ᠯᠦ ᠪᠤᠤ ᠳ᠋ᠦᠡᠭ ᠲᠤᠭᠤᠶᠢᠯᠠᠩ‌‍ᠲ᠋ᠠᠭᠠᠭᠤᠯᠤᠨ ᠭᠡᠷ ᠪᠠᠶᠢᠰᠢᠩ ᠭᠠᠵᠠᠷ ᠬᠦᠷᠦᠩᠭᠡ ᠶᠢᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠤᠳᠤᠯᠤᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2021/8/19
ᠭᠠᠷᠴᠠᠭ᠄ ᠯᠦ ᠪᠤᠤ ᠳ᠋ᠦᠡᠭ ᠲᠤᠭᠤᠶᠢᠯᠠᠩ‌‍ᠲ᠋ᠠᠭᠠᠭᠤᠯᠤᠨ ᠭᠡᠷ ᠪᠠᠶᠢᠰᠢᠩ ᠭᠠᠵᠠᠷ ᠬᠦᠷᠦᠩᠭᠡ ᠶᠢᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠤᠳᠤᠯᠤᠨ ᠪᠠᠶᠢᠴᠠᠭᠠᠭᠰᠠᠨᠤᠷᠴᠢᠭᠤᠯᠤᠭᠴᠢ᠄ ᠰᠤᠯᠤᠩᠭᠤᠸ᠎ᠡ ᠤᠳᠤᠷᠢᠳᠬᠠᠯ᠄    8  ᠰᠠᠷ᠎ᠠ ᠶᠢᠨ16  ᠤ ᠡᠳᠦᠷ᠂  ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂  ᠬᠤᠳᠠ ᠶᠢᠨ ᠳᠠᠷᠤᠭ᠎ᠠ ᠯᠦ ᠪᠤᠤ ᠳ᠋ᠦᠡᠭ ᠲᠤᠭᠤᠶᠢᠯᠠᠩ ᠳᠠᠭᠠᠭᠤᠯᠤᠨ ᠭᠡᠷ ᠪᠠᠶᠢᠰᠢᠩ ᠭᠠᠵᠠᠷ ᠬᠦᠷᠦᠩᠭᠡ ᠶᠢᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ  ᠢ  ᠪᠤᠳᠠᠳᠠᠢ ᠪᠠᠶᠢᠴᠠᠭᠠᠵᠠᠢ᠃  ᠬᠤᠳᠠ ᠶᠢᠨ ᠳᠡᠳ᠋ ᠳᠠᠷᠤᠭ᠎ᠠ ᠴᠤᠭᠵᠢᠯ ᠪᠠᠷ᠎ᠠ ᠪᠤᠯᠤᠨ ᠰᠤᠳᠤᠯᠤᠨ  ᠪᠠᠶᠢᠴᠠᠭᠠᠭᠰᠠᠨ ᠪᠠᠶᠢᠨ᠎ᠠ᠃ ᠲᠠᠶᠢᠯᠤᠮᠵᠢ᠄    ᠯᠦ ᠪᠤᠤ ᠳ᠋ᠦᠡᠭ ᠨᠠᠷ ᠤᠷᠢᠳ ᠬᠤᠵᠢᠳ ᠲᠦᠩ ᠠᠨ ᠵᠢᠶᠦ᠋ᠨ ᠲᠠᠢ ᠭᠤᠷᠪᠠᠳᠤᠭᠠᠷ ᠬᠤᠭᠤᠴᠠᠭᠠᠨ ᠤ ᠪᠠᠷᠢᠯᠭ᠎ᠠ᠂   ᠡᠶ᠎ᠡ ᠨᠠᠶᠢᠷᠠᠮᠳᠠᠭᠤ ᠰᠠᠭᠤᠭᠠᠯᠢ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂  ᠯᠦᠩ ᠶᠤᠸᠠᠨ ᠰᠠᠭᠤᠭᠠᠯᠢ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠭᠠᠵᠠᠷ ᠢᠶᠠᠷ ᠭᠦᠨᠵᠡᠭᠡᠶᠢᠷᠡᠨ᠂   ᠠᠬᠤᠢ ᠲᠠᠯᠠᠪᠠᠢ ᠳᠤ  ᠰᠢᠮᠳᠠᠭᠤᠯᠤᠨ ᠵᠢᠯᠤᠭᠤᠳᠬᠤ ᠵᠡᠷᠭᠡ ᠬᠡᠯᠪᠡᠷᠢ ᠪᠠᠷ ᠰᠤᠳᠤᠯᠤᠨ ᠪᠠᠶᠢᠴᠠᠭᠠᠵᠤ᠂  ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠦᠭᠦᠴᠢ ᠶᠢᠨ ᠬᠤᠭᠤᠴᠠᠭᠠᠨ ᠤ ᠲᠥᠯᠦᠪᠯᠡᠭᠡ᠂    ᠪᠠᠷᠢᠯᠭ᠎ᠠ ᠶᠢᠨ ᠬᠡᠪ ᠨᠠᠮᠪᠠ ᠵᠡᠷᠭᠡ ᠠᠭᠤᠯᠭ᠎ᠠ ᠶᠢ ᠨᠠᠷᠢᠨ ᠦᠢᠯᠠᠭᠠᠵᠤ᠂  ᠰᠠᠭᠤᠭᠠᠯᠢ ᠠᠷᠠᠳ ᠤᠨ ᠶᠠᠪᠤᠵᠤ ᠰᠠᠭᠤᠬᠤ᠂  ᠠᠳᠠᠯ ᠠᠬᠤᠢ ᠶᠢᠨ  ᠬᠡᠷᠡᠭᠯᠡᠬᠦ ᠭᠡᠷ᠂  ᠭᠠᠯ ᠤᠨᠲᠠᠷᠠᠭᠠᠬᠤ ᠵᠠᠮ ᠱᠤᠭᠤᠮ᠂  ᠭᠡᠷ ᠪᠠᠶᠢᠰᠢᠩ ᠤᠨ ᠬᠤᠭᠤᠷᠤᠨᠳᠤᠬᠢ ᠵᠠᠢ ᠵᠡᠷᠭᠡ ᠲᠠᠯ᠎ᠠ   ᠪᠠᠷ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠲᠤᠷᠠᠳᠤᠭᠰᠠᠨ ᠪᠠᠶᠢᠨ᠎ᠠ᠃     ᠯᠦ ᠪᠤᠤ ᠳ᠋ᠦᠡᠭ‌ᠵᠢᠭᠠᠬᠤ ᠳᠠᠭᠠᠨ᠂  ᠦᠢᠷ᠎ᠠ ᠶᠢᠨ ᠵᠢᠯ   ᠳᠤ᠂   ᠮᠠᠨ ᠤ ᠬᠤᠳᠠ ᠶᠢᠨ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠨᠡᠯᠢᠶᠡᠳ ᠲᠦᠷᠭᠡᠨ ᠭᠦᠭᠵᠢᠯᠲᠡ ᠲᠠᠢ ᠪᠠᠶᠢᠵᠤ᠂  ᠤᠯᠠᠨ ᠲᠦᠮᠡᠨ ᠤ ᠱᠠᠭᠠᠷᠳᠠᠯᠭ᠎ᠠ ᠶᠢ ᠲᠠᠰᠤᠷᠠᠯᠲᠠ ᠦᠭᠡᠢ  ᠬᠠᠩᠭᠠᠭᠰᠠᠨ ᠤ ᠬᠠᠮᠲᠤ᠂  ᠬᠤᠳᠠ ᠶᠢᠨ ᠲᠦᠷᠢ ᠲᠥᠷᠬᠦ ᠶᠢ ᠳᠡᠭᠡᠭᠰᠢᠯᠡᠭᠦᠯᠵᠡᠢ᠃  ᠬᠠᠮᠢᠶᠠᠲᠠᠢ ᠰᠠᠯᠠᠭ᠎ᠠ ᠮᠥᠴᠢᠷ  ᠲᠤᠬᠢᠯᠢᠭ ᠰᠠᠭᠤᠭᠠᠯᠢ ᠲᠤᠭᠤᠷᠢᠭ ᠢ  ᠴᠤᠭᠴᠠᠯᠠᠨ ᠪᠠᠶᠢᠭᠤᠯᠬᠤ ᠪᠠᠷ ᠬᠠᠷᠠᠯᠲᠠ ᠪᠤᠯᠭᠠᠵᠤ᠂  ᠲᠥᠯᠦᠪᠵᠢᠭᠦᠯᠭᠡ ᠳᠤᠮᠳᠠ ᠪᠠᠨ᠂  ᠰᠠᠭᠤᠭᠠᠯᠢ ᠠᠷᠠᠳ ᠤᠨ ᠡᠳᠦᠷ ᠲᠤᠲᠤᠮ ᠤᠨ  ᠠᠵᠢᠯᠯᠠᠭ᠎ᠠ  ᠪᠠ ᠶᠠᠪᠤᠵᠤ ᠰᠠᠭᠤᠬᠤ ᠳᠤ ᠲᠥᠭᠦᠮ ᠦᠵᠡᠭᠦᠯᠬᠦ ᠶᠢ ᠭᠦᠢᠴᠡᠳ ᠪᠤᠳᠤᠯᠬᠢᠯᠠᠵᠠᠢ᠃  ᠰᠠᠭᠤᠭᠠᠯᠢ ᠲᠤᠭᠤᠷᠢᠭ ᠤᠨ ᠪᠠᠷᠢᠯᠭ᠎ᠠ ᠶᠢᠨ ᠬᠡᠪ ᠨᠠᠮᠪᠠ᠂  ᠰᠠᠭᠤᠷᠢ  ᠲᠦᠬᠦᠭᠡᠷᠦᠮᠵᠢ᠂  ᠠᠳᠠᠯ ᠠᠬᠤᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠴᠢᠩᠭ᠎ᠠ ᠠᠳᠬᠤᠵᠤ᠂  ᠤᠰᠤ᠂  ᠴᠠᠬᠢᠯᠭᠠᠨ᠂  ᠲᠤᠯᠠᠭᠠᠯᠭ᠎ᠠ ᠶᠢᠨ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠲᠤᠬᠢᠷᠠᠮᠵᠢᠲᠠᠢ ᠲᠤᠬᠢᠷᠠᠭᠤᠯᠵᠤ᠂  ᠭᠡᠷ ᠪᠠᠶᠢᠰᠢᠩ ᠤᠨ ᠴᠢᠨᠠᠷ ᠴᠢᠨᠰᠠᠭ᠎ᠠ ᠪᠤᠯᠤᠨ ᠲᠤᠬᠢᠯᠢᠭ ᠶᠢᠨ ᠬᠡᠮᠵᠢᠶ᠎ᠡ ᠶᠢ ᠳᠡᠭᠡᠭᠰᠢᠯᠡᠭᠦᠯᠵᠦ᠂  ᠤᠯᠠᠨ ᠲᠦᠮᠡᠨ  ᠤ ᠬᠠᠨᠤᠮᠵᠢᠲᠦ ᠰᠡᠳᠬᠢᠯᠭᠡ ᠶᠢ ᠨᠡᠮᠡᠭᠳᠡᠭᠦᠯᠬᠦ ᠬᠡᠷᠡᠭᠲᠡᠢ  ᠭᠡᠵᠡᠢ᠃   ᠰᠤᠳᠤᠯᠤᠨ ᠪᠠᠶᠢᠴᠠᠭᠠᠯᠲᠠ ᠳᠤᠮᠳᠠ᠂   ᠯᠦ ᠪᠤᠤ ᠳ᠋ᠦᠡᠭ  ᠴᠢᠩᠭᠠᠳᠬᠠᠬᠤ ᠳᠠᠭᠠᠨ᠂  ᠠᠵᠤ ᠠᠬᠤᠶᠢᠯᠠᠯ ᠲᠡᠷᠢᠭᠦᠨ ᠤ ᠤᠨᠤᠯ ᠢ ᠠᠰᠢᠭᠯᠠᠵᠤ᠂  ᠵᠠᠬ᠎ᠠ ᠳᠡᠯᠭᠡᠭᠦᠷ ᠤᠨ ᠱᠠᠭᠠᠷᠳᠠᠯᠭ᠎ᠠ ᠲᠠᠢ ᠤᠶᠠᠯᠳᠤᠭᠤᠯᠤᠨ᠂  ᠲᠥᠯᠦᠪᠵᠢᠭᠦᠯᠭᠡ ᠲᠥᠰᠦᠪ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠦᠨ᠂  ᠲᠥᠷᠦᠯ ᠤᠨ ᠵᠦᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂  ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠢᠷᠢ ᠲᠥᠪᠰᠢᠨ ᠤ ᠲᠡᠰ ᠵᠡᠷᠭᠡ ᠶᠢ ᠲᠡᠪᠰᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号