ᠬᠤᠲᠠ ᠶᠢᠨ ᠨᠠᠮ  ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠲᠤᠭᠤᠶᠢᠯᠠᠩ ᠵᠢᠴᠢ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠲᠤᠭᠤᠶᠢᠯᠠᠩ2021 ᠤᠨ ᠤ ᠨᠢᠭᠡᠳᠦᠭᠡᠷ ᠤᠳᠠᠭᠠᠨ ᠤ ᠪᠦᠬᠦ ᠬᠡᠰᠢᠭᠦᠳ ᠤᠨ ᠬᠤᠷᠠᠯ  ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2021/8/19
ᠭᠠᠷᠴᠠᠭ᠄ ᠬᠤᠲᠠ ᠶᠢᠨ ᠨᠠᠮ  ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠲᠤᠭᠤᠶᠢᠯᠠᠩ ᠵᠢᠴᠢ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠲᠤᠭᠤᠶᠢᠯᠠᠩ2021 ᠤᠨ ᠤ ᠨᠢᠭᠡᠳᠦᠭᠡᠷ ᠤᠳᠠᠭᠠᠨ ᠤ ᠪᠦᠬᠦ ᠬᠡᠰᠢᠭᠦᠳ ᠤᠨ ᠬᠤᠷᠠᠯ  ᠬᠤᠷᠠᠯᠳᠤᠭᠤᠯᠤᠭᠰᠠᠨᠤᠷᠴᠢᠭᠤᠯᠤᠭᠴᠢ᠄ ᠰᠤᠯᠤᠩᠭᠤᠸ᠎ᠡ ᠤᠳᠤᠷᠢᠳᠬᠠᠯ᠄     8 ᠰᠠᠷ᠎ᠠ ᠶᠢᠨ17  ᠤ ᠡᠳᠦᠷ᠂ ᠬᠤᠲᠠ ᠶᠢᠨ ᠨᠠᠮ  ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠲᠤᠭᠤᠶᠢᠯᠠᠩ ᠵᠢᠴᠢ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠲᠤᠭᠤᠶᠢᠯᠠᠩ2021 ᠤᠨ ᠤ ᠨᠢᠭᠡᠳᠦᠭᠡᠷ ᠤᠳᠠᠭᠠᠨ ᠤ ᠪᠦᠬᠦ ᠬᠡᠰᠢᠭᠦᠳ ᠤᠨ ᠬᠤᠷᠠᠯ ᠬᠤᠷᠠᠯᠳᠤᠭᠤᠯᠵᠠᠢ᠃  ᠬᠤᠳᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠬᠡᠰᠢᠭᠦᠨ᠂  ᠨᠠᠷᠢᠨ ᠪᠢᠴᠢᠭ ᠤᠨ ᠳᠠᠷᠤᠭ᠎ᠠ ᠶᠠᠩ   ᠶᠢᠨ ᠷᠦᠢ᠂  ᠬᠤᠳᠠ   ᠶᠢᠨ ᠳᠡᠳ᠋ ᠳᠠᠷᠤᠭ᠎ᠠ ᠭᠦᠸᠧ ᠫᠢᠩ ᠸᠠᠩ᠂  ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂  ᠡᠳ᠋ ᠤᠨ ᠵᠠᠰᠠᠭ ᠤᠨ ᠲᠤᠪᠴᠢᠶᠠᠨ ᠤ ᠳᠠᠷᠤᠭ᠎ᠠ ᠢᠤᠢ ᠬᠤᠩ ᠯᠢ ᠬᠤᠷᠠᠯ ᠳᠤ ᠤᠷᠤᠯᠴᠠᠵᠠᠢ᠃ ᠲᠠᠶᠢᠯᠤᠮᠵᠢ᠄    ᠬᠤᠷᠠᠯ ᠳᠤ ︿︿ᠠᠷᠪᠠᠨ ᠭᠤᠷᠪᠠᠳᠤᠭᠠᠷ ᠲᠠᠪᠤᠨ ᠵᠢᠯ﹀﹀ ᠶᠢᠨ ᠬᠤᠭᠤᠴᠠᠭᠠᠨ ᠳᠠᠬᠢ ᠴᠡᠷᠢᠭ ᠠᠴᠠ ᠬᠠᠯᠠᠭᠳᠠᠭᠰᠠᠳ ᠤᠨ ᠠᠵᠢᠯ ᠵᠢᠴᠢ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠢ  ᠳ᠋ᠦᠩᠨᠡᠵᠦ᠂  ︿︿ ᠡᠷᠢᠶᠡᠨ ᠬᠤᠳᠠ ᠶᠢᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ  ᠤᠳᠤᠷᠢᠳᠬᠤ ᠲᠤᠭᠤᠶᠢᠯᠠᠩ ᠤᠨ2021 ᠤᠨ  ᠤ ᠠᠵᠢᠯ ᠤᠨ ᠭᠤᠤᠯᠳᠠᠯᠭ᠎ᠠ﹀﹀ ︿︿2021 ᠤᠨ  ᠤ  ᠡᠷᠢᠶᠡᠨ ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠭᠤᠤᠯᠳᠠᠯᠭ᠎ᠠ﹀﹀  ︿︿ ᠡᠷᠢᠶᠡᠨ ᠬᠤᠳᠠ ᠶᠢᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠬᠡᠰᠢᠭᠦᠨ ᠪᠠᠶᠢᠭᠤᠯᠭ᠎ᠠ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠬᠠᠷᠢᠭᠤᠴᠠᠯᠭ᠎ᠠ﹀﹀ ︿︿ᠡᠷᠢᠶᠡᠨ ᠬᠤᠳᠠ ᠶᠢᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ  ᠤᠳᠤᠷᠢᠳᠬᠤ ᠲᠤᠭᠤᠶᠢᠯᠠᠩ ᠤᠨ ᠬᠡᠰᠢᠭᠦᠨ ᠪᠠᠶᠢᠭᠤᠯᠭ᠎ᠠ ᠶᠢᠨ ᠬᠤᠯᠪᠤᠭᠠᠯᠠᠭᠴᠢ ᠶᠢᠨ ᠠᠵᠢᠯ ᠤᠨ ᠬᠠᠷᠢᠭᠤᠴᠠᠯᠭ᠎ᠠ﹀﹀ ᠶᠢ ᠬᠢᠨᠠᠨ  ᠪᠠᠲᠤᠯᠠᠪᠠ᠃      ᠬᠤᠷᠠᠯ ᠳᠡᠭᠡᠷ᠎ᠡ᠂ ᠶᠠᠩ   ᠶᠢᠨ ᠷᠦᠢ ᠵᠢᠭᠠᠬᠤ ᠳᠠᠭᠠᠨ᠂  ᠡᠯ᠎ᠡ ᠬᠡᠰᠢᠭᠦᠨ ᠪᠠᠶᠢᠭᠤᠯᠭ᠎ᠠ  ᠤᠯᠤᠰ ᠲᠥᠷᠦ  ᠶᠢᠨ ᠵᠤᠭᠰᠤᠴᠠ ᠪᠠᠨ ᠳᠡᠭᠡᠭᠰᠢᠯᠡᠭᠦᠯᠦᠨ᠂  ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂  ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠪᠤᠯᠤᠨ ᠬᠤᠶᠠᠷ ᠢ ᠬᠦᠷᠢᠶᠡᠯᠡᠬᠦ ᠠᠵᠢᠯ ᠤᠨ ᠴᠢᠬᠤᠯᠠ ᠴᠢᠨᠠᠷ ᠢ  ᠭᠦᠨᠵᠡᠭᠡᠢ  ᠲᠠᠨᠢᠬᠤ ᠬᠡᠷᠡᠭᠲᠡᠢ᠃  ᠬᠠᠮᠲᠤᠷᠠᠯᠴᠠᠨ ᠲᠤᠬᠢᠷᠠᠯᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂  ᠪᠤᠳᠠᠳᠠᠢ ᠡᠭᠦᠷᠭᠡ ᠶᠢ ᠡᠵᠡᠮᠰᠢᠵᠦ᠂  ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ  ᠪᠤᠯᠤᠨ ᠬᠤᠶᠠᠷ ᠢ ᠬᠦᠷᠢᠶᠡᠯᠡᠬᠦ ᠬᠠᠮᠲᠤ ᠶᠢᠨ ᠪᠠᠶᠢᠭᠤᠯᠤᠯᠲᠠ ᠶᠢᠨ ᠶᠡᠷᠦᠩᠬᠡᠢ ᠬᠢᠷᠢ ᠲᠥᠪᠰᠢᠨ ᠢ ᠪᠦᠬᠦ ᠲᠠᠯ᠎ᠠ ᠪᠠᠷ  ᠳᠡᠭᠡᠭᠰᠢᠯᠡᠭᠦᠯᠬᠦ ᠬᠡᠷᠡᠭᠲᠡᠢ᠃    ᠶᠠᠩ   ᠶᠢᠨ ᠷᠦᠢ ᠱᠠᠭᠠᠷᠳᠠᠬᠤ ᠳᠠᠭᠠᠨ᠂   ᠡᠯ᠎ᠡ ᠬᠡᠰᠢᠭᠦᠨ ᠪᠠᠶᠢᠭᠤᠯᠭ᠎ᠠ ᠨᠢᠭᠡᠳᠦᠯᠲᠡᠢ ᠲᠥᠯᠦᠪᠯᠡᠬᠦ ᠶᠢ ᠴᠢᠬᠤᠯᠴᠢᠯᠠᠵᠤ᠂  ᠠᠵᠢᠯ ᠤᠨ ᠭᠤᠤᠯᠳᠠᠯᠭ᠎ᠠ ᠶᠢ ᠲᠤᠪᠤᠶᠢᠯᠭᠠᠵᠤ᠂  ᠰᠢᠨ᠎ᠡ ᠴᠠᠭ ᠦᠶ᠎ᠡ ᠶᠢᠨ  ᠴᠡᠷᠢᠭ ᠠᠴᠠ ᠬᠠᠯᠠᠭᠳᠠᠭᠰᠠᠳ  ᠪᠤᠯᠤᠨ ᠬᠤᠶᠠᠷ ᠢ ᠬᠦᠷᠢᠶᠡᠯᠡᠬᠦ ᠠᠵᠢᠯ ᠢ ᠰᠠᠶᠢᠳᠤᠷ ᠬᠢᠬᠦ  ᠬᠠᠮᠲᠤᠷᠠᠯ ᠤᠨ ᠬᠦᠴᠦᠨ ᠢ  ᠪᠦᠬᠦ ᠲᠠᠯ᠎ᠠ ᠪᠠᠷ ᠪᠤᠢ ᠪᠤᠯᠭᠠᠬᠤ ᠬᠡᠷᠡᠭᠲᠡᠢ᠃  ᠪᠦᠬᠦ ᠬᠤᠳᠠ ᠶᠢᠨ ᠡᠯ᠎ᠡ  ᠱᠠᠳᠤ  ᠡᠯ᠎ᠡ ᠰᠠᠯᠠᠭ᠎ᠠ ᠮᠥᠴᠢᠷ ᠡᠯ᠎ᠡ ᠲᠥᠷᠦᠯ ᠤᠨ ᠠᠵᠢᠯ ᠤᠨ ᠡᠭᠦᠷᠭᠡ ᠶᠢ ᠰᠠᠶᠢᠳᠤᠷ ᠪᠡᠶᠡᠯᠡᠭᠦᠯᠦᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂  ᠰᠠᠯᠠᠭ᠎ᠠ ᠮᠥᠴᠢᠷ ᠤᠨ ᠬᠤᠯᠪᠤᠯᠴᠠᠭ᠎ᠠ ᠶᠢ ᠴᠢᠩᠭᠠᠳᠬᠠᠨ᠂   ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂  ᠨᠠᠮ ᠤᠨ ᠬᠤᠷᠢᠶ᠎ᠡ᠂  ᠵᠠᠰᠠᠭ  ᠤᠨ ᠤᠷᠳᠤᠨ ᠨᠢᠭᠡᠳᠦᠯᠲᠡᠢ ᠤᠳᠤᠷᠢᠳᠴᠦ᠂  ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠤᠯᠤᠭᠠᠶᠢᠯᠠᠨ᠂  ᠬᠠᠮᠢᠶᠠᠲᠠᠢ ᠰᠠᠯᠠᠭ᠎ᠠ ᠮᠥᠴᠢᠷ  ᠬᠠᠮᠵᠢᠯᠴᠠᠬᠤ ᠠᠵᠢᠯ ᠤᠨ ᠪᠦᠲᠦᠴᠡ ᠶᠢ ᠪᠦᠷᠢᠯᠳᠦᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠬᠢᠷᠢ ᠲᠥᠪᠰᠢᠨ ᠢ ᠲᠠᠬᠢᠨ ᠰᠢᠨ᠎ᠡ ᠳᠡᠭᠳᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃  ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠲᠠᠢ ᠤᠶᠠᠯᠳᠤᠭᠤᠯᠤᠨ᠂  ᠮᠠᠨ ᠤ ᠬᠤᠳᠠ ᠶᠢᠨ ᠴᠡᠷᠢᠭ ᠠᠴᠠ ᠬᠠᠯᠠᠭᠳᠠᠭᠰᠠᠳ  ᠪᠤᠯᠤᠨ ᠬᠤᠶᠠᠷ ᠢ ᠬᠦᠷᠢᠶᠡᠯᠡᠬᠦ ᠠᠵᠢᠯ ᠤᠨ ᠲᠡᠷᠢᠭᠦᠨ ᠤ ᠰᠢᠨ᠎ᠡ ᠪᠠᠶᠢᠳᠠᠯ ᠢ ᠡᠭᠦᠳᠦᠨ ᠪᠠᠶᠢᠭᠤᠯᠬᠤ ᠬᠡᠷᠡᠭᠲᠡᠢ ᠭᠡᠵᠡᠢ᠃  ᠬᠤᠳᠠ ᠶᠢᠨ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠲᠤᠭᠤᠶᠢᠯᠠᠩ᠂  ᠬᠤᠳᠠ ᠶᠢᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠲᠤᠭᠤᠶᠢᠯᠠᠩ ᠵᠢᠴᠢ ᠡᠯ᠎ᠡ ᠬᠡᠰᠢᠭᠦᠨ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号