ᠯᠦ ᠪᠤᠤ ᠳ᠋ᠦᠡᠭ ᠬᠤᠳᠠ ᠶᠢᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2021/8/18
ᠭᠠᠷᠴᠠᠭ᠄ ᠯᠦ ᠪᠤᠤ ᠳ᠋ᠦᠡᠭ ᠬᠤᠳᠠ ᠶᠢᠨ ᠳᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨᠤᠷᠴᠢᠭᠤᠯᠤᠭᠴᠢ᠄ ᠰᠤᠯᠤᠩᠭᠤᠸ᠎ᠡ ᠤᠳᠤᠷᠢᠳᠬᠠᠯ᠄   8 ᠰᠠᠷ᠎ᠠ ᠶᠢᠨ16 ᠤ ᠡᠳᠦᠷ᠂  ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂  ᠬᠤᠳᠠ ᠶᠢᠨ ᠳᠠᠷᠤᠭ᠎ᠠ‌ᠯᠦ ᠪᠤᠤ ᠳ᠋ᠦᠡᠭ ᠬᠤᠳᠠ ᠶᠢᠨ ᠳᠠᠷᠤᠭ᠎ᠠ ᠶᠢᠨ ᠠᠯᠪᠠᠯᠠᠬᠤ ᠬᠤᠷᠠᠯ  ᠢ ᠡᠷᠬᠢᠯᠡᠨ ᠬᠤᠷᠠᠯᠳᠤᠭᠤᠯᠵᠤ᠂  ᠲᠥᠷᠦ  ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠶᠡᠭᠡ ᠱᠠᠯᠠᠪᠳᠠᠭᠤᠯᠤᠨ ᠦᠪᠡᠷ ᠢᠶᠠᠨ ᠪᠠᠶᠢᠴᠠᠭᠠᠬᠤ ᠮᠡᠳᠡᠭᠦᠯᠦᠯᠲᠡ ᠶᠢᠨ ᠬᠠᠮᠢᠶᠠᠲᠠᠢ ᠠᠵᠢᠯ ᠢ ᠰᠤᠳᠤᠯᠤᠨ ᠪᠠᠶᠢᠷᠢᠯᠠᠭᠤᠯᠵᠠᠢ᠃  ᠬᠤᠳᠠ ᠶᠢᠨ ᠳᠡᠳ᠋ ᠳᠠᠷᠤᠭ᠎ᠠ ᠴᠤᠭᠵᠢᠯ᠂  ᠭᠦᠸᠧ ᠫᠢᠩ ᠸᠠᠩ᠂  ᠵᠠᠩ ᠶᠢᠩ ᠵᠢᠶᠧ᠂ ᠱᠤᠤ ᠱᠢ ᠴᠢᠶᠠᠩ᠂ ᠬᠤᠳᠠ ᠶᠢᠨ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂  ᠡᠳ᠋ ᠤᠨ ᠵᠠᠰᠠᠭ ᠤᠨ ᠲᠤᠪᠴᠢᠶᠠᠨ ᠤ ᠳᠠᠷᠤᠭ᠎ᠠ ᠢᠤᠢ ᠬᠤᠩ ᠯᠢ ᠬᠤᠷᠠᠯ ᠳᠤ ᠤᠷᠤᠯᠴᠠᠵᠠᠢ᠃ ᠲᠠᠶᠢᠯᠤᠮᠵᠢ᠄    ᠬᠤᠷᠠᠯ ᠳᠡᠭᠡᠷ᠎ᠡ᠂ ᠯᠦ ᠪᠤᠤ ᠳ᠋ᠦᠡᠭ ᠵᠢᠭᠠᠬᠤ ᠳᠠᠭᠠᠨ᠂  ᠲᠥᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠠᠵᠢᠯ ᠤᠨ  ᠬᠠᠮᠢᠶᠠᠷᠬᠤ ᠬᠡᠪᠴᠢᠶ᠎ᠡ ᠦᠷᠭᠡᠨ  ᠪᠠᠶᠢᠵᠤ᠂  ᠡᠯ᠎ᠡ ᠰᠠᠯᠠᠭ᠎ᠠ ᠮᠥᠴᠢᠷ ᠶᠡᠭᠡ ᠱᠠᠯᠠᠪᠳᠠᠭᠤᠯᠤᠨ ᠪᠠᠶᠢᠴᠠᠭᠠᠬᠤ  ᠴᠢᠬᠤᠯᠠ  ᠠᠭᠤᠯᠭ᠎ᠠ ᠶᠢ ᠭᠦᠨᠵᠡᠭᠡᠢ ᠡᠵᠡᠮᠰᠢᠵᠦ᠂   ᠳᠡᠭᠡᠲᠦ ᠬᠡᠮᠵᠢᠶᠡᠨ ᠤ ᠬᠠᠷᠢᠭᠤᠴᠠᠬᠤ ᠤᠪᠤᠷ ᠢᠶᠠᠷ ᠦᠪᠡᠷ ᠢ ᠪᠠᠨ ᠪᠠᠶᠢᠴᠠᠭᠠᠬᠤ ᠠᠵᠢᠯ ᠢ ᠥᠷᠨᠢᠭᠦᠯᠵᠦ᠂  ᠦᠷ᠎ᠠ ᠪᠦᠲᠦᠮᠵᠢ ᠶᠢ ᠳᠡᠭᠡᠭᠰᠢᠯᠡᠭᠦᠯᠵᠦ᠂  ᠢᠳᠡᠪᠬᠢᠲᠠᠢ ᠬᠠᠮᠵᠢᠯᠴᠠᠨ᠂  ᠠᠰᠠᠭᠤᠳᠠᠯ ᠤᠨ  ᠤᠳᠤᠷᠢᠳᠤᠮᠵᠢ ᠶᠢ ᠪᠠᠷᠢᠮᠲᠠᠯᠠᠵᠤ ᠂  ᠶᠡᠷᠦᠩᠬᠡᠶᠢᠯᠡᠨ  ᠳ᠋ᠦᠩᠨᠡᠵᠦ᠂ ᠲᠥᠷᠦ ᠶᠢᠨ ᠶᠠᠪᠤᠳᠠᠯ ᠤᠨ  ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ  ᠶᠢᠨ ᠡᠯ᠎ᠡ  ᠲᠥᠷᠦᠯ ᠤᠨ  ᠠᠵᠢᠯ ᠢ ᠪᠦᠬᠦ ᠬᠦᠴᠦᠨ ᠢᠶᠠᠷ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠡᠢ᠃  ᠪᠠᠶᠢᠴᠠᠭᠠᠯᠲᠠ ᠶᠢᠨ ᠦᠷ᠎ᠠ ᠪᠦᠲᠦᠮᠵᠢ ᠶᠢ ᠭᠦᠢᠴᠡᠳ ᠠᠰᠢᠭᠯᠠᠵᠤ᠂ ᠭᠤᠤᠯᠳᠠᠯᠭᠠᠲᠤ ᠠᠵᠤ ᠠᠬᠤᠶᠢᠯᠠᠯ᠂  ᠭᠤᠤᠯᠳᠠᠯᠭᠠᠲᠤ ᠠᠰᠠᠭᠤᠳᠠᠯ ᠢ ᠴᠠᠭ ᠢᠮᠠᠭᠲᠠ ᠰᠡᠳᠬᠢᠯ ᠳᠤ ᠪᠠᠨ ᠲᠠᠯᠪᠢᠵᠦ᠂ ᠦᠪᠡᠷ ᠤᠨ ᠪᠡᠶ᠎ᠡ ᠪᠠᠷ   ᠢᠶᠠᠨ ᠰᠤᠳᠤᠯᠤᠨ ᠪᠠᠶᠢᠷᠢᠯᠠᠭᠤᠯᠵᠤ ᠲᠤᠬᠢᠷᠠᠯᠴᠠᠭᠤᠯᠤᠨ᠂ ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ᠂  ᠬᠠᠷᠢᠭᠤᠴᠠᠯᠭᠠᠲᠤ ᠪᠠᠶᠢᠭᠤᠯᠭ᠎ᠠ᠂  ᠬᠠᠷᠢᠭᠤᠴᠠᠵᠤ ᠪᠠᠶᠢᠭ᠎ᠠ ᠬᠦᠮᠦᠨ ᠳᠤ ᠨᠠᠶᠢᠳᠠᠪᠤᠷᠢᠵᠢᠭᠤᠯᠵᠤ᠂  ᠲᠤᠰᠬᠠᠢ ᠪᠠᠶᠢᠴᠠᠭᠠᠯᠲᠠ ᠶᠢ ᠬᠡᠪᠰᠢᠮᠡᠯ ᠠᠵᠢᠯ  ᠪᠤᠯᠭᠠᠨ ᠬᠤᠪᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂  ᠪᠠᠶᠢᠴᠠᠭᠠᠯᠲᠠ ᠶᠢ ᠤᠭᠲᠤᠬᠤ ᠠᠵᠢᠯ ᠤᠨ ᠡᠭᠦᠷᠭᠡ ᠪᠤᠯᠭᠠᠨ ᠢ ᠪᠤᠳᠠᠳᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃       ᠯᠦ ᠪᠤᠤ ᠳ᠋ᠦᠡᠭ ᠴᠢᠩᠭᠠᠳᠬᠠᠬᠤ ᠳᠠᠭᠠᠨ᠂  ᠬᠠᠷᠭᠤᠭᠤᠯᠤᠨ ᠪᠠᠶᠢᠴᠠᠭᠠᠵᠤ᠂  ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠵᠠᠰᠠᠨ ᠦᠭᠡᠷᠡᠴᠢᠯᠡᠵᠦ᠂  ᠲᠥᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠨᠠᠢᠮᠠᠨ ᠲᠠᠯ᠎ᠠ ᠶᠢᠨ ᠪᠤᠳᠠᠳᠠᠢ ᠡᠭᠦᠷᠭᠡ ᠶᠢ ᠨᠢᠮᠪᠠᠢ ᠴᠡᠭᠴᠡᠯᠡᠨ᠂  ᠵᠥᠷᠢᠶ᠎ᠡ ᠪᠠᠨ ᠡᠷᠢᠨ᠂  ᠠᠰᠠᠭᠤᠳᠠᠯ ᠤᠨ ᠳᠤᠮᠳᠠ ᠠᠴᠠ ᠰᠢᠯᠲᠠᠭᠠᠨ ᠢ  ᠡᠷᠢᠵᠦ᠂ ᠰᠢᠯᠳᠠᠭᠠᠨ ᠤ ᠳᠤᠮᠳᠠ ᠠᠴᠠ ᠠᠵᠢᠯ ᠤᠨ ᠵᠥᠷᠢᠶ᠎ᠡ ᠪᠤᠯᠤᠨ ᠲᠤᠷᠤᠢ ᠪᠠᠭᠤᠷᠠᠢ ᠭᠤᠭᠴᠤᠭ᠎ᠠ ᠶᠢ ᠬᠠᠷᠭᠤᠭᠤᠯᠤᠨ᠂  ᠡᠳᠦᠷ ᠲᠤᠲᠤᠮ ᠤᠨ ᠠᠮᠤᠷ  ᠲᠥᠪᠰᠢᠨ ᠤ  ᠬᠢᠨᠠᠯᠲᠠ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠬᠡᠷᠡᠭᠲᠡᠢ᠃  ᠡᠯ᠎ᠡ ᠰᠠᠯᠠᠭ᠎ᠠ ᠮᠥᠴᠢᠷ ᠲᠥᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ  ᠦᠢᠯᠡᠳᠦᠯ ᠢ ᠭᠦᠢᠴᠡᠳ ᠪᠠᠳᠠᠷᠠᠭᠤᠯᠵᠤ᠂  ᠪᠦᠬᠦ ᠬᠤᠳᠠ ᠶᠢᠨ ᠡᠯ᠎ᠡ ᠲᠥᠷᠦᠯ ᠤᠨ ᠴᠢᠬᠤᠯᠠ ᠶᠡᠭᠡ ᠰᠶᠢᠳᠪᠦᠷᠢᠲᠦ  ᠪᠤᠲᠤᠯᠭ᠎ᠠ ᠪᠤᠯᠤᠨ ᠲᠥᠷᠦ ᠶᠢᠨ ᠪᠤᠲᠤᠯᠭ᠎ᠠ  ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ   ᠪᠠᠷ ᠪᠠᠶᠢᠴᠠᠭᠠᠵᠤ᠂  ᠡᠯ᠎ᠡ ᠲᠥᠷᠦᠯ ᠤᠨ ᠠᠵᠢᠯ ᠤᠨ ᠠᠬᠢᠭᠤᠯᠤᠯᠲᠠ ᠶᠢ ᠴᠢᠩᠭ᠎ᠠ ᠠᠳᠬᠤᠵᠤ᠂  ᠡᠯ᠎ᠡ ᠲᠥᠷᠦᠯ ᠤᠨ ᠴᠢᠬᠤᠯᠠ ᠶᠡᠭᠡ ᠰᠶᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃     ᠬᠤᠳᠠ ᠶᠢᠨ ᠭᠦᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ᠂  ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠤᠷᠤᠨ ᠰᠠᠭᠤᠴᠠ ᠪᠠ ᠬᠤᠳᠠ  ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂  ᠡᠷᠢᠶᠡᠨ ᠥᠷᠲᠡᠭᠡ ᠵᠡᠷᠭᠡ ᠬᠠᠮᠢᠶᠠᠲᠠᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号