︽ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠨ᠎ᠠ︾ ︕  ︽ᠡᠷᠢᠶᠡᠨ — ᠭᠤᠸᠠᠩᠵᠸᠦ︾  ᠶᠢᠨ ᠲᠦᠷᠭᠡᠨ ᠤ ᠵᠠᠮ ᠤᠨ ︽ᠡᠷᠢᠶᠡᠨ — ᠰᠠᠶᠢᠬᠠᠨᠳᠠᠯ᠎ᠠ︾ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ  ᠤᠨ ᠪᠠᠷᠢᠯᠭ᠎ᠠ ᠶᠢᠨ60% ᠬᠤᠪᠢ ᠨᠢ ᠪᠠᠶᠢᠭᠤᠯᠵᠦ ᠳᠠᠭᠤᠰᠪᠠ
ᠨᠡᠶᠢᠲᠡᠯᠡᠭᠰᠡᠨ ᠴᠠᠭ᠄
2021/8/20
          G55  ︽ᠡᠷᠢᠶᠡᠨ — ᠭᠤᠸᠠᠩᠵᠸᠦ︾ ᠶᠢᠨ  ᠲᠦᠷᠬᠡᠨ ᠤ ᠵᠠᠮ ᠤᠨ ᠡᠷᠢᠶᠡᠨ ᠬᠤᠲᠠ ᠠᠴᠠ ᠰᠠᠶᠢᠬᠠᠨᠲᠠᠯ᠎ᠠ ᠬᠥᠷᠬᠦ ᠬᠡᠰᠡᠭ ᠤᠨ ᠵᠠᠰᠠᠮᠠᠯ ᠵᠠᠮ ᠪᠣᠯ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠥᠷᠥᠯ  ᠵᠦᠢᠯ ᠮᠥᠨ᠂ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠠᠮ ᠲᠡᠭᠡᠭᠡᠪᠦᠷᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠡᠭᠡᠭᠡᠪᠦᠷᠢ ᠶᠢᠨ ᠴᠢᠳᠠᠪᠤᠷᠢ ᠶᠢ ᠨᠡᠮᠡᠭᠳᠡᠭᠦᠯᠬᠦ᠂ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠶᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠦᠢᠯ ᠤᠨ ᠶᠡᠭᠡ ᠠᠬᠢᠭᠤᠯᠬᠤ ᠦᠢᠯᠡᠳᠦᠯ ᠲᠠᠢ ᠶᠤᠮ᠃ ᠣᠳᠣᠬᠠᠨ ᠳᠤ᠂ ᠲᠤᠰ ᠲᠦᠷᠦᠯ ᠵᠦᠢᠯ ᠶᠠᠭ ᠪᠦᠬᠦ ᠬᠦᠴᠦᠨ ᠢᠶᠠᠷ ᠢᠶᠠᠨ ᠡᠬᠢᠯᠡᠵᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃
      ︽ᠡᠷᠢᠶᠡᠨ — ᠭᠤᠸᠠᠩᠵᠸᠦ︾ ᠶᠢᠨ ᠲᠦᠷᠬᠡᠨ ᠤ ᠵᠠᠮ ᠤᠨ ᠡᠷᠢᠶᠡᠨ ᠬᠤᠲᠠ ᠠᠴᠠ ᠰᠠᠶᠢᠬᠠᠨᠲᠠᠯ᠎ᠠ ᠬᠦᠷᠬᠦ ᠬᠡᠰᠡᠭ ᠤᠨ ᠵᠠᠰᠠᠮᠠᠯ ᠵᠠᠮ
     ᠦᠢᠯᠡᠳᠪᠦᠷᠢ ᠶᠢᠨ ᠬᠤᠯᠢᠮᠠᠯ ᠢᠯᠴᠢ ᠶᠢ ᠰᠢᠨᠡᠳᠬᠡᠬᠦ ᠲᠥᠬᠦᠭᠡᠷᠦᠮᠵᠢ ᠶᠢᠨ ᠠᠵᠢᠯ ᠤᠨ ᠠᠬᠤᠶ ᠲᠠᠯᠠᠪᠠᠢ        ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ ᠨᠢ 3 ᠵᠢᠯ ᠪᠠᠶᠢᠵᠤ᠂ ᠤᠤᠯ ᠤᠨ G208 ᠤᠯᠤᠰ ᠤᠨ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠰᠠᠭᠤᠷᠢᠨ ᠳᠡᠭᠡᠷ᠎ᠡ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠪᠥᠬᠦ ᠣᠷᠳᠣ ᠨᠢ 95.5 ᠺᠢᠯᠣᠮᠧᠲᠷ᠂ ᠲᠤᠰᠠᠯᠠᠬᠤ ᠵᠠᠮ ᠤᠨ ᠪᠥᠬᠦ ᠣᠷᠳᠣ ᠨᠢ 113 ᠺᠢᠯᠣᠮᠧᠲᠷ ᠪᠠᠶᠢᠵᠤ᠂ ᠬᠤᠶᠠᠳᠤᠭᠠᠷ ᠳᠡᠰ ᠤᠨ ᠵᠠᠰᠠᠮᠠᠯ ᠵᠠᠮ ᠪᠣᠯᠤᠨ᠎ᠠ᠃ ᠲᠥᠷᠥᠯ ᠵᠦᠢᠯ  ᠳᠤ 25.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠵᠢᠱᠢᠵᠦ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠺᠣᠮᠫᠠᠨᠢ ᠶᠢᠨ ᠨᠢᠭᠡᠳᠦᠭᠡᠷ ᠠᠯᠪᠠᠨ ᠤ ᠲᠣᠪᠴᠢᠶ᠎ᠠ ᠶᠢᠨ ᠪᠦᠯᠦᠭᠯᠡᠯ ᠪᠣᠯᠤᠨ ᠥᠪᠥᠷ ᠮᠣᠩᠭᠤᠯ ᠤᠨ ᠯᠦ ᠴᠢᠶᠣᠤ ᠪᠦᠯᠦᠭᠯᠡᠯ ᠬᠠᠮᠲᠤᠷᠠᠨ ᠳᠠᠭᠠᠭᠠᠴᠢᠯᠠᠯᠲᠠ ᠣᠯᠵᠤ ᠳᠠᠭᠠᠭᠠᠴᠢᠯᠠᠨ ᠪᠠᠶᠢᠭᠤᠯᠵᠤ᠂ ᠨᠢᠭᠡᠨᠲᠡ ᠪᠠᠶᠢᠭᠤᠯᠤᠭᠰᠠᠨ ᠬᠤᠶᠠᠳᠤᠭᠠᠷ ᠭᠤᠸᠠᠩᠰᠢ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠠᠶᠢᠬᠠᠨᠲᠠᠯ᠎ᠠ ᠠᠴᠠ ᠪᠠᠶᠠᠨᠴᠠᠭᠠᠨ ᠬᠥᠷᠬᠦ ᠬᠡᠰᠡᠭ ᠢ ᠬᠤᠯᠪᠣᠵᠤ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠤᠷ ᠲᠤ ᠠᠭᠤᠰᠬᠠᠨ ᠣᠷᠣᠭᠤᠯᠤᠨ᠎ᠠ ᠃ 2020 ᠣᠨ ᠤ 6 ᠰᠠᠷ᠎ᠠ ᠳᠤ ᠠᠵᠢᠯ ᠡᠬᠢᠯᠡᠭᠦᠯᠦᠭᠰᠡᠨ ᠠᠴᠠ ᠨᠠᠰᠢ᠂ ᠣᠲᠣ ᠪᠣᠯᠲᠠᠯ᠎ᠠ ᠨᠡᠶᠢᠲᠡ 15.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃ ᠡᠨᠡ ᠵᠢᠯ ᠳᠠᠬᠢᠭᠠᠳ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠪᠠᠷᠠᠭᠤᠨ ᠬᠠᠭᠠᠰ ᠵᠠᠮ ᠤᠨ ᠭᠠᠳᠠᠷᠭᠤ ᠶᠢᠨ ᠳᠣᠣᠷ᠎ᠠ ᠳᠠᠪᠬᠤᠷᠭ᠎ᠠ ᠶᠢ ᠳᠡᠪᠢᠰᠴᠦ᠂ ᠵᠠᠮᠴᠢᠯᠠᠨ ᠥᠭᠡᠷᠡᠴᠢᠯᠡᠭᠡᠳ ᠵᠡᠭᠦᠨ ᠬᠠᠭᠠᠰ ᠪᠠᠷᠢᠯᠭ᠎ᠠ ᠪᠠᠷᠢᠵᠤ ᠂ ᠲᠤᠰᠠᠯᠠᠬᠤ ᠵᠠᠮ ᠤᠨ ᠪᠠᠷᠢᠯᠭ᠎ᠠ ᠶᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠨ᠎ᠠ᠃
       ᠬᠥᠭᠦᠷᠭᠡᠨ ᠭᠤᠯᠳᠤᠩ ᠪᠠᠷᠢᠯᠭ᠎ᠠ ᠶᠢᠨ ᠠᠵᠢᠯ ᠤᠨ ᠠᠬᠤᠶ ᠲᠠᠯᠠᠪᠠᠢ        ᠰᠤᠷᠪᠤᠯᠵᠢᠯᠠᠭᠴᠢ ᠲᠤᠬᠠᠶ ᠶᠢᠨ ᠲᠠᠯᠠᠪᠤᠷ ᠲᠤ ᠣᠶᠢᠯᠠᠭᠠᠭᠰᠠᠨ ᠢᠶᠠᠷ᠂ ᠲᠣᠰ ᠲᠦᠷᠭᠡᠨ ᠳᠠᠪᠬᠢᠬᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠯᠠᠰ ᠴᠡᠭ ᠮᠠᠰᠢ ᠣᠯᠠᠨ ᠪᠠᠶᠢᠵᠤ᠂ ᠵᠠᠮ ᠳᠡᠭᠡᠷᠡᠬᠢ ᠪᠠᠷᠢᠯᠭ᠎ᠠ ᠶᠢᠨ ᠠᠵᠢᠯ ᠳᠤ ᠦᠢᠯᠡᠳᠪᠣᠷᠢ ᠶᠢᠨ ᠬᠤᠯᠢᠭᠰᠠᠨ ᠢᠯᠴᠢ ᠶᠢ ᠳᠠᠬᠢᠨ ᠤᠷᠭᠤᠭᠤᠯᠬᠤ ᠮᠡᠷᠭᠡᠵᠢᠯ ᠢ ᠬᠡᠷᠡᠭᠯᠡᠵᠦ᠂ ᠲᠣᠰ ᠮᠡᠷᠭᠡᠵᠢᠯ ᠨᠢ ᠬᠠᠶᠠᠭᠳᠠᠮᠠᠯ ᠬᠠᠭᠤᠴᠢᠨ ᠪᠠᠷᠤᠭᠰᠢᠨ ᠵᠠᠮ ᠤᠨ ᠮᠠᠲ᠋ᠧᠷᠢᠶᠠᠯ ᠢ ᠪᠠᠷᠤᠭᠰᠢᠨ ᠬᠤᠯᠢᠬᠤ ᠥᠷᠲᠡᠭᠡ ᠳᠤ ᠬᠦᠷᠭᠡᠵᠦ᠂ ᠬᠡᠮᠬᠡᠴᠢᠬᠦ᠂ ᠰᠢᠭᠰᠢᠨ ᠬᠤᠪᠢᠶᠠᠬᠤ ᠪᠠᠷ ᠳᠡᠮᠵᠢᠨ᠂ ᠬᠠᠷᠢᠴᠠᠯ ᠶᠣᠰᠣᠭᠠᠷ ᠰᠢᠨ᠎ᠡ ᠮᠠᠲ᠋ᠧᠷᠢᠶᠠᠯ ᠴᠤᠭᠯᠠᠭᠤᠯᠬᠤ᠂ ᠰᠢᠨ᠎ᠡ ᠪᠠᠷᠤᠭᠰᠢᠨ᠂ ᠳᠠᠬᠢᠨ ᠤᠷᠭᠤᠭᠤᠯᠬᠤ ᠡᠳ᠋ ᠵᠡᠷᠭᠡ ᠲᠠᠢ ᠬᠤᠯᠢᠵᠤ ᠬᠠᠯᠠᠭᠠᠨ ᠬᠤᠯᠢᠭᠰᠠᠨ ᠳᠠᠬᠢᠨ ᠤᠷᠭᠤᠭᠤᠯᠬᠤ ᠬᠤᠯᠢᠮᠠᠭ ᠮᠠᠲ᠋ᠧᠷᠢᠶᠠᠯ ᠪᠣᠯᠭᠠᠭᠰᠠᠨ ᠤ ᠳᠠᠷᠠᠭ᠎ᠠ ᠵᠠᠮ ᠤᠨ ᠭᠠᠳᠠᠷᠭᠤ ᠶᠢ ᠳᠡᠪᠢᠰᠬᠦ ᠪᠣᠯᠤᠨ᠎ᠠ᠃ ᠲᠣᠰ ᠮᠡᠷᠭᠡᠵᠢᠯ ᠨᠢ ᠬᠦᠳᠡᠷ ᠮᠠᠯᠲᠠᠭᠰᠠᠨ ᠠᠴᠠ ᠪᠣᠯᠤᠭᠰᠠᠨ ᠡᠬᠢ ᠪᠠᠶᠠᠯᠢᠭ ᠤᠨ ᠬᠤᠬᠢᠷᠠᠯ ᠪᠠ ᠣᠷᠴᠢᠨ ᠠᠬᠤᠶ ᠶᠢᠨ ᠪᠣᠬᠢᠷᠲᠤᠯ ᠢ ᠪᠦᠲᠦᠮᠵᠢᠲᠡᠶ ᠪᠠᠷ ᠪᠠᠭᠠᠰᠬᠠᠵᠤ᠂ ᠵᠠᠮ ᠵᠠᠰᠠᠬᠤ ᠥᠪᠡᠷ ᠤᠨ ᠥᠷᠲᠡᠭ ᠢ ᠪᠦᠲᠦᠮᠵᠢᠲᠡᠶ ᠪᠠᠷ ᠠᠷᠪᠢᠯᠠᠵᠤ ᠪᠣᠯᠤᠨ᠎ᠠ᠃
       ᠵᠠᠮ ᠤᠨ ᠭᠠᠳᠠᠷᠭᠤ ᠶᠢ  ᠳᠡᠪᠢᠰᠴᠦ ᠪᠠᠶᠢᠭ᠎ᠠ ᠨᠢ
  ᠬᠠᠷᠤᠭᠤᠯᠳᠠᠭᠤᠷ ᠮᠠᠰᠢᠨ ᠤ ᠬᠠᠷᠤᠭᠤᠯᠳᠠᠭᠤᠷ ᠵᠠᠮ ᠤᠨ ᠭᠠᠳᠠᠷᠭᠤ        ᠲᠤᠰ ᠲᠦᠷᠦᠯ ᠵᠦᠢᠯ ᠪᠣᠯ  ᠡᠷᠢᠶᠡᠨ — ᠭᠤᠸᠠᠩᠵᠸᠦ ᠲᠦᠷᠭᠡᠨ ᠤ ᠵᠠᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠤᠯᠤᠰ ᠤᠨ ᠡᠮᠦᠨᠡᠰᠢ ᠤᠮᠠᠷᠠᠰᠢ ᠴᠢᠭᠯᠡᠯ ᠤᠨ ᠴᠢᠬᠤᠯᠠ ᠵᠠᠰᠠᠮᠠᠯ ᠵᠠᠮ ᠤᠨ ᠲᠡᠭᠡᠭᠡᠪᠦᠷᠢ ᠶᠢᠨ ᠶᠡᠭᠡ ᠵᠠᠮ ᠪᠣᠯᠤᠨ᠎ᠠ᠂ ᠮᠥᠨᠴᠦ ᠮᠣᠩᠭᠤᠯ ᠤᠯᠤᠰ ᠲᠤ ᠨᠡᠪᠲᠡᠷᠡᠬᠦ ᠴᠢᠬᠤᠯᠠ ᠵᠠᠮ ᠪᠣᠯᠤᠨ᠎ᠠ᠃ ᠲᠣᠰ ᠲᠦᠷᠭᠡᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠨᠢ ︽ᠨᠢᠭᠡ ᠪᠦᠰᠡ ᠨᠢᠭᠡ ᠵᠠᠮ︾ ᠳᠤ ᠠᠭᠤᠰᠤᠯᠴᠠᠬᠤ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠯᠬᠤᠴᠠ ᠶᠢ ᠲᠦᠷᠭᠡᠳᠬᠡᠬᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠦᠷᠭᠡᠨ ᠳᠠᠪᠬᠢᠬᠤ ᠵᠠᠰᠠᠮᠠᠯ ᠵᠠᠮ ᠤᠨ ᠲᠣᠤᠷ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠬᠦ᠂ ᠵᠠᠮ ᠳᠠᠭᠠᠤ ᠶᠢᠨ ᠭᠠᠵᠠᠷ ᠣᠷᠣᠨ ᠤ ᠠᠵᠤ ᠠᠬᠤᠶ ᠪᠠ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号