| | ᠣᠶᠢᠷ᠎ᠠ ᠶᠢᠨ ᠡᠳᠦᠷ ᠤᠳ ᠲᠤ᠂ ᠳᠤᠮᠳᠠᠳᠤ ᠧᠦ᠋ᠷᠣᠫᠠ ᠶᠢᠨ 40 ᠭᠠᠷᠤᠶ ᠴᠤᠪᠤᠭ᠎ᠠ ᠵᠢᠰᠢᠶᠠᠨ ᠤ ᠲᠡᠷᠭᠡ ᠡᠷᠢᠶᠡᠨ | ᠲᠡᠮᠦᠷ ᠵᠠᠮ ᠤᠨ ᠪᠣᠭᠤᠮᠲᠠ ᠪᠠᠷ ᠥᠩᠭᠡᠷᠡᠵᠦ᠂ ᠡᠳᠦᠷ ᠲᠤᠲᠤᠮ ᠤᠨ ᠬᠡᠷᠡᠭᠯᠡᠭᠡᠨ ᠤ ᠪᠦᠷᠢᠨ ᠪᠠᠷᠠᠭ᠎ᠠ᠂ ᠮᠠᠰᠢᠨ | ᠲᠥᠬᠦᠭᠡᠷᠦᠮᠵᠢ᠂ ᠨᠡᠭᠦᠷᠡᠰᠦ᠂ ᠲᠦᠭᠦᠬᠡᠶ ᠴᠢᠯᠠᠭᠤᠨ ᠲᠣᠰᠣ᠂ ᠮᠣᠳᠣᠨ ᠮᠠᠲ᠋ᠧᠷᠢᠶᠠᠯ᠂ ᠲᠡᠮᠦᠷ ᠤᠨ ᠬᠦᠳᠡᠷ ᠵᠡᠷᠭᠡ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠮᠣᠩᠭᠤᠯ ᠤᠯᠤᠰ᠂ ᠣᠷᠣᠰ᠂ ᠧᠦ᠋ᠷᠣᠫᠠ ᠶᠢᠨ | ᠤᠯᠤᠰ ᠵᠢᠴᠢ ᠤᠯᠤᠰ ᠤᠨ ᠳᠣᠲᠣᠭᠠᠳᠤ ᠶᠢᠨ ᠣᠯᠠᠨ ᠮᠤᠵᠢ ᠬᠤᠲᠠ ᠳᠤ ᠵᠥᠭᠡᠭᠡᠪᠦᠷᠢᠯᠡᠵᠦ ᠪᠠᠶᠢᠨ᠎ᠠ᠃ | | ᠰᠤᠷᠪᠤᠯᠵᠢᠯᠠᠭᠴᠢ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠠᠴᠠ | ᠣᠶᠢᠯᠠᠭᠠᠭᠰᠠᠨ ᠢᠶᠠᠷ᠂ 8 ᠰᠠᠷ᠎ᠠ ᠶᠢᠨ 9 ᠤ ᠡᠳᠦᠷ ᠪᠣᠯᠲᠠᠯ᠎ᠠ᠂ ᠡᠷᠢᠶᠡᠨ ᠤ ᠲᠡᠮᠦᠷ ᠵᠠᠮ ᠤᠨ ᠪᠣᠭᠤᠮᠲᠠ ᠪᠠᠷ ᠣᠷᠣᠵᠤ | ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠨᠡᠶᠢᠲᠡ 1543 ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 20.2% ᠢᠶᠠᠷ ᠨᠡᠮᠡᠭᠳᠡᠨ᠂ ᠨᠢᠳᠤᠨᠤᠨ ᠤ ᠬᠢ ᠠᠴᠠ 30 ᠡᠳᠦᠷ ᠤᠷᠢᠳᠴᠢᠯᠠᠨ 1500 | ᠴᠤᠪᠤᠭ᠎ᠠ ᠲᠡᠷᠭᠡ ᠶᠢ ᠳᠠᠪᠠᠵᠠᠶ᠃ | | ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠠᠭᠠᠷ ᠤᠨ ᠲᠡᠭᠡᠭᠡᠪᠦᠷᠢ᠂ ᠲᠡᠯᠡᠶ ᠶᠢᠨ ᠲᠡᠭᠡᠭᠡᠪᠦᠷᠢ ᠵᠠᠯᠭᠠᠭ᠎ᠠ ᠪᠠᠷ | ᠨᠥᠯᠥᠭᠡᠯᠡᠭᠳᠡᠭᠰᠡᠨ ᠪᠠᠶᠢᠳᠠᠯ ᠳᠣᠤᠷ᠎ᠠ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠲᠡᠭᠡᠭᠡᠪᠦᠷᠢ ᠶᠢᠨ | ᠬᠦᠴᠦᠨ ᠢᠶᠠᠷ ᠶᠡᠭᠡ᠂ ᠴᠠᠭ ᠢᠶᠠᠷ ᠣᠨᠣᠪᠴᠢᠲᠠᠶ᠂ ᠦᠨ᠎ᠡ ᠬᠠᠩᠰᠢ ᠪᠠᠷ ᠬᠢᠮᠳᠠ ᠵᠡᠷᠭᠡ ᠥᠪᠡᠷᠮᠢᠴᠡ ᠳᠠᠪᠠᠭᠤᠯᠢᠭ ᠢᠶᠠᠷ ᠢᠶᠠᠨ | ︽ᠰᠢᠨ᠎ᠡ ᠬᠦᠴᠦᠨ ᠴᠣᠯᠭᠤᠷᠠᠨ ᠭᠠᠷᠴᠤ︾᠂ ᠲᠠᠷᠬᠠᠭᠠᠯᠲᠠ ᠶᠢᠨ ᠲᠤᠭ᠎ᠠ ᠬᠡᠮᠵᠢᠶ᠎ᠡ ᠨᠢ ᠦᠷᠭᠦᠯᠵᠢᠯᠡᠨ ᠨᠡᠮᠡᠭᠳᠡᠵᠦ᠂ ᠣᠯᠠᠨ | ᠤᠯᠤᠰ ᠤᠨ ᠪᠠᠷᠠᠭᠠᠨ ᠤ ᠬᠦᠢᠯᠭᠡᠭᠡᠨ ᠤ ᠬᠡᠯᠬᠢᠶ᠎ᠡ ᠶᠢᠨ ᠲᠤᠯᠭᠠᠭᠤᠷᠢ ᠬᠦᠴᠦᠨ ᠪᠣᠯᠤᠭᠰᠠᠨ ᠪᠠᠶᠢᠨ᠎ᠠ᠃ ᠳᠤᠮᠳᠠᠳᠤ | ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠦᠷᠭᠡᠨ ᠬᠥᠭᠵᠢᠯᠲᠡ ᠨᠢ ᠵᠠᠮ ᠳᠠᠭᠠᠤ ᠶᠢᠨ ᠠᠵᠤ ᠠᠬᠤᠢ ᠶᠢ | ᠳᠠᠶᠢᠴᠢᠯᠠᠬᠤ ᠪᠠ ᠠᠬᠢᠭᠤᠯᠬᠤ ᠦᠢᠯᠡᠳᠦᠯ ᠢ ᠲᠤᠪᠤᠶᠢᠯᠭᠠᠵᠦ᠂ ᠤᠯᠠᠨ ᠬᠤᠳᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ | ᠭᠠᠯᠲᠤ ᠲᠡᠷᠭᠡ ᠶᠢᠨ ︽ᠨᠠᠶᠢᠵᠠ ᠶᠢᠨ ᠬᠦᠢᠷᠶᠡ︾ ᠳᠤ ᠣᠷᠣᠬᠤ ᠶᠢ ᠴᠢᠨᠠᠭᠰᠢᠳᠠ ᠥᠷᠭᠡᠳᠬᠡᠵᠡᠢ᠃ ᠣᠲᠣ ᠪᠣᠯᠲᠠᠯ᠎ᠠ᠂ | ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ | ᠲᠡᠷᠭᠡ ᠶᠢᠨ ᠠᠶᠠᠯᠠᠯ ᠤᠨ ᠱᠤᠭᠤᠮ ᠨᠢᠭᠡᠨᠲᠡ 51 ᠵᠤᠷᠪᠤᠰ ᠪᠣᠯᠵᠣ᠂ ᠬᠢᠯᠢ ᠶᠢᠨ ᠳᠣᠲᠣᠷᠠᠬᠢ ᠠᠩᠬᠠᠳᠠᠭᠴᠢ ᠭᠠᠵᠠᠷ ᠨᠢ | ᠪᠥᠬᠦ ᠤᠯᠤᠰ ᠤᠨ 40 ᠭᠠᠷᠤᠶ ᠬᠤᠲᠠ ᠶᠢ ᠬᠠᠮᠤᠷᠴᠤ᠂ ᠬᠢᠯᠢ ᠶᠢᠨ ᠭᠠᠳᠠᠨᠠᠬᠢ ᠵᠣᠷᠢᠭᠰᠠᠨ ᠭᠠᠵᠠᠷ ᠨᠢ 10 ᠤᠯᠤᠰ ᠤᠨ | 60 ᠭᠠᠷᠤᠶ ᠭᠠᠵᠠᠷ ᠣᠷᠣᠨ᠂ ᠭᠠᠷᠠᠮ ᠳᠤ ᠬᠦᠷᠲᠡᠯ᠎ᠡ ᠥᠷᠭᠡᠵᠢᠪᠡ᠃ | | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠨᠡᠪᠲᠡᠷᠡᠬᠦ ᠶᠢ | ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠬᠢᠨ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠶᠤᠨᠲᠤ ᠬᠢᠯᠢ ᠶᠢᠨ | ᠪᠠᠶᠢᠴᠠᠭᠠᠯᠲᠠ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠰᠢᠨ ᠲᠡᠷᠭᠡᠨ ᠤ ᠪᠠᠶᠢᠴᠠᠭᠠᠯᠲᠠ ᠶᠢᠨ | ᠮᠡᠳᠡᠭᠡ ᠵᠠᠩᠭᠢᠵᠢᠯᠲᠠ᠂ ︽ᠥᠯᠥ ᠬᠦᠷᠦᠯᠴᠡᠬᠦ︾ ᠮᠠᠶ᠋ᠢᠭ ᠤᠨ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ | ᠨᠡᠶᠢᠲᠡᠯᠡᠨ ᠬᠡᠷᠡᠭᠵᠢᠭᠦᠯᠵᠦ᠂ ︽ᠬᠠᠷᠢᠯᠴᠠᠨ ᠥᠯᠥ ᠭᠠᠷᠬᠤ᠂ ᠬᠠᠷᠢᠯᠴᠠᠨ ᠮᠡᠳᠡᠷᠡᠬᠦ ᠪᠢᠲᠡᠭᠦᠮᠵᠢᠯᠡᠬᠦ ᠬᠠᠭᠤᠳᠠᠰᠤ︾ ᠪᠥᠬᠦ | ᠶᠠᠪᠤᠴᠠ ᠶᠢ ᠪᠢᠲᠡᠭᠦᠮᠵᠢᠯᠡᠨ ᠬᠠᠮᠢᠶᠠᠷᠬᠤ ᠪᠠᠶᠢᠴᠠᠭᠠᠨ ᠰᠢᠯᠭᠠᠬᠤ ᠵᠠᠭᠪᠤᠷ ᠢ ᠬᠡᠷᠡᠭᠵᠢᠭᠦᠯᠦᠨ᠂ ︽7 × 24︾ ᠶᠢᠨ ᠪᠥᠬᠦ | ᠡᠳᠦᠷ ᠤᠨ ᠪᠣᠭᠤᠮᠲᠠ ᠪᠠᠷ ᠥᠩᠭᠡᠷᠡᠬᠦ ᠵᠠᠭᠪᠤᠷ ᠢ ᠬᠡᠷᠡᠭᠵᠢᠭᠦᠯᠵᠦ᠂ ᠳᠤᠮᠳᠠᠳᠤ ᠧᠦ᠋ᠷᠣᠫᠠ ᠶᠢᠨ ᠡᠭᠡᠯᠵᠢᠨ ᠤ ᠭᠠᠯᠲᠤ | ᠲᠡᠷᠭᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠡᠭᠡᠯᠵᠢᠨ ᠤ | ᠭᠠᠯᠲᠤ ᠲᠡᠷᠭᠡ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ | ᠪᠠᠷᠠᠭᠠᠨ ᠤ ᠬᠦᠢᠯᠭᠡᠭᠡ ᠶᠢ ᠰᠠᠭᠠᠳ ᠥᠬᠡᠶ ᠨᠡᠪᠲᠡᠷᠡᠭᠦᠯᠦᠨ᠎ᠡ᠃ |