ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠠᠪᠤᠭᠳᠠᠵᠤ ᠪᠣᠶ
ᠨᠡᠶᠢᠲᠡᠯᠡᠭᠰᠡᠨ ᠴᠠᠭ᠄
2021/8/11
     ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢᠨ  ᠳᠣᠯᠠᠳᠠ᠂ 8 ᠰᠠᠷ᠎ᠠ ᠶᠢᠨ 9 ᠤ ᠡᠳᠦᠷ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠤᠰᠬᠠᠶ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢ ᠥᠷᠨᠢᠭᠦᠯᠪᠡ᠃    
  
       ᠬᠠᠤᠯᠢ ᠬᠡᠷᠡᠭᠵᠢᠭᠦᠯᠦᠭᠴᠢ ᠶᠢᠨ ᠬᠠᠷᠭᠤᠭᠤᠯᠵᠤ ᠠᠷᠢᠭᠤᠳᠬᠠᠬᠤ ᠳᠠᠩᠰᠠᠯᠠᠯᠲᠠ ᠶᠢᠨ ᠡᠬᠡ ᠳᠠᠩᠰᠠ    
  
       ᠬᠠᠤᠯᠢ ᠬᠡᠷᠡᠭᠵᠢᠭᠦᠯᠦᠭᠴᠢ ᠶᠢᠨ ᠡᠵᠡᠩᠨᠡᠭᠴᠢ ᠲᠠᠢ ᠬᠠᠷᠭᠤᠭᠤᠯᠤᠭᠰᠠᠨ ᠮᠡᠳᠡᠭᠡ ᠵᠠᠩᠭᠢ    
  
       ᠬᠠᠤᠯᠢ ᠬᠡᠷᠡᠭᠵᠢᠭᠦᠯᠬᠦ ᠠᠵᠢᠯᠲᠠᠨ ᠠᠴᠠ ᠡᠬᠡ ᠲᠠᠩᠰᠠ ᠬᠦᠷᠦᠯᠴᠡᠬᠦ ᠥᠬᠡᠶ  ᠪᠠᠶᠢᠭ᠎ᠠ ᠶᠢ ᠪᠠᠶᠢᠴᠠᠭᠠᠵᠦ ᠭᠠᠷᠭᠠᠪᠠ        ᠲᠤᠰᠬᠠᠶ ᠪᠠᠶᠢᠴᠠᠭᠠᠯᠲᠠ ᠶᠢᠨ ᠳᠤᠭᠤᠶᠢᠯᠠᠩ ᠤᠷᠢᠳ ᠬᠤᠵᠢᠳ ᠬᠡᠪᠯᠡᠯ ᠤᠨ ᠺᠣᠮᠫᠠᠨᠢ᠂ ᠨᠣᠮ ᠤᠨ ᠳᠡᠯᠭᠡᠭᠦᠷ᠂ ᠰᠦᠯᠵᠢᠶᠡᠨ ᠤ  ᠪᠠᠭᠠᠷ ᠵᠡᠷᠭᠡ  ᠵᠤᠭ᠎ᠠ ᠴᠡᠩᠬᠡᠯ ᠤᠨ ᠲᠠᠯᠠᠪᠤᠷ ᠲᠤ ᠭᠦᠨᠵᠡᠭᠡᠶᠢᠷᠡᠵᠦ᠂ ᠡᠯ᠎ᠡ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠭᠰᠠᠨ ᠡᠰᠡᠬᠦ᠂ ᠠᠵᠢᠯᠲᠠᠨ ᠪᠠ ᠬᠡᠷᠡᠭᠯᠡᠭᠴᠢ ᠶᠢᠨ ᠠᠮᠠᠪᠴᠢ ᠵᠡᠭᠦᠭᠰᠡᠨ ᠡᠰᠡᠬᠦ᠂ ᠳᠤᠯᠠᠭᠠᠨ ᠤ ᠬᠡᠮᠵᠢᠯᠲᠡ ᠶᠢᠨ ᠠᠷᠢᠭᠤᠳᠬᠠᠯ ᠤᠨ ᠳᠡᠩᠰᠡᠯᠡᠯᠲᠡ ᠶᠢᠨ ᠡᠬᠡ ᠲᠠᠩᠰᠠ ᠪᠦᠷᠢᠨ ᠡᠰᠡᠬᠦ᠂ ︽ᠬᠤᠶᠠᠷ ᠨᠣᠮᠧᠷ ᠢᠶᠠᠷ ᠬᠠᠮᠲᠤᠷᠠᠨ ᠪᠠᠶᠢᠴᠠᠭᠠᠬᠤ︾ ᠶᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠪᠠᠶᠢᠬᠤ ᠡᠰᠡᠬᠦ ᠵᠡᠷᠭᠡ ᠠᠭᠤᠯᠭ᠎ᠠ ᠶᠢᠨ ᠲᠠᠯ᠎ᠠ ᠪᠠᠷ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃        ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠬᠡᠰᠡᠭ  ᠵᠤᠭ᠎ᠠ ᠴᠡᠩᠬᠡᠯ ᠤᠨ ᠭᠠᠵᠠᠷ ᠤᠨ ᠣᠷᠣᠵᠤ ᠭᠠᠷᠬᠤ ᠬᠥᠮᠦᠰ ᠤᠨ ᠳᠡᠩᠰᠡᠯᠡᠯᠲᠡ ᠶᠢᠨ ᠡᠬᠡ ᠲᠠᠩᠰᠠ ᠶᠢᠨ ᠮᠡᠳᠡᠭᠡ ᠵᠠᠩᠭᠢ ᠳᠤᠲᠠᠭᠳᠠᠭᠰᠠᠨ᠂ ᠠᠵᠢᠯᠲᠠᠨ ᠲᠣᠭᠲᠠᠭᠠᠯ ᠶᠣᠰᠣᠭᠠᠷ ᠠᠮᠠᠪᠴᠢ ᠵᠡᠭᠦᠭᠰᠡᠨ ᠥᠬᠡᠶ ᠵᠡᠷᠭᠡ ᠠᠰᠠᠭᠤᠳᠠᠯ ᠢ ᠬᠠᠤᠯᠢ ᠬᠡᠷᠡᠭᠵᠢᠭᠦᠯᠬᠦ ᠠᠵᠢᠯᠲᠠᠨ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠭᠦᠯᠪᠡ᠃ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠡᠵᠡᠩᠨᠡᠯᠲᠡ ᠶᠢᠨ ᠭᠠᠵᠠᠷ ᠤᠨ ᠬᠠᠷᠢᠭᠤᠴᠠᠯᠭᠠᠲᠠᠨ ᠢ ᠬᠢᠵᠢᠭ ᠢ ᠰᠡᠷᠭᠡᠶᠢᠯᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂  ᠨᠠᠵᠠᠭᠠᠶᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠬᠢᠵᠢᠭ ᠢ ᠰᠡᠷᠭᠡᠶᠢᠯᠡᠬᠦ ᠳᠤ ᠵᠥᠪᠬᠡᠨ ︽ᠨᠢᠭᠤᠷ ᠲᠠᠯ᠎ᠠ︾ ᠶᠢ ᠯᠠ ᠪᠤᠳᠤᠭᠠᠳ ︽ᠳᠣᠲᠣᠷ ᠲᠠᠯ᠎ᠠ︾ ᠶᠢ ᠬᠠᠶᠢᠬᠤᠷᠬᠤ ᠦᠭᠡᠢ ᠪᠠᠶᠢᠬᠤ ᠠᠴᠠ ᠵᠠᠶᠢᠯᠠᠰᠬᠢᠬᠦ ᠬᠡᠷᠡᠭᠲᠡᠶ ᠭᠡᠵᠦ ᠱᠠᠭᠠᠷᠳᠠᠪᠠ᠃ ᠡᠯ᠎ᠡ ᠡᠵᠡᠩᠨᠡᠯᠲᠡ ᠶᠢᠨ ᠭᠠᠵᠠᠷ ᠤᠨ ᠬᠠᠷᠢᠭᠤᠴᠠᠯᠭᠠᠲᠠᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠵᠡᠩᠨᠡᠯᠲᠡ ᠶᠢᠨ ᠡᠮᠬᠢ ᠵᠢᠷᠤᠮ ᠢ ᠴᠢᠩᠭ᠎ᠠ ᠵᠢᠷᠤᠮᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠤᠨ ᠰᠣᠶᠣᠯ ᠪᠡᠶ᠎ᠡ ᠶᠢᠨ ᠲᠠᠮᠢᠷ ᠰᠡᠯᠡᠭᠦᠴᠡᠯ ᠤᠨ ᠠᠵᠢᠯᠯᠠᠭ᠎ᠠ ᠶᠢᠨ ᠠᠮᠤᠷ ᠲᠦᠪᠰᠢᠨ ᠡᠮᠬᠢ  ᠴᠡᠭᠴᠡ ᠶᠢ ᠪᠠᠳᠣᠯᠠᠬᠤ ᠬᠡᠷᠡᠭᠳᠠᠢ ᠬᠡᠵᠦ ᠱᠠᠭᠠᠷᠳᠠᠪᠠ᠃        ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ ᠳᠠᠭᠠᠭᠠᠮᠠᠯ ᠸᠠᠩ ᠵᠢᠶᠠᠨ ᠮᠢᠩ ᠬᠡᠯᠡᠬᠦ ᠳᠡᠭᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠨᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠣᠯᠬᠤ ᠪᠠᠷ ᠪᠠᠷᠠᠬᠤ ᠥᠬᠡᠶ ᠨᠠᠩ ᠴᠤ ᠡᠵᠡᠩᠨᠡᠯᠲᠡ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠮᠥᠨ ᠭᠡᠵᠡᠶ᠃ ᠡᠵᠡᠩᠨᠡᠯᠲᠡ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠵᠡᠩᠨᠡᠯᠲᠡ ᠶᠢᠨ ᠡᠮᠬᠢ ᠵᠢᠷᠤᠮ ᠢ ᠴᠢᠩᠭ᠎ᠠ ᠵᠢᠷᠤᠮᠵᠢᠭᠤᠯᠵᠤ᠂ ᠠᠷᠢᠭᠤᠳᠬᠠᠨ ᠠᠷᠢᠯᠭᠠᠬᠤ ᠠᠵᠢᠯ ᠢ ᠰᠠᠶᠢᠲᠤᠷ ᠬᠢᠵᠦ᠂ ᠠᠵᠢᠯᠲᠠᠳ ᠢ ᠰᠢᠪᠠᠳᠠᠨ ᠠᠮᠠᠪᠴᠢ ᠵᠡᠭᠦᠯᠭᠡᠵᠦ᠂ ᠤᠩᠰᠢᠭᠴᠢᠳ ᠲᠤ ᠠᠮᠠᠪᠴᠢ ᠵᠡᠭᠦᠯᠭᠡᠬᠦ ᠶᠢ ᠰᠠᠨᠠᠭᠤᠯᠵᠤ᠂ ᠤᠩᠰᠢᠭᠴᠢᠳ ᠤᠨ ᠡᠷᠡᠭᠦᠯ ᠮᠡᠨᠳᠦ ᠶᠢᠨ ᠨᠣᠮᠧᠷ ᠢ ᠨᠠᠷᠢᠨ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ ᠣᠯᠠᠨ ᠳᠤ ᠰᠢᠯᠢᠳᠡᠭ ᠰᠠᠶᠢᠨ ᠤᠩᠰᠢᠯᠭ᠎ᠠ ᠶᠢᠨ ᠣᠷᠴᠢᠨ ᠨᠥᠬᠦᠴᠡᠯ ᠬᠠᠩᠭᠠᠬᠤ ᠶᠢ ᠦᠨᠡᠨ ᠬᠦ ᠪᠠᠲᠤᠯᠠᠬᠤ ᠪᠣᠯᠤᠨ᠎ᠠ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号