| | ᠣᠶᠢᠷ᠎ᠠ ᠳᠤ᠂ ᠨᠠᠨ ᠶᠤᠸᠠᠨ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠤᠨ ᠴᠢᠶᠠᠨ ᠸᠧᠶ ᠬᠤᠤ ᠲᠢᠩ | ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠡᠴᠦᠰ ᠲᠡᠭᠡᠨ ᠥᠪᠡᠷ ᠤᠨ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ ᠢᠶᠠᠨ ᠣᠯᠤᠭᠰᠠᠨ ᠪᠠᠶᠢᠨ᠎ᠠ᠃ ᠡᠨᠡ ᠬᠦ ᠭᠠᠯ ᠤᠯᠠᠭᠠᠨ ᠭᠡᠷᠡᠴᠢ ᠲᠡᠮᠳᠡᠭ ᠢ ᠰᠠᠭᠤᠭᠠᠯᠢ ᠠᠷᠠᠳ | ᠣᠯᠠᠨ ᠵᠢᠯ ᠬᠦᠯᠢᠶᠡᠵᠡᠶ᠃ ᠣᠳᠣᠬᠠᠨ ᠳᠤ᠂ ᠲᠡᠳᠡᠨ ᠢ ᠣᠯᠠᠨ ᠵᠢᠯ ᠵᠣᠪᠠᠭᠠᠵᠤ ᠪᠠᠶᠢᠭᠰᠠᠨ ︽ᠰᠡᠳᠬᠢᠯ ᠤᠨ | ᠡᠪᠡᠳᠴᠢᠨ︾ ᠨᠢ ᠡᠴᠦᠰ ᠲᠡᠭᠡᠨ ᠰᠢᠢᠳᠪᠣᠷᠢᠯᠡᠭᠰᠡᠨ ᠪᠠᠶᠢᠨ᠎ᠠ᠃ | | 2010 ᠣᠨ ᠳᠤ ᠪᠠᠶᠢᠭᠤᠯᠤᠭᠰᠠᠨ ᠴᠢᠶᠠᠨ ᠸᠧᠶ ᠬᠤᠤ ᠲᠢᠩ ᠰᠠᠭᠤᠭᠠᠯᠢ ᠲᠣᠭᠤᠷᠢᠭ ᠲᠤ ᠲᠡᠦᠬᠡᠨ ᠠᠴᠠ | ᠦᠯᠡᠳᠡᠭᠳᠡᠵᠦ ᠢᠷᠡᠭᠰᠡᠨ ᠵᠠᠷᠢᠮ ᠠᠰᠠᠭᠤᠳᠠᠯ ᠠᠴᠠ ᠪᠣᠯᠵᠤ᠂ ᠰᠠᠭᠤᠭᠠᠯᠢ ᠠᠷᠠᠳ ᠤᠨ ᠣᠷᠣᠨ ᠰᠠᠭᠤᠴᠠ | ᠬᠤᠳᠠᠯᠳᠤᠨ ᠠᠪᠬᠤ ᠳᠤ ᠣᠯᠠᠨ ᠵᠢᠯ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠣᠯᠬᠤ ᠶᠢᠨ ᠠᠷᠭ᠎ᠠ | ᠦᠭᠡᠶ ᠪᠣᠯᠵᠠᠶ᠂ ᠡᠨᠡ ᠨᠢ ᠲᠡᠳᠡᠨ ᠤ ︽ᠰᠡᠳᠬᠢᠯ ᠤᠨ ᠡᠪᠡᠳᠴᠢᠨ︾ ᠪᠣᠯᠤᠭᠰᠠᠨ ᠪᠠᠶᠢᠨ᠎ᠠ᠃ | | ᠰᠠᠭᠤᠭᠠᠯᠢ ᠠᠷᠠᠳ ᠸᠠᠩ ᠱᠢ ᠬᠥᠩ ᠬᠡᠯᠡᠬᠦ ᠳᠡᠭᠡᠨ᠄ ︽2011 ᠣᠨ ᠳᠤ ᠪᠢ ᠠᠳᠡᠬᠢ ᠶᠢᠨ ᠭᠡᠷ ᠢ | ᠬᠤᠳᠠᠯᠳᠤᠨ ᠠᠪᠤᠭᠰᠠᠨ ᠪᠣᠯᠪᠠᠴᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠶᠡᠷᠦ ᠠᠴᠠ ᠠᠪᠴᠤ | ᠳᠡᠶᠢᠯᠬᠦ ᠦᠭᠡᠶ᠂ ᠨᠢᠭᠡ ᠨᠠᠰᠤ ᠪᠠᠷ ᠢᠶᠠᠨ ᠬᠠᠳᠠᠭᠠᠯᠠᠭᠰᠠᠨ ᠬᠠᠳᠠᠭᠠᠯᠠᠮᠵᠢ ᠪᠠᠷ ᠢᠶᠠᠨ ᠨᠢᠭᠡ ᠭᠡᠷ ᠬᠤᠳᠠᠯᠳᠤᠨ | ᠠᠪᠤᠭᠰᠠᠨ ᠪᠣᠯᠪᠠᠴᠤ ᠭᠡᠷᠡᠴᠢ ᠦᠨᠡᠮᠯᠡᠯ ᠢ ᠠᠪᠴᠤ ᠳᠡᠶᠢᠯᠬᠦ ᠦᠭᠡᠶ ᠪᠣᠯᠵᠤ᠂ ᠭᠡᠷ ᠪᠠᠶᠢᠰᠢᠩ ᠥᠪᠡᠷ ᠤᠨ ᠬᠢ ᠪᠢᠰᠢ | ᠭᠡᠵᠦ ᠪᠣᠳᠣᠭᠠᠳ ᠣᠳᠣ ᠥᠪᠡᠷ ᠤᠨ ᠪᠡᠶ᠎ᠡ ᠨᠢ ᠬᠦᠨᠳᠦ ᠳᠠᠷᠤᠭᠠᠰᠤ ᠠᠴᠠ ᠪᠠᠨ ᠮᠤᠯᠲᠤᠷᠠᠭᠰᠠᠨ ᠮᠡᠲᠦ ᠰᠠᠨᠠᠭᠳᠠᠵᠤ | ᠪᠠᠶᠢᠨ᠎ᠠ︾ ᠭᠡᠵᠡᠶ᠃ | | | | | | | ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠰᠠᠭᠤᠭᠠᠯᠢ ᠠᠷᠠᠳ ᠲᠤ ᠭᠠᠷᠳᠠᠭᠤᠯᠪᠠ | | ᠰᠠᠭᠤᠭᠠᠯᠢ ᠠᠷᠠᠳ ᠲᠤ ᠠᠪᠴᠤ ᠬᠡᠯᠡᠪᠡᠯ᠂ ᠭᠠᠭᠴᠠ ᠬᠦ ᠦᠯᠦ ᠬᠥᠳᠡᠯᠬᠦ ᠬᠦᠷᠦᠩᠭᠡ ᠶᠢᠨ ᠡᠷᠬᠡ ᠶᠢᠨ | ᠦᠨᠡᠮᠯᠡᠯ ᠢ ᠭᠦᠢᠴᠡᠳᠬᠡᠪᠡᠯ ᠰᠠᠶ᠋ᠢ ᠲᠡᠳᠡᠨ ᠤ ᠬᠤᠳᠠᠯᠳᠤᠨ ᠠᠪᠤᠭᠰᠠᠨ ᠭᠡᠷ ᠪᠠᠶᠢᠰᠢᠩ ᠳᠤ ᠥᠮᠴᠢᠯᠡᠬᠦ ᠡᠷᠬᠡ ᠲᠠᠢ | ᠪᠣᠯᠤᠭᠰᠠᠨ ᠢ ᠲᠣᠳᠣᠷᠬᠠᠶᠢᠯᠠᠵᠤ ᠴᠢᠳᠠᠨ᠎ᠠ᠃ ᠸᠠᠩ ᠱᠢ ᠭᠦᠩ ᠮᠡᠲᠦ ᠶᠢᠨ ᠰᠠᠭᠤᠭᠠᠯᠢ ᠡᠷᠦᠬᠡ ᠳᠤ ᠦᠯᠦ ᠬᠥᠳᠡᠯᠬᠦ | ᠬᠦᠷᠦᠩᠭᠡ ᠶᠢᠨ ᠡᠷᠬᠡ ᠶᠢᠨ ᠦᠨᠡᠮᠯᠡᠯ ᠢ ᠤᠷᠤᠭᠰᠢᠲᠠᠢ ᠪᠠᠷ ᠣᠯᠭᠤᠬᠤ ᠶᠢᠨ ᠳᠣᠯᠠᠳᠠ᠂ ᠨᠠᠨ ᠶᠤᠸᠠᠨ ᠨᠡᠶᠢᠭᠡᠮ | ᠲᠣᠭᠤᠷᠢᠭ ᠤᠨ ᠬᠢᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠠᠷ ᠵᠣᠷᠢᠯᠲᠠ ᠪᠠ | ᠲᠤᠰᠤᠯᠲᠠ ᠪᠠᠨ ᠪᠣᠯᠭᠠᠵᠤ᠂ ᠲᠤᠰᠬᠠᠢ ᠠᠵᠢᠯᠯᠠᠬᠤ ᠳᠤᠭᠤᠶᠢᠯᠠᠩ ᠪᠠᠶᠢᠭᠤᠯᠵᠤ ᠥᠮᠴᠢᠯᠡᠯ ᠤᠨ ᠡᠷᠬᠡ ᠶᠢ ︽ | ᠭᠦᠢᠴᠡᠳᠬᠡᠬᠦ ᠳᠤ ᠬᠦᠴᠢᠷᠲᠡᠢ︾ ᠠᠰᠠᠭᠤᠳᠠᠯ ᠤᠨ ᠲᠤᠬᠠᠢ ᠲᠤᠰᠬᠠᠢ ᠶᠠᠪᠤᠳᠠᠯ ᠢ ᠲᠤᠰᠬᠠᠢ ᠭᠦᠢᠴᠡᠳᠬᠡᠵᠡᠢ᠃ | ᠨᠡᠶᠢᠭᠡᠮ ᠲᠣᠭᠤᠷᠢᠭ ᠤᠨ ᠠᠵᠢᠯᠯᠠᠬᠤ ᠳᠤᠭᠤᠶᠢᠯᠠᠩ ᠤᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠵᠢᠭᠦᠯᠵᠦ᠂ ᠤᠯᠠᠨ ᠲᠠᠯ᠎ᠠ ᠪᠠᠷ ᠵᠣᠬᠢᠴᠠᠭᠤᠯᠵᠤ᠂ ︽ᠡᠪᠡᠳᠴᠢᠨ ᠳᠤᠨᠢ ᠲᠠᠭᠠᠷᠠᠭᠤᠯᠵᠤ ᠡᠮ ᠥᠭᠴᠦ︾᠂ | ᠦᠨᠡᠮᠯᠡᠯ ᠠᠪᠬᠤ ᠶᠢᠨ ︽ᠲᠦᠭᠵᠢᠷᠡᠯ︾ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠦᠨᠡᠨᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠤᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠶᠢ ᠵᠠᠩᠭᠢᠯᠠᠭ᠎ᠠ ᠶᠢᠨ ᠭᠠᠵᠠᠷ ᠲᠤ ᠨᠠᠶᠢᠳᠠᠪᠤᠷᠢᠵᠢᠭᠤᠯᠬᠤ ᠬᠡᠷᠡᠭᠲᠡᠢ᠃ | | ᠣᠶᠢᠯᠠᠭᠠᠭᠰᠠᠨ ᠢᠶᠠᠷ᠂ ᠴᠢᠶᠠᠨ ᠸᠧᠶ ᠬᠤᠤ ᠲᠢᠩ ᠰᠠᠭᠤᠭᠠᠯᠢ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ ᠤᠨ ᠨᠥᠬᠦᠴᠡᠯ ᠳᠤ ᠨᠡᠶᠢᠴᠡᠬᠦ ᠨᠢ ᠨᠡᠶᠢᠲᠡ 93 ᠡᠷᠦᠬᠡ ᠪᠠᠶᠢᠨ᠎ᠠ᠃ ᠣᠶᠢᠷ᠎ᠠ ᠳᠤ᠂ 89 | ᠡᠷᠦᠬᠡ ᠨᠢᠭᠡᠨᠲᠡ ᠥᠪᠡᠷ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢᠶᠠᠨ ᠣᠯᠵᠤ᠂ ︽ᠰᠡᠳᠬᠢᠯ ᠢ | ᠠᠮᠤᠷᠵᠢᠭᠤᠯᠬᠤ ᠡᠮ︾ ᠠᠪᠤᠭᠰᠠᠨ ᠪᠠᠶᠢᠨ᠎ᠠ᠃ | |