ᠬᠤᠲᠠ ᠶᠢᠨ ᠡᠮᠨᠡᠯᠭᠡ ᠶᠢᠨ ᠬᠤᠷᠢᠶ᠎ᠠ ︽ᠬᠠᠯᠠᠭᠤᠨ ᠰᠡᠳᠬᠢᠯᠳᠦ ᠡᠮᠴᠢ ᠶᠢᠨ ᠪᠠᠶᠠᠷ︾ ᠢ ᠪᠡᠯᠭᠡᠯᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠠ
ᠨᠡᠶᠢᠲᠡᠯᠡᠭᠰᠡᠨ ᠴᠠᠭ᠄
2021/8/20
        8 ᠰᠠᠷ᠎ᠠ ᠶᠢᠨ 19 ᠤ ᠡᠳᠦᠷ ᠪᠣᠯ ᠳᠥᠷᠪᠡᠳᠡᠬᠢ ︽ᠳᠤᠮᠳᠠᠳᠤ ᠤᠯᠤᠰ ᠤᠨ ᠡᠮᠴᠢ ᠶᠢᠨ ᠪᠠᠶᠠᠷ︾ ᠪᠣᠯᠤᠨ᠎ᠠ᠂ ᠡᠮᠴᠢ ᠶᠢ ᠬᠦᠨᠳᠦᠳᠬᠡᠵᠦ ᠡᠷᠡᠭᠦᠯ ᠬᠠᠮᠠᠭᠠᠯᠠᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠳᠣᠯᠠᠳᠠ᠂ ᠲᠤᠬᠠᠶ ᠶᠢᠨ ᠡᠳᠦᠷ᠂ ᠬᠤᠲᠠ ᠶᠢᠨ ᠡᠮᠨᠡᠯᠭᠡ ᠶᠢᠨ ᠬᠤᠷᠢᠶ᠎ᠠ ︽ᠬᠠᠯᠠᠭᠤᠨ ᠰᠡᠳᠬᠢᠯᠳᠦ ᠡᠮᠴᠢ ᠶᠢᠨ ᠪᠠᠶᠠᠷ︾ ᠢ ᠪᠡᠯᠭᠡᠯᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠳ᠋ᠦᠩ ᠵᠢᠶᠧ ᠹᠧᠩ ᠬᠤᠷᠠᠯ ᠳᠤ ᠣᠷᠣᠯᠴᠠᠪᠠ᠃
     
   ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠠᠬᠤᠶ ᠲᠠᠯᠠᠪᠠᠢ        ᠬᠤᠷᠠᠯ ᠳᠡᠭᠡᠷ᠎ᠡ᠂ ᠬᠤᠲᠠ ᠶᠢᠨ ᠡᠮᠨᠡᠯᠭᠡ ᠶᠢᠨ ᠬᠤᠷᠢᠶ᠎ᠠ ᠠᠳᠠᠯᠢ ᠪᠤᠰᠤ ᠰᠠᠯᠠᠭ᠎ᠠ ᠲᠠᠰᠤᠭ ᠠᠴᠠ ᠢᠷᠡᠭᠰᠡᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠭᠰᠡᠨ 72 ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ ᠬᠥᠬᠢᠭᠦᠯᠦᠭᠳᠡᠨ ᠰᠠᠶᠢᠰᠢᠶᠠᠭᠳᠠᠭᠰᠠᠨ ᠡᠮᠴᠢ ᠶᠢᠨ ᠳᠣᠲᠣᠷ᠎ᠠ᠂ ᠣᠯᠠᠨ ᠵᠢᠯ ᠤᠨ ᠲᠤᠷᠰᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠡᠮᠨᠡᠯᠭᠡ ᠶᠢᠨ ᠠᠵᠢᠯᠲᠠᠨ ᠪᠠᠶᠢᠨ᠎ᠠ᠂ ᠪᠠᠰᠠ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠭᠰᠠᠨ ᠵᠠᠯᠠᠭᠤ ᠡᠮᠴᠢ ᠪᠠᠶᠢᠨ᠎ᠠ᠂ ᠲᠠᠳᠠ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠡᠮᠨᠡᠯᠭᠡ ᠶᠢᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠭᠰᠠᠨ ᠪᠠᠶᠢᠨ᠎ᠠ᠃        ᠣᠶᠢᠯᠠᠭᠠᠭᠰᠠᠨ ᠢᠶᠠᠷ᠂ ᠬᠤᠶᠢᠰᠢᠳᠠ ᠶᠢᠨ ᠠᠵᠢᠯ ᠤᠨ ᠳᠤᠮᠳᠠ᠂ ᠬᠤᠲᠠ ᠶᠢᠨ ᠡᠮᠨᠡᠯᠭᠡ ᠶᠢᠨ ᠬᠤᠷᠢᠶ᠎ᠠ ᠡᠨᠡ ᠵᠢᠯ ᠤᠨ ︽ᠳᠤᠮᠳᠠᠳᠤ ᠤᠯᠤᠰ ᠤᠨ ᠡᠮᠴᠢ ᠶᠢᠨ ᠪᠠᠶᠠᠷ︾ ᠤᠨ ᠭᠤᠣᠯ ᠰᠡᠳᠦᠪ ᠤᠨ ︽ᠵᠠᠭᠤᠨ ᠵᠢᠯ ᠤᠨ ᠣᠶ ᠳᠤ ᠬᠦᠰᠡᠯ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠵᠦ᠂ ᠡᠮᠴᠢ ᠬᠠᠷᠢᠭᠤᠴᠠᠯᠭ᠎ᠠ ᠡᠭᠦᠷᠭᠡᠯᠡᠨ ᠤᠭ ᠰᠠᠨᠠᠭ᠎ᠠ ᠪᠠᠨ ᠦᠢᠯᠡᠳᠦᠯᠭᠡᠵᠢᠭᠦᠯᠦᠶ᠎ᠡ︾ ᠭᠡᠰᠡᠨ ᠱᠠᠭᠠᠷᠳᠠᠯᠭ᠎ᠠ ᠶᠣᠰᠣᠭᠠᠷ᠂ ︽ᠠᠮᠢ ᠨᠠᠰᠤ ᠶᠢ ᠢᠪᠡᠭᠡᠬᠦ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ᠂ ᠬᠤᠪᠢ ᠨᠡᠮᠡᠷᠢ ᠦᠵᠡᠭᠦᠯᠬᠦ᠂ ᠬᠢᠵᠠᠭᠠᠯᠠᠰᠢ ᠦᠭᠡᠢ ᠬᠠᠶᠢᠷᠠᠯᠠᠬᠤ︾ ᠡᠷᠬᠢᠮ ᠳᠡᠭᠡᠳᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠤᠷᠤᠯᠴᠠᠯᠭ᠎ᠠ᠂ ᠪᠣᠯᠪᠠᠰᠤᠷᠠᠯ᠂ ᠡᠮᠨᠡᠯᠭᠡ ᠶᠢᠨ ᠬᠤᠷᠢᠶᠠᠨ ᠤ ᠲᠦᠷᠦᠭᠳᠡᠯ ᠢ ᠰᠡᠷᠭᠡᠶᠢᠯᠡᠨ ᠡᠵᠡᠮᠳᠡᠬᠦ᠂ ᠦᠢᠯᠡᠴᠢᠯᠡᠭᠡᠨ ᠤ ᠰᠢᠨ᠎ᠡ ᠶᠢ ᠡᠭᠦᠳᠬᠦ ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠳᠠ ᠶᠢᠨ ᠠᠷᠠᠳ ᠲᠦᠮᠡᠨ᠂ ᠡᠮᠴᠢᠯᠡᠭᠦᠯᠦᠭᠰᠡᠨ ᠡᠪᠡᠳᠴᠢᠲᠡᠨ ᠳᠤ ᠨᠡᠩ ᠰᠢᠯᠢᠳᠡᠭ ᠥᠨᠳᠥᠷ ᠪᠦᠲᠦᠮᠵᠢᠲᠡᠢ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ ᠭᠡᠪᠡ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号