︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠨ᠎ᠡ︾ ᠭᠡᠵᠦ ᠠᠵᠤ ᠠᠬᠤᠶᠢᠯᠠᠯ ᠳᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠨ᠎ᠡ︕ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠲᠠᠰ ᠳᠡᠪᠰᠢᠪᠡ
ᠨᠡᠶᠢᠲᠡᠯᠡᠭᠰᠡᠨ ᠴᠠᠭ᠄
2021/8/16
       ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠤᠶᠠᠳᠤᠭᠠᠷ ᠳᠠᠪᠬᠤᠷ ᠢ ᠡᠨᠡ ᠵᠢᠯ ᠤᠨ 6 ᠰᠠᠷ᠎ᠠ ᠶᠢᠨ ᠳᠤᠮᠳᠠᠴᠢ ᠠᠴᠠ ᠡᠬᠢᠯᠡᠨ ᠥᠭᠡᠷᠡᠴᠢᠯᠡᠨ ᠲᠠᠰ ᠳᠡᠪᠰᠢᠭᠦᠯᠵᠦ᠂ ᠣᠶᠢᠷ᠎ᠠ ᠶᠢᠨ ᠬᠤᠭᠤᠴᠠᠭᠠᠨ ᠳᠤ ᠥᠭᠡᠷᠡᠴᠢᠯᠡᠨ ᠳᠠᠭᠤᠰᠬᠠᠪᠠ᠃ ᠥᠭᠡᠷᠡᠴᠢᠯᠡᠨ ᠲᠠᠰ ᠳᠡᠪᠰᠢᠭᠦᠯᠦᠭᠰᠡᠨ ᠤ ᠳᠠᠷᠠᠭᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ ︽ᠨᠠᠩ ᠵᠢᠷᠤᠮᠵᠢᠭᠤᠨ᠂ ᠨᠠᠩ ᠥᠨᠳᠥᠷ ᠪᠦᠲᠦᠮᠵᠢᠲᠡᠶ᠂ ᠨᠠᠩ ᠴᠢᠨᠠᠷ ᠰᠠᠶᠢᠲᠠᠶ︾ ᠪᠠᠶᠢᠬᠤ ᠳᠦᠷᠢ ᠲᠥᠷᠬᠦ ᠪᠠᠷ ᠠᠰᠢᠭᠯᠠᠯᠲᠠ ᠳᠤ ᠣᠷᠣᠵᠤ᠂ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ᠂ ᠦᠢᠯᠡᠴᠢᠯᠡᠭᠡᠨ ᠤ ᠲᠥᠷᠥᠯ ᠵᠦᠢᠯ ᠢ ᠨᠡᠮᠡᠭᠳᠡᠭᠦᠯᠬᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠪᠣᠭᠤᠮᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃        ᠥᠭᠡᠷᠡᠴᠢᠯᠡᠨ ᠲᠠᠰ ᠳᠡᠪᠰᠢᠭᠦᠯᠦᠭᠰᠡᠨ ᠤ ᠳᠠᠷᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠶᠡᠷᠦᠩᠬᠡᠶ ᠲᠠᠯᠠᠪᠠᠶ ᠶᠢ 1100 ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ ᠠᠵᠢᠯ ᠶᠠᠪᠤᠳᠠᠯ ᠬᠦᠢᠴᠡᠳᠬᠡᠬᠦ ᠦᠢᠯᠡᠴᠢᠯᠡᠭᠡᠨ ᠤ ᠴᠣᠩᠬᠤ ᠶᠢ 42 ᠨᠡᠮᠡᠨ ᠪᠠᠶᠢᠭᠤᠯᠵᠤ᠂ ᠪᠦᠬᠦᠯᠢ ᠴᠣᠭᠴᠠ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠳᠣᠭᠢᠷᠠᠭᠤᠯᠬᠤ ᠪᠠ ᠰᠢᠯᠢᠳᠡᠭᠵᠢᠭᠦᠯᠬᠦ ᠪᠠᠷ ᠳᠠᠮᠵᠢᠭᠤᠯᠤᠨ᠂ 107 ᠵᠦᠢᠯᠡᠰ ᠢ ᠡᠮᠬᠢᠯᠡᠨ ᠨᠡᠶᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠥᠪᠯᠡᠷᠡᠭᠦᠯᠦᠨ ᠬᠦᠢᠴᠡᠳᠬᠡᠬᠦ︾ ᠶᠢ ᠪᠡᠶᠡᠯᠡᠭᠦᠯᠪᠡ᠃ ᠬᠦᠯᠢᠶᠡᠨ ᠠᠪᠴᠤ ᠰᠢᠢᠳᠪᠣᠷᠢᠯᠡᠬᠦ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢᠨ ᠥᠷᠭᠡᠳᠬᠦ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ ᠨᠡᠮᠡᠨ ᠪᠠᠶᠢᠭᠤᠯᠬᠤ᠂ ᠦᠢᠯᠡᠴᠢᠯᠡᠭᠡᠨ ᠤ ᠴᠣᠩᠬᠤ ᠶᠢ ᠡᠮᠬᠢᠯᠡᠨ ᠨᠡᠶᠢᠯᠡᠭᠦᠯᠬᠦ ᠵᠢᠴᠢ ᠲᠦᠷᠦᠯᠵᠢᠭᠦᠯᠬᠦ ᠶᠢ ᠳᠠᠭᠠᠯᠳᠤᠨ᠂ ᠴᠣ ᠰᠢᠨ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠤᠯᠠᠨ ᠲᠦᠮᠡᠨ ᠢ ︽ᠨᠢᠭᠡ ᠯᠡ ᠡᠭᠦᠳᠡ ᠪᠠᠷ ᠣᠷᠣᠵᠦ᠂ ᠠᠯᠢᠪᠠ ᠶᠠᠪᠤᠳᠠᠯ ᠢ ᠬᠦᠢᠴᠡᠳᠬᠡᠬᠦ︾ ᠪᠣᠯᠭᠠᠪᠠ᠃
     ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠲᠤᠰᠬᠠᠶ ᠣᠷᠣᠨ
     ᠠᠵᠤ ᠠᠬᠤᠶᠢᠯᠠᠯ ᠡᠷᠬᠢᠯᠡᠬᠦ ᠲᠤᠰᠬᠠᠶ ᠣᠷᠣᠨ
    ᠤᠯᠠᠨ ᠲᠦᠮᠡᠨ ᠲᠤᠬᠠᠶᠢᠯᠠᠭᠰᠠᠨ ᠠᠵᠢᠯ ᠢᠶᠠᠨ ᠡᠷᠬᠢᠯᠡᠨ ᠬᠢᠬᠦ
ᠳᠡᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠲᠢᠩᠬᠢᠮ        ᠲᠠᠰ ᠳᠡᠪᠰᠢᠭᠦᠯᠦᠭᠰᠡᠨ ᠤ ᠳᠠᠷᠠᠭᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠤᠶᠠᠳᠤᠭᠠᠷ ᠳᠠᠪᠬᠤᠷ ᠢ ᠠᠵᠤ ᠠᠬᠤᠶᠢᠯᠠᠯ ᠨᠡᠭᠡᠭᠡᠨ ᠡᠷᠭᠢᠯᠡᠬᠦ᠂ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡ᠂ ᠠᠵᠤ  ᠦᠢᠯᠡᠳᠪᠣᠷᠢ ᠶᠢᠨ ᠥᠭᠡᠷᠡᠴᠢᠯᠡᠯᠲᠡ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠵᠡᠷᠭᠡ 4 ᠲᠤᠰᠬᠠᠶ ᠣᠷᠣᠨ ᠬᠤᠪᠢᠶᠠᠪᠠ᠃ ᠠᠵᠤ ᠠᠬᠤᠶᠢᠯᠠᠯ ᠲᠤᠰᠬᠠᠶ ᠣᠷᠣᠨ ᠭᠠᠷᠭᠠᠵᠤ ᠠᠵᠤ ᠠᠬᠤᠶᠢᠯᠠᠯ ᠳᠤ ︽ᠨᠢᠭᠡ ᠥᠷᠲᠡᠭᠡᠨ ᠤ ᠮᠠᠶ᠋ᠢᠭ ︾ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠪᠠᠶᠢᠭᠤᠯᠬᠤ᠂ ᠠᠯᠪᠠᠨ ᠲᠠᠮᠠᠭ᠎ᠠ ᠰᠡᠶᠢᠯᠬᠦ᠂ ᠪᠠᠩᠬᠢ ᠶᠢᠨ ᠲᠠᠩᠰᠠ ᠨᠡᠭᠡᠭᠡᠬᠦ᠂ ᠭᠠᠶᠢᠯᠢ ᠶᠢᠨ ᠶᠠᠪᠤᠳᠠᠯ ᠢ ᠮᠡᠳᠡᠭᠦᠯᠬᠦ᠂ ᠪᠠᠷᠢᠮᠲᠠ ᠭᠤᠶᠤᠴᠢᠯᠠᠨ ᠠᠪᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠳᠠᠩᠰᠠᠯᠠᠬᠤ᠂ ᠨᠡᠶᠢᠭᠡᠮ ᠤᠨ ᠳᠠᠭᠠᠳᠬᠠᠯ ᠢ ᠳᠠᠩᠰᠠᠯᠠᠬᠤ ᠵᠡᠷᠭᠡ ᠲᠤᠬᠠᠶᠢᠯᠠᠭᠰᠠᠨ ᠠᠵᠢᠯ ᠢ ᠬᠠᠮᠤᠷᠤᠭᠰᠠᠨ ᠪᠥᠭᠡᠳ ᠪᠣᠶ ᠪᠥᠬᠦᠶ ᠲᠤᠬᠠᠶᠢᠯᠠᠭᠰᠠᠨ ᠠᠵᠢᠯ ᠢ ᠬᠦᠢᠴᠡᠳᠬᠡᠬᠦ ᠶᠠᠪᠤᠴᠠ ᠶᠢ ᠵᠥᠪᠬᠡᠨ 0.5 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠴᠢᠬᠡᠨ᠎ᠡ︔ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠲᠤᠰᠬᠠᠶ ᠣᠷᠣᠨ ᠳᠤ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ᠂ ᠬᠢᠯᠢ ᠪᠠᠷ ᠣᠷᠣᠵᠤ ᠭᠠᠷᠬᠤ ᠲᠤᠬᠠᠶᠢᠯᠠᠭᠰᠠᠨ ᠠᠵᠢᠯ ᠵᠢᠴᠢ ᠮᠠᠰᠢᠨᠲᠤ ᠲᠡᠷᠭᠡᠨ ᠤ ᠲᠤᠬᠠᠶᠢᠯᠠᠭᠰᠠᠨ ᠠᠵᠤ ᠦᠢᠯᠡᠳᠪᠣᠷᠢ  ᠶᠢᠨ ᠥᠭᠡᠷᠡᠴᠢᠯᠡᠯᠲᠡ ᠶᠢᠨ ᠲᠤᠰᠬᠠᠶ ᠣᠷᠣᠨ ᠳᠤ ᠣᠳᠣᠬᠠᠨ ᠳᠤ ᠴᠠᠬᠢᠯᠭᠠᠨ ᠬᠦᠴᠦᠨ ᠤ ᠺᠣᠮᠫᠠᠨᠢ᠂ ᠲᠦᠭᠡᠭᠡᠯ ᠤᠰᠤᠨ ᠤ ᠺᠣᠮᠫᠠᠨᠢ᠂ ᠢᠯᠴᠢ ᠬᠠᠩᠭᠠᠬᠤ ᠺᠣᠮᠫᠠᠨᠢ ᠶᠢᠨ ᠮᠡᠳᠡᠭᠦᠯᠦᠨ ᠤᠭᠰᠠᠷᠠᠬᠤ  ᠦᠢᠯᠡᠴᠢᠯᠡᠭᠡ ᠣᠷᠣᠵᠤ ᠰᠠᠭᠤᠵᠤ ᠪᠣᠶ᠃        ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠨᠢᠭᠡ ᠬᠡᠯᠬᠢᠶ᠎ᠡ ᠪᠠᠷ ᠬᠦᠢᠴᠡᠳᠬᠡᠬᠦ︾ ︽ᠳᠥᠷᠪᠡ ᠶᠢ ᠬᠦᠢᠴᠡᠳᠬᠡᠬᠦ︾ ᠦᠢᠯᠡᠴᠢᠯᠡᠭᠡᠨ ᠤ ᠠᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠯᠠᠨ ᠲᠦᠮᠡᠨ ᠤ ᠮᠡᠳᠡᠭᠡ ᠵᠠᠩᠭᠢ ᠪᠠ ᠮᠠᠲ᠋ᠧᠷᠢᠶᠠᠯ ᠢ ᠲᠠᠭᠯᠠᠨ ᠮᠡᠳᠡᠭᠦᠯᠬᠦ ᠳᠤ ᠬᠡᠷᠡᠭᠰᠡᠬᠦ ᠬᠦᠢᠴᠡᠳᠬᠡᠬᠦ ᠭᠤᠭᠴᠤᠭ᠎ᠠ ᠪᠠ ᠬᠦᠢᠴᠡᠳᠬᠡᠬᠦ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠴᠤᠪᠤᠷᠠᠯ ᠢ ᠰᠢᠯᠢᠳᠡᠭᠵᠢᠭᠦᠯᠦᠨ᠂ ︽ᠪᠥᠬᠦ ᠬᠡᠯᠬᠢᠶ᠎ᠡ︾ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ  ᠰᠢᠯᠢᠳᠡᠭᠵᠢᠬᠦᠯᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号