ᠰᠢᠯᠢ ᠶᠢᠨ ᠭᠤᠣᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠤᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠢᠷᠡᠵᠦ ᠠᠵᠢᠯ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/8/13
   8 ᠰᠠᠷ᠎ᠠ ᠶᠢᠨ 12 ᠤᠨ ᠡᠳᠦᠷ᠂ ᠰᠢᠯᠢ ᠶᠢᠨ ᠭᠤᠤᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠶᠢᠴᠠᠭᠠᠬᠤ ᠳᠤᠭᠤᠶᠢᠯᠠᠩ ᠮᠠᠨ ᠤ ᠬᠤᠲᠠ ᠳᠤ ᠢᠷᠡᠵᠦ ᠠᠵᠢᠯ ᠪᠠᠶᠢᠴᠠᠭᠠᠨ ᠵᠢᠯᠣᠭᠤᠳᠪᠠ᠃
    ᠬᠤᠷᠠᠯ ᠤᠨ ᠠᠬᠤᠶ ᠲᠠᠯᠠᠪᠠᠢ      ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠰᠠᠨᠠᠯ ᠢᠶᠠᠨ ᠰᠣᠯᠢᠯᠴᠠᠪᠠ᠃     ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠭᠦᠢᠴᠡᠳ ᠨᠤᠲᠠᠯᠠᠪᠠ᠃ ᠪᠠᠶᠢᠴᠠᠭᠠᠬᠤ ᠳᠤᠭᠤᠶᠢᠯᠠᠩ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠱᠠᠯᠠᠪᠳᠠᠭᠤᠯᠤᠨ ᠪᠠᠶᠢᠴᠠᠭᠠᠬᠤ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠣᠯ ᠠᠶᠢᠮᠠᠭ ᠤᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ︽ᠬᠥᠮᠦᠨ᠂ ᠪᠣᠳᠠᠰ᠂ ᠣᠷᠴᠢᠨ ᠲᠣᠭᠤᠷᠢᠨ︾ ᠢ ᠬᠠᠮᠲᠤᠪᠠᠷ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠡᠯ᠎ᠡ ᠵᠦᠶ᠋ᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠨᠠᠷᠢᠨ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ ᠠᠯᠳᠠᠰᠢ ᠭᠠᠷᠬᠤ ᠶᠢ ᠬᠤᠷᠢᠭᠯᠠᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠴᠢᠩᠭᠠᠳᠬᠠᠨ᠂ ᠣᠯᠠᠨ ᠵᠦᠶ᠋ᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠣᠭᠤᠮᠲᠠ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠬᠢᠯᠢ ᠶᠢᠨ ᠭᠠᠳᠠᠨ᠎ᠠ ᠠᠴᠠ ᠣᠷᠣᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠰᠢᠨ᠎ᠡ ᠲᠢᠲᠢᠮ ᠤᠨ ᠸᠢᠷᠦ᠋ᠰ ᠤᠨ ᠣᠨᠳᠣᠣᠰᠢᠭᠰᠠᠨ ᠰᠠᠭᠤᠷᠢ ᠶᠢᠨ ᠣᠨᠴᠠᠯᠢᠭ ᠲᠤ ᠴᠢᠭᠯᠡᠭᠦᠯᠦᠨ᠂ ᠲᠦᠷᠦ ᠶᠢᠨ ᠪᠤᠳᠤᠯᠭ᠎ᠠ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠬᠤᠳᠠ ᠶᠢᠨ ᠠᠷᠠᠳ ᠤᠯᠠᠨ ᠢ ᠬᠦᠳᠦᠯᠦᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠬᠤ ᠬᠡᠷᠡᠭᠲᠡᠢ᠃       ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠢᠯᠢ ᠶᠢᠨ ᠪᠠᠶᠢᠴᠠᠭᠠᠯᠲᠠ ᠶᠢᠨ ᠥᠷᠲᠡᠭᠡ᠂ ᠡᠮᠨᠡᠯᠭᠡ ᠶᠢᠨ ᠬᠤᠷᠢᠶ᠎ᠠ ᠵᠡᠷᠭᠡ ᠨᠢᠭᠡᠴᠡ ᠪᠣᠯᠤᠨ ᠠᠵᠤ ᠠᠬᠤᠶᠢᠯᠠᠯ ᠤᠨ ᠠᠵᠢᠯᠲᠠᠳ ᠶᠠᠷᠢᠯᠴᠠᠬᠤ ᠬᠤᠷᠠᠯ ᠳᠤ ᠣᠷᠣᠯᠴᠠᠪᠠ᠃  
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号