᠶᠢᠨ ᠬᠡᠯᠲᠡᠰ ᠤᠨ ᠬᠠᠷᠢᠭᠤᠴᠠᠯᠭᠠᠲᠠᠨ | ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠭᠳᠠᠭᠰᠠᠨ ᠪᠠ | ᠬᠡᠷᠡᠭᠯᠡᠭᠴᠢᠳ ᠤᠨ ᠦᠢᠯᠡᠴᠢᠯᠡᠭᠡᠨ ᠤ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠤᠨ ᠲᠠᠰᠤᠷᠠᠯᠲᠠ ᠥᠬᠡᠶ | ᠲᠡᠭᠦᠯᠳᠡᠷᠵᠢᠨ ᠲᠠᠰ ᠳᠡᠪᠰᠢᠬᠦ ᠶᠢ ᠳᠠᠭᠠᠯᠳᠤᠨ᠂ ᠺᠣᠮᠫᠠᠨᠢ ᠠᠴᠠ ᠬᠡᠷᠡᠭᠯᠡᠭᠴᠢᠳ ᠲᠤ ᠤᠰᠤ ᠬᠡᠷᠡᠭᠯᠡᠬᠦ ᠬᠡᠮᠵᠢᠶ᠎ᠡ᠂ | ᠤᠰᠤᠨ ᠤ ᠰᠦᠢᠳᠬᠡᠯ ᠤᠨ ᠲᠠᠩᠰᠠ᠂ ᠬᠡᠪ ᠤᠨ ᠪᠤᠰᠤ ᠤᠰᠤ ᠬᠡᠷᠡᠭᠯᠡᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ | ᠠᠯᠬᠤᠮ ᠠᠯᠬᠤᠮ ᠢᠶᠠᠷ ᠬᠦᠷᠭᠡᠨ ᠥᠭᠴᠦ᠂ ᠬᠡᠷᠡᠭᠯᠡᠭᠴᠢᠳ ᠢ ᠵᠢᠯᠣᠭᠤᠳᠤᠨ ᠰᠢᠨᠵᠢᠯᠡᠬᠦ ᠤᠬᠠᠭᠠᠨᠴᠢ ᠪᠠᠷ ᠤᠰᠤ | ᠬᠡᠷᠡᠭᠯᠡᠭᠦᠯᠵᠦ᠂ ᠤᠰᠤ ᠶᠢ ᠠᠷᠪᠢᠯᠠᠨ ᠭᠠᠮᠨᠠᠵᠤ ᠪᠠᠶᠢᠨ᠎ᠠ ᠭᠡᠵᠡᠶ᠃ |