︽ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾
ᠨᠡᠶᠢᠲᠡᠯᠡᠭᠰᠡᠨ ᠴᠠᠭ᠄
2021/8/19

   
   ᠨᠢᠭᠡ᠂ ᠲᠣᠭᠲᠠᠭᠠᠭᠰᠠᠨ ᠠᠬᠤᠶ ᠪᠠᠶᠢᠳᠠᠯ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ
ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠭᠤᠷᠢ ᠮᠥᠩᠭᠦᠨ ᠤ ᠠᠮᠤᠷ ᠲᠦᠪᠰᠢᠨ ᠪᠦᠲᠦᠮᠵᠢᠲᠡᠶ ᠠᠵᠢᠯᠯᠠᠭᠠᠨ ᠢ ᠦᠨᠡᠨ ᠬᠦ ᠬᠠᠮᠠᠭᠠᠯᠠᠵᠤ᠂ ᠥᠷᠭᠡᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠨᠠᠩ ᠰᠠᠶᠢᠲᠤᠷ ᠪᠠᠲᠤᠯᠠᠬᠤ ᠶᠢᠨ ᠲᠤᠯᠠᠳᠠ᠂ ︽ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 20 ᠳ᠋ᠤᠭᠠᠷ ᠲᠣᠭᠠᠲᠤ︶  ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠬᠤᠶᠠᠷ᠂ ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠬᠤ ᠶᠢᠨ ᠴᠢᠬᠤᠯᠠ ᠴᠢᠨᠠᠷ ︵ᠨᠢᠭᠡ︶ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠨᠡᠯᠢᠶᠡᠳ ᠬᠦᠨᠳᠦ ᠬᠡᠴᠡᠭᠦᠤ ᠪᠠᠶᠢᠨ᠎ᠠ᠃ ᠣᠳᠣᠬᠠᠨ ᠳᠤ᠂ ᠪᠥᠬᠦ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠠᠶᠢᠭ᠎ᠠ ᠪᠣᠯᠪᠠᠴᠤ ᠡᠯ᠎ᠡ ᠭᠠᠵᠠᠷ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠲᠡᠩᠴᠡᠭᠦᠷᠢ ᠥᠬᠡᠶ᠂ ᠰᠠᠭᠤᠷᠢ ᠮᠥᠩᠭᠦ ᠶᠢᠨ ᠦᠷᠭᠦᠯᠵᠢᠯᠡᠬᠦ᠋ᠢᠴᠡ ᠴᠢᠳᠠᠪᠤᠷᠢ ᠴᠢᠩᠭ᠎ᠠ ᠪᠤᠰᠤ ᠪᠠᠶᠢᠨ᠎ᠠ᠃ ᠡᠭᠦᠨ ᠠᠴᠠ ᠭᠠᠳᠠᠨ᠎ᠠ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠤ ᠬᠤᠯᠪᠣᠭᠳᠠᠬᠤ ᠵᠠᠬ᠎ᠠ ᠳᠡᠯᠭᠡᠭᠦᠷ ᠤᠨ ᠭᠤᠣᠯ ᠴᠣᠭᠴᠠ ᠣᠯᠠᠨ᠂ ᠲᠤᠬᠠᠶᠢᠯᠠᠭᠰᠠᠨ ᠠᠵᠢᠯ ᠤᠨ ᠬᠡᠯᠬᠢᠶ᠎ᠡ ᠣᠷᠳᠣ᠂ ᠲᠦᠭᠰᠢᠭᠦᠷᠢ ᠶᠢᠨ ᠴᠡᠭ ᠣᠯᠠᠨ ᠪᠠᠶᠢᠵᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠣᠬᠤᠨ ᠠᠪᠬᠤ ᠪᠤᠶᠤ ᠮᠡᠬᠡᠯᠡᠨ ᠠᠪᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠪᠠᠶᠢᠨ ᠳᠠᠬᠢᠨ ᠡᠭᠦᠰᠴᠦ᠂ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠶᠢ ᠪᠠᠴᠢᠮ ᠱᠠᠭᠠᠷᠳᠠᠵᠤ ᠪᠠᠶᠢᠨ᠎ᠠ᠃ ︵ᠬᠤᠶᠠᠷ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠰᠢ ᠶᠢᠨ ᠫᠢᠩ ᠶᠡᠷᠦᠩᠬᠡᠶ ᠱᠦᠵᠢ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠤᠷᠢᠳ ᠬᠤᠵᠢᠳ ᠭᠤᠷᠪᠠ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ 2020 ᠣᠨ ᠤ 6 ᠳ᠋ᠤᠭᠠᠷ ᠰᠠᠷ᠎ᠠ ᠶᠢᠨ 30 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 20 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠥᠬᠦ ᠬᠦᠷᠢᠶ᠎ᠡ ᠴᠠᠷᠠᠭ᠎ᠠ᠂ ᠪᠥᠬᠦ ᠴᠤᠪᠤᠷᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃ ︵ᠭᠤᠷᠪᠠ︶ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠳᠤ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠲᠤᠬᠠᠶ ᠰᠢᠰᠲ᠋ᠧᠮ ᠲᠠᠢ ᠪᠦᠷᠢᠨ ᠪᠦᠲᠦᠨ ᠰᠠᠨᠠᠯ ᠪᠤᠶᠤ ᠠᠷᠭ᠎ᠠ ᠬᠡᠮᠵᠢᠶ᠎ᠡ ᠳᠤᠲᠠᠭᠳᠠᠵᠤ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠠᠵᠢᠯᠯᠠᠭᠰᠠᠨ ᠢ ᠬᠠᠤᠯᠢ ᠶᠣᠰᠣᠭᠠᠷ ᠪᠠᠲᠤᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠤᠰᠠᠳᠠ᠂ ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠬᠤ ᠨᠢ ᠲᠦᠢᠯ ᠤᠨ ᠴᠢᠬᠤᠯᠠᠲᠠᠶ ᠶᠤᠮ᠃ ᠭᠤᠷᠪᠠ᠂ ᠭᠤᠣᠯ ᠠᠭᠤᠯᠭ᠎ᠠ ︽ᠠᠷᠭ᠎ᠠ ᠬᠡᠮᠵᠢᠶ᠎ᠡ ᠨᠦᠭᠦᠳ︾ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢᠨ ᠳᠥᠷᠪᠡᠨ ᠶᠡᠭᠡ ᠲᠣᠭᠲᠠᠯᠴᠠᠭ᠎ᠠ᠂ 15 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ ᠃ ︵ᠨᠢᠭᠡ︶ ᠰᠠᠭᠤᠷᠢ ᠮᠥᠩᠭᠦ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠦᠷᠢᠨᠰᠢᠬᠦᠯᠦᠨ᠎ᠠ 1. ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ 2. ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠳᠠᠬᠢ ᠭᠤᠣᠯᠴᠢᠯᠠᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠡᠮᠴᠢᠯᠡᠭᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡ ᠶᠢᠨ ᠵᠠᠷᠤᠳᠠᠯ ᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠡᠮᠴᠢᠯᠡᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ 3. ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠡᠳ᠋ ᠤᠨ ᠵᠠᠰᠠᠭ᠂ ᠬᠢᠨᠠᠨ ᠪᠤᠳᠤᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠣᠰᠣᠭᠠᠷ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠡ᠃ 4. ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠠᠵᠢᠯ ᠲᠥᠷᠥᠯ ᠤᠨ ᠵᠢᠷᠤᠮᠵᠢᠯ᠂ ᠠᠵᠢᠯ ᠡᠷᠬᠢᠯᠡᠬᠦ ᠥᠢᠯᠡ ᠠᠵᠢᠯᠯᠠᠭ᠎ᠠ ᠵᠡᠷᠭᠡ ᠲᠠᠯ᠎ᠠ ᠪᠠᠷ ᠢᠳᠡᠪᠬᠢ ᠦᠢᠯᠡᠳᠦᠯ ᠢᠶᠠᠨ ᠪᠠᠳᠠᠷᠠᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠠᠵᠢᠯ ᠲᠥᠷᠥᠯ ᠤᠨ ᠵᠢᠷᠤᠮᠵᠢᠯ ᠪᠣᠯᠤᠨ ᠥᠪᠡᠷ ᠢ ᠪᠠᠨ ᠬᠢᠵᠠᠭᠠᠷᠯᠠᠬᠤ ᠶᠢ ᠠᠬᠢᠭᠤᠯᠤᠨ᠎ᠠ᠃ ︵ᠬᠤᠶᠠᠷ︶ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ 5. ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠢ ᠪᠦᠷᠢᠨᠰᠢᠬᠦᠯᠦᠨ᠎ᠠ᠃ ︽ᠬᠤᠶᠠᠷ ᠢ ᠲᠠᠰᠢᠷᠠᠮ ᠳᠤ ᠨᠢ ᠪᠠᠶᠢᠴᠠᠭᠠᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠲᠥᠷᠭᠡᠨ ᠪᠠᠶᠢᠴᠠᠭᠠᠯᠲᠠ ᠬᠢᠬᠦ᠂ ᠠᠶᠢᠮᠠᠭ ᠬᠤᠲᠠ ᠬᠠᠷᠢᠯᠴᠠᠨ ᠪᠠᠶᠢᠴᠠᠭᠠᠬᠤ᠂ ᠤᠯᠤᠰ ᠠᠴᠠ ᠲᠤᠰᠬᠠᠶ ᠵᠦᠢᠯ ᠤᠨ ᠪᠠᠶᠢᠴᠠᠭᠠᠯᠲᠠ ᠬᠢᠬᠦ᠂ ᠭᠤᠤᠯᠳᠠᠯᠭ᠎ᠠ ᠲᠠᠢ ᠪᠠᠶᠢᠴᠠᠭᠠᠯᠲᠠ ᠬᠢᠬᠦ᠂ ᠲᠤᠰᠬᠠᠶ ᠮᠡᠷᠭᠡᠵᠢᠯᠲᠡᠨ ᠬᠢᠨᠠᠨ ᠪᠠᠶᠢᠴᠠᠭᠠᠬᠤ ᠵᠡᠷᠭᠡ ᠶᠢ ᠬᠠᠷᠢᠯᠴᠠᠨ ᠤᠶᠠᠯᠳᠤᠭᠤᠯᠤᠭᠰᠠᠨ ᠣᠯᠠᠨ ᠬᠡᠯᠪᠡᠷᠢ ᠶᠢᠨ ᠪᠠᠶᠢᠴᠠᠭᠠᠯᠲᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ︔ ᠣᠯᠠᠨ ᠲᠦᠮᠡᠨ ᠤ ᠢᠯᠡᠴᠢᠯᠡᠨ ᠮᠡᠳᠡᠭᠦᠯᠵᠦ ᠵᠠᠭᠠᠯᠳᠤᠭᠰᠠᠨ᠂ ᠵᠠᠭᠤᠴᠢᠯᠠᠭᠤᠷ ᠤᠨ ᠢᠯᠡᠴᠢᠯᠡᠭᠰᠡᠨ ᠪᠠ ᠪᠤᠰᠤᠳ ᠰᠠᠯᠠᠭ᠎ᠠ ᠮᠥᠴᠢᠷ ᠤᠨ ᠰᠢᠯᠵᠢᠭᠦᠯᠦᠨ ᠲᠤᠰᠢᠶᠠᠭᠰᠠᠨ ᠰᠦᠪᠡᠭᠴᠢ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠨ᠎ᠡ᠃ 6. ᠣᠶᠤᠨᠴᠢ ᠬᠢᠨᠠᠨ ᠡᠵᠡᠮᠳᠡᠬᠦ ᠲᠦᠷᠢᠮ ᠢ ᠲᠡᠭᠦᠯᠳᠡᠷᠵᠢᠭᠦᠯᠦᠨ᠎ᠡ᠃ ᠪᠥᠬᠦ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠥᠮᠦᠨ ᠤ ᠬᠦᠴᠦ ᠪᠠᠷ ᠬᠠᠭᠤᠳᠠᠰᠤ ᠰᠤᠭᠤᠴᠢᠨ ᠬᠢᠨᠠᠨ ᠬᠠᠷᠭᠤᠭᠤᠯᠵᠤ ᠪᠠᠶᠢᠭᠰᠠᠨ ᠠᠴᠠ ᠲᠣᠮᠣ ᠳ᠋ᠠᠶᠢᠲ᠋ᠠ ᠪᠠᠷ ᠪᠥᠬᠦ ᠲᠠᠯ᠎ᠠ ᠶᠢᠨ᠂ ᠪᠥᠬᠦ ᠴᠣᠪᠣᠷᠠᠯ ᠤᠨ᠂ ᠪᠥᠬᠦ ᠭᠤᠭᠴᠤᠭ᠎ᠠ ᠳᠤ ᠣᠶᠤᠨᠴᠢ ᠪᠠᠷ ᠬᠢᠨᠠᠨ ᠡᠵᠡᠮᠳᠡᠬᠦ ᠲᠡᠶᠢᠰᠢ ᠬᠤᠪᠢᠷᠠᠭᠤᠯᠤᠨ᠎ᠠ᠃ 7. ᠢᠯᠡᠴᠢᠯᠡᠨ ᠮᠡᠳᠡᠭᠦᠯᠦᠭᠰᠡᠨ ᠢ ᠱᠠᠩᠨᠠᠨ ᠬᠥᠬᠢᠭᠦᠯᠬᠦ ᠲᠦᠷᠢᠮ ᠢ ᠲᠡᠭᠦᠯᠳᠡᠷᠵᠢᠭᠦᠯᠦᠨ᠎ᠡ᠃ ᠮᠡᠬᠡᠯᠡᠨ ᠬᠢᠬᠠᠵᠤ ᠳᠠᠭᠠᠳᠬᠠᠯ ᠢ ᠮᠡᠬᠡᠯᠡᠬᠦ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠨ ᠬᠥᠬᠢᠭᠦᠯᠬᠦ ᠲᠦᠷᠢᠮ ᠢ ᠲᠡᠭᠦᠯᠳᠡᠷᠵᠢᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠨ᠎ᠠ᠃ 8. ᠢᠲᠡᠭᠡᠮᠵᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ᠎ᠠ᠃ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡ ᠶᠢᠨ ᠳᠠᠭᠠᠳᠬᠠᠯ ᠤᠨ ᠶᠡᠭᠡ ᠡᠮᠴᠢ ︵ᠡᠮ ᠨᠠᠶᠢᠷᠠᠭᠴᠢ︶ ᠪᠠ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡ ᠶᠢᠨ ᠳᠠᠭᠠᠳᠬᠠᠯ ᠤᠨ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠵᠤ᠂ ᠢᠲᠡᠭᠡᠮᠵᠢ ᠶᠢᠨ ᠦᠨᠡᠯᠡᠬᠦ ᠲᠦᠷᠢᠮ ᠪᠠ ᠬᠤᠷᠠᠮᠳᠤᠯ ᠬᠤᠪᠢ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠠᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠳᠤ ᠰᠢᠨ᠎ᠡ ᠶᠢ ᠡᠭᠦᠳᠦᠨ᠎ᠡ᠃ 9. ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠦᠨ᠎ᠠ᠃ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠬᠠᠷᠢᠯᠴᠠᠨ ᠬᠠᠮᠵᠢᠯᠴᠠᠬᠤ᠂ ᠵᠣᠬᠢᠴᠠᠭᠤᠯᠤᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ 10. ᠨᠡᠶᠢᠭᠡᠮ ᠤᠨ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠦᠨ᠎ᠡ᠃ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠵᠦ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠦᠷᠢᠮ ᠢ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢ ᠨᠡᠶᠢᠲᠡᠯᠡᠬᠦ ᠲᠦᠷᠢᠮ ᠢ ᠪᠠᠶᠢᠭᠤᠯᠵᠤ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠠᠰᠢᠭᠯᠠᠨ ᠥᠷᠭᠡᠨ ᠳᠡᠯᠭᠡᠷ ᠤᠬᠠᠭᠤᠯᠭ᠎ᠠ ᠶᠢ ᠥᠷᠨᠢᠭᠦᠯᠦᠨ᠎ᠡ᠃ ︵ᠭᠤᠷᠪᠠ︶ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠤᠨ᠎ᠠ 11. ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠲᠦᠷᠢᠮ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ︽ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ᠵᠢᠴᠢ ᠲᠦᠬᠦᠷ ᠠᠷᠭ᠎ᠠ ᠶᠢ ᠴᠢᠩᠭ᠎ᠠ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠡᠮᠴᠢᠯᠡᠭᠡ ᠶᠢᠨ ᠳᠠᠭᠠᠳᠬᠠᠯ ᠤᠨ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠢᠶᠠᠷ ᠬᠠᠮᠢᠶᠠᠷᠬᠤ ᠶᠢ ᠲᠡᠭᠦᠯᠳᠡᠷᠵᠢᠭᠦᠯᠦᠨ᠎ᠡ᠃ 12. ᠰᠠᠭᠤᠷᠢ ᠮᠥᠩᠭᠦ ᠶᠢᠨ ᠬᠢᠨᠠᠯᠲᠠ ᠲᠠᠯᠪᠢᠵᠤ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡ ᠶᠢᠨ ᠳᠠᠭᠠᠳᠬᠠᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠬᠢᠭᠡᠳ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠬᠡᠯᠡᠯᠴᠡᠭᠡᠷ ᠢᠶᠠᠷ ᠬᠠᠮᠢᠶᠠᠷᠬᠤ ᠶᠢᠨ ᠬᠠᠷᠢᠴᠠᠭ᠎ᠠ ᠶᠢ ᠰᠢᠯᠤᠭᠤᠳᠬᠠᠨ᠎ᠠ᠃ 13. ᠮᠡᠬᠡᠯᠡᠨ ᠬᠢᠬᠠᠵᠤ ᠳᠠᠭᠠᠳᠬᠠᠯ ᠢ ᠮᠡᠬᠡᠯᠡᠬᠦ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠰᠠᠯᠠᠭ᠎ᠠ ᠮᠥᠴᠢᠷ ᠤᠳ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠮᠡᠬᠡᠯᠡᠨ ᠬᠢᠬᠠᠵᠤ ᠳᠠᠭᠠᠳᠬᠠᠯ ᠢ ᠮᠡᠬᠡᠯᠡᠨ ᠠᠪᠤᠭᠰᠠᠨ ᠨᠢᠭᠡᠴᠢ ᠪᠠ ᠬᠤᠪᠢ ᠬᠥᠮᠦᠨ ᠢ ᠴᠢᠩᠭ᠎ᠠ ᠰᠢᠢᠳᠬᠡᠨ᠎ᠡ᠃ ︵ᠲᠥᠷᠪᠡ︶ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ 14. ᠡᠮᠴᠢᠯᠡᠭᠡ ᠶᠢᠨ ᠳᠠᠭᠠᠳᠬᠠᠯ ᠤᠨ ᠬᠠᠮᠢᠶ᠎ᠠ ᠪᠥᠬᠦᠶ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠣᠷᠣᠨ ᠪᠦᠰᠡ ᠶᠢᠨ ᠴᠡᠭ ᠲᠤᠭ᠎ᠠ ᠶᠢᠨ ᠠᠷᠭ᠎ᠠ ᠪᠠᠷ ᠶᠡᠷᠦᠩᠬᠡᠶ ᠲᠤᠭ᠎ᠠ ᠶᠢᠨ ᠲᠥᠰᠦᠪ ᠪᠠ ᠡᠪᠡᠳᠴᠢᠨ ᠤ ᠲᠥᠷᠥᠯ ᠤᠨ ᠬᠤᠪᠢᠳᠠᠯ ᠥᠷᠲᠡᠭ ᠢᠶᠠᠷ ᠵᠠᠷᠤᠳᠠᠯ ᠲᠤᠰᠢᠶᠠᠬᠤ ︵DIP︶᠂ ᠶᠡᠷᠦᠩᠬᠡᠶ ᠲᠤᠭ᠎ᠠ ᠶᠢᠨ ᠬᠢᠵᠠᠭᠠᠷ ᠳᠣᠲᠣᠷ᠎ᠠ ᠡᠪᠡᠳᠴᠢᠨ ᠡᠮᠭᠡᠭ ᠤᠨ ᠣᠨᠣᠰᠢᠯᠠᠯᠲᠠ ᠶᠢᠨ ᠬᠠᠮᠢᠶ᠎ᠠ ᠪᠥᠬᠦᠶ ᠳᠤᠭᠤᠶᠢᠯᠠᠩ ᠬᠤᠪᠢᠶᠠᠷᠢᠯᠠᠯᠲᠠ ᠶᠣᠰᠣᠭᠠᠷ ᠵᠠᠷᠤᠳᠠᠯ ᠲᠤᠰᠢᠶᠠᠬᠤ ︵DRG︶ ᠪᠠᠷ ᠭᠤᠤᠯ ᠪᠣᠯᠭᠠᠭᠰᠠᠨ ᠣᠯᠠᠨ ᠡᠰᠢᠲᠦ ᠨᠡᠶᠢᠯᠡᠮᠡᠯ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠵᠢᠭᠦᠯᠵᠦ ᠂ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠦᠨ᠂ ᠭᠠᠵᠠᠷ ᠣᠷᠣᠨ ᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠵᠦ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠠᠭᠤᠷᠢ ᠶᠢ ᠰᠢᠯᠢᠳᠡᠭᠵᠢᠭᠦᠯᠦᠨ᠎ᠡ᠃ 15. ᠡᠮ ᠡᠮᠨᠡᠯᠭᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠦᠷᠭᠦᠯᠵᠢᠯᠡᠨ ᠠᠬᠢᠭᠤᠯᠤᠨ᠎ᠠ᠃ ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠪᠠ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠠᠷᠭ᠎ᠠ ᠬᠡᠮᠵᠢᠶ᠎ᠡ ᠨᠦᠭᠦᠳ︾ ᠲᠤ ᠪᠠᠰᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠳᠤᠷᠢᠳᠤᠯᠭ᠎ᠠ ᠪᠠᠨ ᠴᠢᠩᠭᠠᠳᠬᠠᠨ᠂ ᠨᠢᠭᠡᠳᠦᠯᠲᠡᠶ ᠪᠠᠶᠢᠷᠢᠯᠠᠭᠤᠯᠵᠤ᠂ ᠵᠣᠬᠢᠴᠠᠭᠤᠯᠤᠨ ᠠᠬᠢᠭᠤᠯᠬᠤ ᠬᠡᠷᠡᠭᠲᠡᠶ᠃ ᠤᠷᠮᠠᠰᠢᠭᠤᠯᠬᠤ ᠪᠠ ᠬᠠᠷᠢᠭᠤᠴᠠᠯᠭ᠎ᠠ ᠠᠰᠠᠭᠤᠬᠤ ᠲᠣᠭᠲᠠᠴᠠ ᠶᠢ ᠪᠠᠶᠢᠭᠤᠯᠵᠤ᠂ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠬᠠᠮᠢᠶ᠎ᠠ ᠪᠥᠬᠦᠶ ᠠᠵᠢᠯ ᠤᠨ ᠰᠢᠯᠭᠠᠨ ᠬᠢᠨᠠᠯᠲᠠ ᠳᠤ ᠣᠷᠣᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠬᠢᠷᠠᠯᠴᠠᠭᠰᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠮᠡᠳᠡᠭᠡ ᠵᠠᠩᠭᠢ ᠪᠠ ᠲᠤᠭ᠎ᠠ ᠪᠠᠷᠢᠮᠲᠠ ᠶᠢ ᠬᠠᠮᠲᠤ ᠳᠤ ᠪᠠᠨ ᠭᠥᠷᠳᠡᠬᠦ ᠶᠢ ᠴᠢᠩᠭᠠᠳᠬᠠᠨ᠂ ᠰᠠᠯᠠᠭ᠎ᠠ ᠮᠥᠴᠢᠷ ᠤᠨ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠶ ᠪᠠᠷ ᠬᠠᠷᠢᠭᠤ ᠲᠤᠰᠬᠠᠵᠤ᠂ ᠬᠤᠯᠪᠣᠭᠠᠯᠠᠨ ᠬᠥᠳᠡᠯᠦᠯᠴᠡᠵᠦ ᠴᠤᠤᠷᠢᠶᠠᠲᠤᠨ ᠳᠠᠭᠠᠬᠤ ᠶᠢ ᠪᠡᠶᠡᠯᠡᠭᠦᠯᠦᠨ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠪᠠ ᠪᠣᠳᠠᠲᠠᠶᠢᠵᠢᠭᠤᠯᠤᠨ ᠴᠢᠩᠭᠠᠳᠬᠠᠬᠤ ᠶᠢ ᠬᠠᠮᠵᠢᠯᠴᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
   
 
ᠢᠷᠡᠯᠲᠡ᠄ ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠠᠶᠢᠳᠡᠯᠡᠯ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号