ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠡᠬᠡᠵᠢᠭᠦᠯᠵᠦ ᠬᠤᠳᠠ ᠶᠢᠨ ᠠᠷᠠᠳ ᠤᠨ ᠠᠮᠤᠷ ᠲᠥᠪᠰᠢᠨ ᠢ ᠪᠠᠲᠤᠯᠠᠵᠤ  ᠪᠠᠶᠢᠭ᠎ᠠ
ᠨᠡᠶᠢᠲᠡᠯᠡᠭᠰᠡᠨ ᠴᠠᠭ᠄
2021/8/18
ᠭᠠᠷᠴᠠᠭ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠡᠬᠡᠵᠢᠭᠦᠯᠵᠦᠬᠤᠳᠠ ᠶᠢᠨ ᠠᠷᠠᠳ ᠤᠨ ᠠᠮᠤᠷ ᠲᠥᠪᠰᠢᠨ ᠢ ᠪᠠᠲᠤᠯᠠᠵᠤ  ᠪᠠᠶᠢᠭ᠎ᠠᠤᠷᠴᠢᠭᠤᠯᠤᠭᠴᠢ᠄ ᠰᠤᠯᠤᠩᠭᠤᠸ᠎ᠡᠤᠳᠤᠷᠢᠳᠬᠠᠯ᠄      8 ᠰᠠᠷ᠎ᠠ ᠶᠢᠨ 10  ᠤ ᠡᠳᠦᠷ᠂  ᠬᠤᠳᠠ ᠶᠢᠨ ᠵᠠᠮ  ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶᠠᠨ ᠤ ᠬᠠᠮᠢᠶᠠᠲᠠᠢ ᠬᠠᠷᠢᠭᠤᠴᠯᠠᠭᠠᠲᠠᠨ  ᠢᠶᠠᠷ ᠪᠦᠷᠢᠯᠳᠦᠭᠰᠡᠨ ᠪᠠᠶᠢᠴᠠᠭᠠᠬᠤ ᠲᠤᠭᠤᠶᠢᠯᠠᠩ ᠶᠤᠸᠠᠨ ᠱᠦᠨ ᠲᠡᠭᠡᠭᠡᠪᠦᠷᠢ ᠶᠢᠨ ᠬᠢᠵᠠᠭᠠᠷᠲᠤ ᠺᠤᠮᠫᠠᠨᠢ ᠳᠤ ᠭᠦᠨᠵᠡᠭᠡᠶᠢᠷᠡᠨ᠂  ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠶᠢᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠵᠤ᠂  ᠬᠢᠨᠠᠨ ᠡᠵᠡᠮᠳᠡᠬᠦ ᠬᠦᠴᠦᠯᠡᠴᠡ ᠪᠠᠨ ᠤᠯᠠᠮ ᠴᠢᠩᠭᠠᠳᠬᠠᠵᠠᠢ᠃ ᠲᠠᠶᠢᠯᠤᠮᠵᠢ  ᠄  ᠪᠠᠶᠢᠴᠠᠭᠠᠬᠤ ᠲᠤᠭᠤᠶᠢᠯᠠᠩ‌ᠠᠶᠠᠨᠴᠢᠳ ᠤᠨ ᠮᠠᠰᠢᠨ ᠲᠡᠷᠭᠡᠨ ᠤ ᠥᠷᠲᠡᠭᠡ‌ᠵᠢᠴᠢ ᠲᠡᠷᠭᠡ‌ᠤᠨᠤᠭᠠᠨ ᠤ ᠠᠷᠢᠭᠤᠳᠬᠠᠯ ᠤᠨ ᠪᠠᠶᠢᠳᠠᠯ᠂ ᠵᠢᠯᠤᠭᠤᠴᠢ ᠠᠵᠢᠯᠲᠠᠨ  ᠤ ᠬᠤᠪᠢ ᠬᠦᠮᠦᠨ ᠤ  ᠬᠠᠮᠠᠭᠠᠯᠠᠯᠲᠠ ᠶᠢᠨ ᠪᠠᠶᠢᠳᠠᠯ᠂  ᠥᠷᠲᠡᠭᠡᠨ ᠳᠤ ᠤᠷᠤᠵᠤ ᠭᠠᠷᠬᠤ ᠠᠶᠠᠨᠴᠢᠳ ᠤᠨ ᠪᠡᠶ᠎ᠡ ᠶᠢᠨ ᠲᠤᠯᠠᠭᠠᠨ ᠤ ᠪᠠᠶᠢᠴᠠᠭᠠᠯᠲᠠ᠂  ᠺᠤᠲ  ᠰᠢᠷᠪᠢᠬᠦ᠂  ᠠᠮᠠᠪᠴᠢ ᠵᠡᠭᠦᠭᠰᠡᠨ ᠵᠡᠷᠭᠡ ᠬᠢᠵᠢᠭ ᠤᠨ ᠪᠠᠶᠢᠳᠠᠯ ᠶᠢ  ᠰᠡᠷᠭᠡᠶᠢᠡᠯᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ  ᠢ ᠭᠤᠤᠯᠳᠠᠯᠭᠠᠲᠠᠢ ᠪᠠᠶᠢᠴᠠᠭᠠᠵᠠᠢ᠃      ᠪᠠᠶᠢᠴᠠᠭᠠᠬᠤ ᠲᠤᠭᠤᠶᠢᠯᠠᠩ ᠠᠴᠠ᠂ ᠠᠶᠠᠨᠴᠢᠳ ᠤᠨ ᠮᠠᠰᠢᠨ ᠲᠡᠷᠭᠡᠨ‌ᠥᠷᠲᠡᠭᠡᠨ ᠤ ᠡᠭᠦᠳᠡᠨ ᠳᠤ ᠰᠠᠨᠠᠭᠤᠯᠤᠮᠵᠢ   ᠶᠢᠨ ᠪᠢᠴᠢᠭ ᠨᠠᠭᠠᠵᠤ᠂  ᠠᠶᠠᠨᠴᠢᠳ ᠪᠤᠯᠤᠨ ᠠᠵᠢᠯᠲᠠᠳ ᠠᠮᠠᠪᠴᠢ ᠵᠡᠭᠦᠵᠦ᠂  ᠲᠤᠭᠲᠠᠭᠠᠯ ᠶᠤᠰᠤᠭᠠᠷ ᠵᠠᠢ ᠶᠢ ᠪᠠᠷᠢᠮᠲᠠᠯᠠᠵᠤ᠂ ᠺᠤᠲ ᠰᠢᠷᠪᠢᠨ᠂ ᠲᠤᠯᠠᠭᠠᠨ ᠢ ᠬᠡᠮᠵᠢᠵᠦ᠂  ᠪᠦᠬᠦ ᠠᠶᠠᠯᠠᠵᠤ  ᠪᠠᠶᠢᠭ᠎ᠠ ᠲᠡᠷᠭᠡ ᠤᠨᠤᠭᠠᠨ ᠳᠤ ᠶᠡᠭᠡ ᠳ᠋ᠠᠶᠢᠲ᠋ᠠ‌ᠵᠢᠨ ᠲᠤᠭ᠎ᠠ ᠪᠠᠷᠢᠮᠲᠠ ᠶᠢᠨ ᠠᠶᠠᠯᠠᠯ ᠤᠨ ᠺᠤᠲ ᠨᠠᠭᠠᠵᠤ᠂  ᠠᠶᠠᠨᠴᠢᠳ ᠲᠤᠭᠲᠠᠭᠰᠠᠨ ᠭᠠᠵᠠᠷ ᠲᠤ ᠪᠠᠨ ᠬᠦᠷᠦᠭᠰᠡᠨ ᠤ ᠳᠠᠷᠠᠭ᠎ᠠ ᠲᠠᠬᠢᠨ ᠺᠤᠲ  ᠰᠢᠷᠪᠢᠵᠦ᠂ ᠠᠶᠠᠨᠴᠢᠳ ᠤᠨ ᠮᠡᠳᠡᠭᠡ ᠵᠠᠩᠭᠢ ᠶᠢ ᠳᠠᠩᠰᠠᠯᠠᠵᠤ᠂   ᠡᠳᠦᠷ ᠪᠤᠯᠭᠠᠨ ᠤ ᠮᠡᠳᠡᠭᠡ‌ᠵᠠᠩᠭᠢ  ᠶᠢ ᠳᠠᠷᠤᠶᠢᠬᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠤᠨ ᠨᠡᠶᠢᠭᠡᠮ ᠤᠨ ᠬᠢᠨᠠᠨ ᠡᠵᠡᠮᠳᠡᠬᠦ ᠲᠤᠭᠤᠶᠢᠯᠠᠩ ᠳᠤ ᠬᠦᠷᠭᠡᠵᠦ᠂  ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠤᠭᠲᠠᠯᠴᠠᠭ᠎ᠠ ᠶᠢ ᠤᠯᠠᠮ ᠪᠦᠷᠢᠨᠰᠢᠭᠦᠯᠬᠦ ᠬᠡᠷᠡᠭᠲᠡᠢ ᠭᠡᠵᠦ ᠱᠠᠭᠠᠷᠳᠠᠵᠠᠢ᠃   ᠪᠠᠶᠢᠴᠠᠭᠠᠬᠤ ᠲᠤᠭᠤᠶᠢᠯᠠᠩ᠂  ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠡᠯ᠎ᠡ  ᠲᠥᠷᠦᠯ ᠤᠨ ᠠᠷᠭ᠎ᠠ ᠬᠡᠮᠵᠢᠶ᠎ᠡ ᠶᠢ ᠨᠢᠮᠪᠠᠢ ᠨᠠᠶᠢᠳᠠᠪᠤᠷᠢᠵᠢᠭᠤᠯᠤᠨ᠂  ︿︿ᠬᠦᠮᠦᠨ  ᠪᠤᠳᠠᠰ  ᠤᠷᠴᠢᠨ  ᠲᠤᠭᠤᠷᠢᠨ ᠢ ᠬᠠᠮᠲᠤ ᠳᠤᠨᠢ ᠰᠡᠷᠭᠡᠶᠢᠯᠡᠬᠦ﹀﹀ ᠶᠢ ᠪᠠᠷᠢᠮᠲᠠᠯᠠᠵᠤ᠂  ᠬᠢᠵᠢᠭ ᠤᠨ ᠪᠠᠶᠢᠳᠠᠯ ᠨᠡᠶᠢᠲᠡ  ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠪᠠᠷ ᠳᠠᠮᠵᠢᠭᠤᠯᠤᠭᠳᠠᠬᠤ ᠶᠢ ᠴᠢᠩᠭ᠎ᠠ ᠰᠡᠷᠭᠡᠶᠢᠯᠡᠵᠦ᠂  ᠠᠶᠠᠨᠴᠢᠳ ᠤᠨ ᠠᠶᠠᠯᠠᠯ ᠤᠨ ᠠᠮᠤᠷ ᠲᠥᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠴᠢᠯᠠᠯ᠎ᠠ᠃ ᠰᠤᠷᠪᠤᠯᠵᠢᠯᠠᠭ᠎ᠠ᠄  ᠮᠠᠰᠢᠨ  ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ︿︿ᠬᠢᠯᠢ ᠶᠢᠨ ᠭᠠᠳᠠᠨ᠎ᠠ ᠠᠴᠠ ᠳᠠᠮᠵᠢᠭᠤᠯᠤᠭᠳᠠᠨ ᠤᠷᠤᠵᠤ ᠢᠷᠡᠬᠦ  ᠠᠴᠠᠰᠡᠷᠭᠡᠶᠢᠯᠡᠵᠦ   ᠲᠤᠳᠤᠭᠠᠲᠤ ᠳᠤ ᠲᠠᠬᠢᠨ ᠲᠡᠯᠭᠡᠷᠡᠬᠦ ᠠᠴᠠ ᠰᠡᠷᠭᠡᠶᠢᠯᠡᠬᠦ  ﹀﹀  ᠭᠤᠤᠯ ᠪᠠᠶᠢᠯᠳᠤᠬᠤᠪᠤᠲᠤᠯᠭ᠎ᠠ ᠶᠢᠨ ᠨᠢᠭᠡ ᠪᠠᠶᠢᠵᠤ᠂  ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠨ ᠬᠢᠬᠦ ᠬᠠᠷᠢᠭᠤᠴᠠᠯᠭ᠎ᠠ ᠬᠦᠨᠳᠦ᠂   ᠠᠶᠠᠨᠴᠢᠳ ᠤᠨ ᠮᠠᠰᠢᠨ ᠲᠡᠷᠭᠡᠨ‌ᠥᠷᠲᠡᠭᠡᠨ ᠤ ᠠᠵᠢᠯᠲᠠᠳ ᠤᠨ ᠪᠡᠶ᠎ᠡ ᠶᠢᠨ ᠲᠤᠯᠠᠭᠠᠨ ᠢ ᠬᠡᠮᠵᠢᠬᠦ᠂  ᠪᠠᠶᠢᠴᠠᠭᠠᠨ ᠳᠠᠩᠰᠠᠯᠠᠬᠤ ᠵᠡᠷᠭᠡ‌ᠠᠵᠢᠯ  ᠳᠤ  ᠪᠠᠶᠢᠴᠠᠭᠠᠬᠤᠬᠦᠴᠦᠯᠡᠴᠡ ᠪᠠᠨ ᠴᠢᠩᠭᠠᠳᠬᠠᠵᠤ᠂ ᠤᠯᠠᠨ ᠲᠦᠮᠡᠨ ᠤ ᠡᠷᠡᠭᠦᠯ ᠮᠡᠨᠳᠦ ᠶᠢᠨ ᠲᠥᠯᠦᠭᠡᠪᠠᠲᠤ ᠪᠠᠬᠢ  ︿︿ᠠᠮᠤᠷ ᠲᠥᠪᠰᠢᠨ ᠤ  ᠰᠡᠷᠭᠡᠶᠢᠯᠡᠯᠲᠡ ᠶᠢᠨ ᠬᠡᠷᠡᠮ﹀﹀ ᠶᠢ  ᠪᠠᠶᠢᠭᠤᠯᠬᠤ ᠪᠠᠷᠴᠢᠷᠮᠠᠶᠢᠨ᠎ᠠ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号