︽ᠣᠭ ᠰᠠᠨᠠᠭ᠎ᠠ ᠪᠠᠨ ᠪᠠᠲᠤ ᠴᠡᠭᠡᠵᠢᠯᠡᠵᠦ ᠨᠠᠩ ᠶᠡᠭᠡ ᠢᠷᠠᠭᠤ ᠠᠯᠳᠠᠷ ᠢ ᠲᠡᠮᠡᠴᠡᠨ ᠣᠯᠰᠤᠭᠠᠶ︾ ᠡᠷᠢᠶᠡᠨ ᠪᠣᠭᠤᠮᠲᠠ1500 ᠴᠣᠪᠣᠭ᠎ᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ  ᠶᠢ ᠰᠢᠯᠭᠠᠨ ᠨᠡᠪᠳᠡᠷᠡᠬᠦᠯᠵᠦ ᠨᠢᠳᠤᠨᠤᠨ ᠤ ᠬᠢ ᠠᠴᠠ 30 ᠡᠳᠦᠷ ᠤᠷᠢᠳᠴᠢᠯᠠᠨ ᠳᠠᠪᠠᠪᠠ
ᠨᠡᠶᠢᠲᠡᠯᠡᠭᠰᠡᠨ ᠴᠠᠭ᠄
2021/8/12
    ᠣᠶᠢᠷ᠎ᠠ ᠶᠢᠨ ᠡᠳᠦᠷ ᠤᠳ ᠲᠤ᠂ ᠳᠤᠮᠳᠠᠳᠤ ᠧᠦ᠋ᠷᠣᠫᠠ ᠶᠢᠨ 40 ᠭᠠᠷᠤᠶ ᠴᠤᠪᠤᠭ᠎ᠠ ᠵᠢᠰᠢᠶᠠᠨ ᠤ ᠲᠡᠷᠭᠡ ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠵᠦ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ ᠮᠠᠰᠢᠨ ᠲᠥᠬᠦᠭᠡᠷᠦᠮᠵᠢ᠂ ᠨᠡᠭᠦᠷᠡᠰᠦ᠂ ᠲᠦᠭᠦᠬᠡᠶ ᠴᠢᠯᠠᠭᠤᠨ ᠲᠣᠰᠣ᠂ ᠮᠣᠳᠣᠨ ᠮᠠᠲ᠋ᠧᠷᠢᠶᠠᠯ᠂ ᠲᠡᠮᠦᠷ ᠤᠨ ᠬᠦᠳᠡᠷ ᠵᠡᠷᠭᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠮᠣᠩᠭᠤᠯ ᠤᠯᠤᠰ᠂ ᠣᠷᠣᠰ᠂ ᠧᠦ᠋ᠷᠣᠫᠠ ᠶᠢᠨ ᠤᠯᠤᠰ ᠵᠢᠴᠢ ᠤᠯᠤᠰ ᠤᠨ ᠳᠣᠲᠣᠭᠠᠳᠤ ᠶᠢᠨ ᠣᠯᠠᠨ ᠮᠤᠵᠢ ᠬᠤᠲᠠ ᠳᠤ ᠵᠥᠭᠡᠭᠡᠪᠦᠷᠢᠯᠡᠵᠦ ᠪᠠᠶᠢᠨ᠎ᠠ᠃
   ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠤᠯᠤᠰ ᠤᠨ ᠡᠬᠦᠳᠠ ᠪᠠᠷ ᠦᠩᠬᠡᠷᠡᠨ᠎ᠡ
  ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠠᠷᠠᠳ ᠤᠨ ᠴᠠᠭᠳᠠᠭ᠎ᠠ ᠭᠠᠳᠠᠭᠠᠳᠤ ᠶᠢᠨ ᠬᠠᠷᠢᠶᠠᠲᠤ ᠵᠢᠯᠣᠭᠤᠴᠢ ᠶᠢ ᠰᠢᠯᠭᠠᠵᠦ ᠪᠠᠶᠢᠭ᠎ᠠ ᠨᠢ        ᠰᠤᠷᠪᠤᠯᠵᠢᠯᠠᠭᠴᠢ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠠᠴᠠ ᠣᠶᠢᠯᠠᠭᠠᠭᠰᠠᠨ ᠢᠶᠠᠷ᠂ 8 ᠰᠠᠷ᠎ᠠ ᠶᠢᠨ 9 ᠤ ᠡᠳᠦᠷ ᠪᠣᠯᠲᠠᠯ᠎ᠠ᠂ ᠡᠷᠢᠶᠡᠨ ᠤ ᠲᠡᠮᠦᠷ ᠵᠠᠮ ᠤᠨ ᠪᠣᠭᠤᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠡᠶᠢᠲᠡ 1543 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.2% ᠢᠶᠠᠷ ᠨᠡᠮᠡᠭᠳᠡᠨ᠂ ᠨᠢᠳᠤᠨᠤᠨ ᠤ ᠬᠢ ᠠᠴᠠ 30 ᠡᠳᠦᠷ ᠤᠷᠢᠳᠴᠢᠯᠠᠨ 1500 ᠴᠤᠪᠤᠭ᠎ᠠ ᠲᠡᠷᠭᠡ ᠶᠢ ᠳᠠᠪᠠᠵᠠᠶ᠃
       ᠠᠷᠠᠳ ᠤᠨ ᠴᠠᠭᠳᠠᠭ᠎ᠠ ᠴᠤᠪᠤᠭ᠎ᠠ ᠲᠡᠷᠭᠡ ᠶᠢ ᠪᠠᠶᠢᠴᠠᠭᠠᠨ ᠰᠢᠯᠭᠠᠬᠤ  ᠪᠠᠶᠢᠭ᠎ᠠ ᠨᠢ        ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠠᠭᠠᠷ ᠤᠨ ᠲᠡᠭᠡᠭᠡᠪᠦᠷᠢ᠂ ᠲᠡᠯᠡᠶ ᠶᠢᠨ ᠲᠡᠭᠡᠭᠡᠪᠦᠷᠢ ᠵᠠᠯᠭᠠᠭ᠎ᠠ ᠪᠠᠷ ᠨᠥᠯᠥᠭᠡᠯᠡᠭᠳᠡᠭᠰᠡᠨ ᠪᠠᠶᠢᠳᠠᠯ ᠳᠣᠤᠷ᠎ᠠ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠲᠡᠭᠡᠭᠡᠪᠦᠷᠢ ᠶᠢᠨ ᠬᠦᠴᠦᠨ ᠢᠶᠠᠷ ᠶᠡᠭᠡ᠂ ᠴᠠᠭ ᠢᠶᠠᠷ ᠣᠨᠣᠪᠴᠢᠲᠠᠶ᠂ ᠦᠨ᠎ᠡ ᠬᠠᠩᠰᠢ ᠪᠠᠷ ᠬᠢᠮᠳᠠ ᠵᠡᠷᠭᠡ ᠥᠪᠡᠷᠮᠢᠴᠡ ᠳᠠᠪᠠᠭᠤᠯᠢᠭ ᠢᠶᠠᠷ ᠢᠶᠠᠨ ︽ᠰᠢᠨ᠎ᠡ ᠬᠦᠴᠦᠨ ᠴᠣᠯᠭᠤᠷᠠᠨ ᠭᠠᠷᠴᠤ︾᠂ ᠲᠠᠷᠬᠠᠭᠠᠯᠲᠠ ᠶᠢᠨ ᠲᠤᠭ᠎ᠠ ᠬᠡᠮᠵᠢᠶ᠎ᠡ ᠨᠢ ᠦᠷᠭᠦᠯᠵᠢᠯᠡᠨ ᠨᠡᠮᠡᠭᠳᠡᠵᠦ᠂ ᠣᠯᠠᠨ ᠤᠯᠤᠰ ᠤᠨ ᠪᠠᠷᠠᠭᠠᠨ ᠤ ᠬᠦᠢᠯᠭᠡᠭᠡᠨ ᠤ ᠬᠡᠯᠬᠢᠶ᠎ᠡ ᠶᠢᠨ ᠲᠤᠯᠭᠠᠭᠤᠷᠢ ᠬᠦᠴᠦᠨ ᠪᠣᠯᠤᠭᠰᠠᠨ ᠪᠠᠶᠢᠨ᠎ᠠ᠃ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠦᠷᠭᠡᠨ ᠬᠥᠭᠵᠢᠯᠲᠡ ᠨᠢ ᠵᠠᠮ ᠳᠠᠭᠠᠤ ᠶᠢᠨ ᠠᠵᠤ ᠠᠬᠤᠢ ᠶᠢ ᠳᠠᠶᠢᠴᠢᠯᠠᠬᠤ ᠪᠠ ᠠᠬᠢᠭᠤᠯᠬᠤ ᠦᠢᠯᠡᠳᠦᠯ ᠢ ᠲᠤᠪᠤᠶᠢᠯᠭᠠᠵᠦ᠂ ᠤᠯᠠᠨ ᠬᠤᠳᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠨᠠᠶᠢᠵᠠ ᠶᠢᠨ ᠬᠦᠢᠷᠶ᠎ᠡ︾ ᠳᠤ ᠣᠷᠣᠬᠤ ᠶᠢ ᠴᠢᠨᠠᠭᠰᠢᠳᠠ ᠥᠷᠭᠡᠳᠬᠡᠵᠡᠢ᠃ ᠣᠲᠣ ᠪᠣᠯᠲᠠᠯ᠎ᠠ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠱᠤᠭᠤᠮ ᠨᠢᠭᠡᠨᠲᠡ 51 ᠵᠤᠷᠪᠤᠰ ᠪᠣᠯᠵᠣ᠂ ᠬᠢᠯᠢ ᠶᠢᠨ ᠳᠣᠲᠣᠷᠠᠬᠢ ᠠᠩᠬᠠᠳᠠᠭᠴᠢ ᠭᠠᠵᠠᠷ ᠨᠢ ᠪᠥᠬᠦ ᠤᠯᠤᠰ ᠤᠨ 40 ᠭᠠᠷᠤᠶ ᠬᠤᠲᠠ ᠶᠢ ᠬᠠᠮᠤᠷᠴᠤ᠂ ᠬᠢᠯᠢ ᠶᠢᠨ ᠭᠠᠳᠠᠨᠠᠬᠢ ᠵᠣᠷᠢᠭᠰᠠᠨ ᠭᠠᠵᠠᠷ ᠨᠢ 10 ᠤᠯᠤᠰ ᠤᠨ 60 ᠭᠠᠷᠤᠶ ᠭᠠᠵᠠᠷ ᠣᠷᠣᠨ᠂ ᠭᠠᠷᠠᠮ ᠳᠤ ᠬᠦᠷᠲᠡᠯ᠎ᠡ ᠥᠷᠭᠡᠵᠢᠪᠡ᠃        ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠨᠡᠪᠲᠡᠷᠡᠬᠦ ᠶᠢ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠬᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠶᠤᠨᠲᠤ ᠬᠢᠯᠢ ᠶᠢᠨ ᠪᠠᠶᠢᠴᠠᠭᠠᠯᠲᠠ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠰᠢᠨ ᠲᠡᠷᠭᠡᠨ ᠤ ᠪᠠᠶᠢᠴᠠᠭᠠᠯᠲᠠ ᠶᠢᠨ ᠮᠡᠳᠡᠭᠡ ᠵᠠᠩᠭᠢᠵᠢᠯᠲᠠ᠂ ︽ᠥᠯᠥ ᠬᠦᠷᠦᠯᠴᠡᠬᠦ︾ ᠮᠠᠶ᠋ᠢᠭ ᠤᠨ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ︽ᠬᠠᠷᠢᠯᠴᠠᠨ ᠥᠯᠥ ᠭᠠᠷᠬᠤ᠂ ᠬᠠᠷᠢᠯᠴᠠᠨ ᠮᠡᠳᠡᠷᠡᠬᠦ ᠪᠢᠲᠡᠭᠦᠮᠵᠢᠯᠡᠬᠦ ᠬᠠᠭᠤᠳᠠᠰᠤ︾ ᠪᠥᠬᠦ ᠶᠠᠪᠤᠴᠠ ᠶᠢ ᠪᠢᠲᠡᠭᠦᠮᠵᠢᠯᠡᠨ ᠬᠠᠮᠢᠶᠠᠷᠬᠤ ᠪᠠᠶᠢᠴᠠᠭᠠᠨ ᠰᠢᠯᠭᠠᠬᠤ ᠵᠠᠭᠪᠤᠷ ᠢ ᠬᠡᠷᠡᠭᠵᠢᠭᠦᠯᠦᠨ᠂ ︽7 × 24︾ ᠶᠢᠨ ᠪᠥᠬᠦ ᠡᠳᠦᠷ ᠤᠨ ᠪᠣᠭᠤᠮᠲᠠ ᠪᠠᠷ ᠥᠩᠭᠡᠷᠡᠬᠦ ᠵᠠᠭᠪᠤᠷ ᠢ ᠬᠡᠷᠡᠭᠵᠢᠭᠦᠯᠵᠦ᠂ ᠳᠤᠮᠳᠠᠳᠤ ᠧᠦ᠋ᠷᠣᠫᠠ ᠶᠢᠨ ᠡᠭᠡᠯᠵᠢᠨ ᠤ ᠭᠠᠯᠲᠤ ᠲᠡᠷᠭᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠡᠭᠡᠯᠵᠢᠨ ᠤ ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠪᠠᠷᠠᠭᠠᠨ ᠤ ᠬᠦᠢᠯᠭᠡᠭᠡ ᠶᠢ ᠰᠠᠭᠠᠳ ᠥᠬᠡᠶ ᠨᠡᠪᠲᠡᠷᠡᠭᠦᠯᠦᠨ᠎ᠡ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号