︽ᠡᠷᠢᠶᠡᠨ — ᠭᠤᠸᠠᠩᠵᠸᠦ︾  ᠴᠢᠭᠯᠡᠯ ᠤᠨ ᠦᠨᠳᠣᠷ ᠬᠤᠷᠳᠣᠴᠠᠳᠦ ᠵᠠᠰᠠᠮᠠᠯ ᠵᠠᠮ ᠤᠨ ︽ᠡᠷᠢᠶᠡᠨ — ᠰᠠᠶᠢᠬᠠᠨᠳᠠᠯ᠎ᠠ︾ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ60% ᠬᠤᠪᠢ   ᠶᠢᠨ ᠪᠠᠷᠢᠯᠭ᠎ᠠ ᠶᠢᠨ ᠠᠵᠢᠯ ᠢ ᠳᠠᠭᠤᠰᠬᠠᠪᠠ
ᠨᠡᠶᠢᠲᠡᠯᠡᠭᠰᠡᠨ ᠴᠠᠭ᠄
2021/8/20
       G55 ︽ᠡᠷᠢᠶᠡᠨ — ᠭᠤᠸᠠᠩᠵᠸᠦ︾ ᠴᠢᠭᠯᠡᠯ ᠤᠨ ᠦᠨᠳᠣᠷ ᠬᠤᠷᠳᠣᠴᠠᠳᠦ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠲᠠᠯ᠎ᠠ ᠬᠥᠷᠬᠦ ᠬᠡᠰᠡᠭ ᠤᠨ ᠵᠠᠰᠠᠮᠠᠯ ᠵᠠᠮ ᠪᠣᠯ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠥᠷᠥᠯ  ᠵᠦᠢᠯ ᠮᠥᠨ᠂ ᠲᠣᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠠᠮ ᠲᠡᠭᠡᠭᠡᠪᠦᠷᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠡᠭᠡᠭᠡᠪᠦᠷᠢ ᠶᠢᠨ ᠴᠢᠳᠠᠪᠤᠷᠢ ᠶᠢ ᠨᠡᠮᠡᠭᠳᠡᠭᠦᠯᠬᠦ᠂ ᠪᠣᠰᠤᠭ᠎ᠠ ᠴᠣᠭᠴᠠᠲᠤ ᠵᠠᠮ ᠬᠠᠷᠢᠯᠴᠠᠭ᠎ᠠ ᠶᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠦᠢᠯ ᠤᠨ ᠶᠡᠭᠡ ᠠᠬᠢᠭᠤᠯᠬᠤ ᠦᠢᠯᠡᠳᠦᠯ ᠲᠠᠢ ᠶᠤᠮ᠃ ᠣᠳᠣᠬᠠᠨ ᠳᠤ᠂ ᠲᠤᠰ ᠲᠦᠷᠦᠯ ᠵᠦᠢᠯ ᠶᠠᠭ ᠪᠦᠬᠦ ᠬᠦᠴᠦᠨ ᠢᠶᠠᠷ  ᠠᠬᠢᠭᠤᠯᠵᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃        ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ ᠨᠢ 3 ᠵᠢᠯ ᠪᠠᠶᠢᠵᠤ᠂ ᠤᠤᠯ ᠤᠨ G208 ᠤᠯᠤᠰ ᠤᠨ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠰᠠᠭᠤᠷᠢᠨ ᠳᠡᠭᠡᠷ᠎ᠡ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠪᠥᠬᠦ ᠣᠷᠳᠣ ᠨᠢ 95.5 ᠺᠢᠯᠣᠮᠧᠲᠷ᠂ ᠲᠤᠰᠠᠯᠠᠬᠤ ᠵᠠᠮ ᠤᠨ ᠪᠥᠬᠦ ᠣᠷᠳᠣ ᠨᠢ 113 ᠺᠢᠯᠣᠮᠧᠲᠷ ᠪᠠᠶᠢᠵᠤ᠂ ᠬᠤᠶᠠᠳᠤᠭᠠᠷ ᠳᠡᠰ ᠤᠨ ᠵᠠᠰᠠᠮᠠᠯ ᠵᠠᠮ ᠪᠣᠯᠤᠨ᠎ᠠ᠃ ᠳᠣᠰ ᠲᠥᠷᠥᠯ ᠵᠦᠢᠯ  ᠳᠤ 25.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠵᠢᠱᠢᠵᠦ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠺᠣᠮᠫᠠᠨᠢ ᠶᠢᠨ ᠵᠠᠰᠠᠮᠠᠯ ᠵᠠᠮ ᠤᠨ ᠨᠢᠭᠡᠳᠦᠬᠡᠷ ᠲᠣᠪᠴᠢᠶ᠎ᠠ ᠶᠢᠨ ᠪᠦᠯᠦᠭᠯᠡᠯ ᠪᠣᠯᠤᠨ ᠥᠪᠥᠷ ᠮᠣᠩᠭᠤᠯ ᠤᠨ ᠯᠦ ᠴᠢᠶᠣᠤ ᠪᠦᠯᠦᠭᠯᠡᠯ ᠬᠠᠮᠲᠤᠷᠠᠨ ᠳᠠᠭᠠᠭᠠᠴᠢᠯᠠᠨ ᠪᠠᠶᠢᠭᠤᠯᠵᠤ᠂ ᠨᠢᠭᠡᠨᠲᠡ ᠪᠠᠶᠢᠭᠤᠯᠤᠭᠰᠠᠨ ᠡᠷᠢᠶᠡᠨ — ᠭᠤᠸᠠᠩᠵᠸᠦ ᠴᠢᠭᠯᠡᠯ ᠤᠨ ᠦᠨᠳᠣᠷ ᠬᠤᠷᠳᠣᠴᠠᠳᠦ ᠵᠠᠰᠠᠮᠠᠯ ᠵᠠᠮ ᠤᠨ ᠰᠠᠶᠢᠬᠠᠨᠲᠠᠯ᠎ᠠ ᠠᠴᠠ ᠪᠠᠶᠠᠨᠴᠠᠭᠠᠨ ᠬᠥᠷᠬᠦ ᠬᠡᠰᠡᠭ ᠢ ᠬᠤᠯᠪᠣᠵᠤ᠂ ᠤᠯᠤᠰ ᠤᠨ  ᠦᠨᠳᠣᠷ ᠬᠤᠷᠳᠣᠴᠠᠳᠦ ᠵᠠᠰᠠᠮᠠᠯ ᠵᠠᠮ ᠤᠨ ᠲᠣᠤᠷ ᠲᠤ ᠣᠷᠣᠭᠤᠯᠤᠨ᠎ᠠ᠃ 2020 ᠣᠨ ᠤ 6 ᠰᠠᠷ᠎ᠠ ᠳᠤ ᠠᠵᠢᠯ ᠡᠬᠢᠯᠡᠭᠦᠯᠦᠭᠰᠡᠨ ᠠᠴᠠ ᠨᠠᠰᠢ᠂ ᠣᠲᠣ ᠪᠣᠯᠲᠠᠯ᠎ᠠ ᠨᠡᠶᠢᠲᠡ 15.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃ ᠡᠨᠡ ᠵᠢᠯ ᠳᠠᠬᠢᠭᠠᠳ 8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠪᠠᠷᠠᠭᠤᠨ ᠳᠠᠯ᠎ᠠ ᠶᠢᠨ ᠵᠠᠮ ᠤᠨ ᠭᠠᠳᠠᠷᠭᠤ ᠶᠢᠨ ᠳᠣᠣᠷ᠎ᠠ ᠳᠠᠪᠬᠤᠷᠭ᠎ᠠ ᠶᠢ ᠳᠡᠪᠢᠰᠴᠦ᠂  ᠵᠡᠬᠦᠨ ᠳᠠᠯ᠎ᠠ ᠶᠢᠨ ᠪᠠᠷᠢᠯᠭ᠎ᠠ ᠶᠢ ᠡᠬᠢᠯᠡᠬᠦᠯᠵᠦ᠂ ᠲᠤᠰᠠᠯᠠᠬᠤ ᠵᠠᠮ ᠤᠨ ᠪᠠᠷᠢᠯᠭ᠎ᠠ ᠶᠢ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠨ᠎ᠠ᠃     ᠳᠣᠬᠠᠢ ᠶᠢᠨ ᠳᠠᠯᠠᠪᠠᠢ ᠳᠤ ᠰᠤᠷᠪᠤᠯᠵᠢᠯᠠᠭᠴᠢ   ᠶᠢᠨ ᠣᠶᠢᠯᠠᠭᠠᠭᠰᠠᠨ ᠢᠶᠠᠷ᠂ ᠲᠣᠰ ᠦᠨᠳᠣᠷ ᠬᠤᠷᠳᠣᠴᠠᠳᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ  ᠰᠢᠨᠵᠢᠯᠡᠭᠡ ᠲᠧᠭᠨᠢᠭ ᠤᠨ ᠦᠷ᠎ᠡ ᠪᠦᠳᠦᠮᠵᠢ ᠶᠢ ᠮᠠᠰᠢ ᠣᠯᠠᠨ ᠠᠰᠢᠭᠯᠠᠵᠦ᠂ ᠵᠠᠮ ᠳᠡᠭᠡᠷᠡᠬᠢ ᠪᠠᠷᠢᠯᠭ᠎ᠠ ᠶᠢᠨ ᠠᠵᠢᠯ ᠳᠤ  ᠬᠠᠭᠤᠴᠢᠨ ᠵᠠᠮ ᠤᠨ ᠪᠠᠷᠣᠭᠰᠢᠨ ᠮᠠᠲ᠋ᠧᠷᠢᠶᠡᠯ ᠢ ᠦᠢᠯᠡᠳᠪᠣᠷᠢ ᠳᠤ ᠬᠠᠯᠠᠭᠤᠨ ᠤ ᠠᠷᠭ᠎ᠠ   ᠪᠠᠷ ᠳᠠᠬᠢᠨ ᠪᠣᠯᠪᠠᠰᠣᠷᠠᠭᠤᠯᠵᠦ  ᠂ ᠲᠣᠰ ᠮᠡᠷᠭᠡᠵᠢᠯ ᠨᠢ ᠬᠠᠶᠠᠭᠳᠠᠮᠠᠯ ᠬᠠᠭᠤᠴᠢᠨ ᠪᠠᠷᠤᠭᠰᠢᠨ ᠵᠠᠮ ᠤᠨ ᠮᠠᠲ᠋ᠧᠷᠢᠶᠠᠯ ᠢ ᠪᠠᠷᠤᠭᠰᠢᠨ ᠬᠤᠯᠢᠬᠤ ᠥᠷᠲᠡᠭᠡ ᠳᠤ ᠬᠦᠷᠭᠡᠵᠦ᠂ ᠬᠡᠮᠬᠡᠴᠢᠬᠦ᠂ ᠰᠢᠭᠰᠢᠨ ᠬᠤᠪᠢᠶᠠᠬᠤ ᠪᠠᠷ ᠳᠡᠮᠵᠢᠨ᠂ ᠬᠠᠷᠢᠴᠠᠯ ᠶᠣᠰᠣᠭᠠᠷ ᠰᠢᠨ᠎ᠡ ᠮᠠᠲ᠋ᠧᠷᠢᠶᠠᠯ ᠴᠤᠭᠯᠠᠭᠤᠯᠬᠤ᠂ ᠰᠢᠨ᠎ᠡ ᠪᠠᠷᠤᠭᠰᠢᠨ᠂ ᠳᠠᠬᠢᠨ ᠤᠷᠭᠤᠭᠤᠯᠬᠤ ᠡᠳ᠋ ᠵᠡᠷᠭᠡ ᠲᠠᠢ ᠬᠤᠯᠢᠵᠤ ᠬᠠᠯᠠᠭᠠᠨ ᠬᠤᠯᠢᠭᠰᠠᠨ ᠳᠠᠬᠢᠨ ᠠᠰᠢᠭᠯᠠᠬᠤ ᠬᠤᠯᠢᠮᠠᠭ ᠮᠠᠲ᠋ᠧᠷᠢᠶᠠᠯ ᠪᠣᠯᠭᠠᠭᠰᠠᠨ ᠤ ᠳᠠᠷᠠᠭ᠎ᠠ ᠵᠠᠮ ᠤᠨ ᠭᠠᠳᠠᠷᠭᠤ ᠶᠢ ᠳᠡᠪᠢᠰᠬᠦ ᠪᠣᠯᠤᠨ᠎ᠠ᠃ ᠲᠣᠰ ᠮᠡᠷᠭᠡᠵᠢᠯ ᠨᠢ ᠬᠦᠳᠡᠷ ᠮᠠᠯᠲᠠᠭᠰᠠᠨ ᠠᠴᠠ ᠪᠣᠯᠤᠭᠰᠠᠨ ᠡᠬᠢ ᠪᠠᠶᠠᠯᠢᠭ ᠤᠨ ᠬᠤᠬᠢᠷᠠᠯ ᠪᠠ ᠣᠷᠴᠢᠨ ᠠᠬᠤᠶ ᠶᠢᠨ ᠪᠣᠬᠢᠷᠲᠤᠯ ᠢ ᠪᠦᠲᠦᠮᠵᠢᠲᠡᠶ ᠪᠠᠷ ᠪᠠᠭᠠᠰᠬᠠᠵᠤ᠂ ᠵᠠᠮ ᠵᠠᠰᠠᠬᠤ ᠥᠪᠡᠷ ᠤᠨ ᠥᠷᠲᠡᠭ ᠢ ᠪᠦᠲᠦᠮᠵᠢᠲᠡᠶ ᠪᠠᠷ ᠠᠷᠪᠢᠯᠠᠵᠤ  ᠴᠢᠳᠠᠨ᠎ᠠ᠃    ᠲᠤᠰ ᠲᠦᠷᠦᠯ ᠵᠦᠢᠯ ᠪᠣᠯ  ᠡᠷᠢᠶᠡᠨ — ᠭᠤᠸᠠᠩᠵᠸᠦ ᠴᠢᠭᠯᠡᠯ ᠤᠨ ᠦᠨᠳᠣᠷ ᠬᠤᠷᠳᠣᠴᠠᠳᠦ ᠵᠠᠰᠠᠮᠠᠯ ᠵᠠᠮ  ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠤᠯᠤᠰ ᠤᠨ ᠡᠮᠦᠨᠡᠰᠢ ᠤᠮᠠᠷᠠᠰᠢ ᠴᠢᠭᠯᠡᠯ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠴᠢᠬᠤᠯᠠ ᠵᠠᠮ ᠪᠣᠯᠤᠨ᠎ᠠ᠂ ᠮᠥᠨᠴᠦ ᠮᠣᠩᠭᠤᠯ ᠤᠯᠤᠰ ᠲᠤ ᠨᠡᠪᠲᠡᠷᠡᠬᠦ ᠴᠢᠬᠤᠯᠠ ᠵᠠᠮ ᠪᠣᠯᠤᠨ᠎ᠠ᠃ ᠲᠣᠰ ᠦᠨᠳᠣᠷ ᠬᠤᠷᠳᠣᠴᠠᠳᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠨᠢ ︽ᠨᠢᠭᠡ ᠪᠦᠰᠡ ᠨᠢᠭᠡ ᠵᠠᠮ︾ ᠳᠤ ᠠᠭᠤᠰᠤᠯᠴᠠᠬᠤ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠯᠬᠤᠴᠠ ᠶᠢ ᠲᠦᠷᠭᠡᠳᠬᠡᠬᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ  ᠦᠨᠳᠣᠷ ᠬᠤᠷᠳᠣᠴᠠᠳᠦ ᠵᠠᠰᠠᠮᠠᠯ ᠵᠠᠮ ᠤᠨ ᠲᠣᠤᠷ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠬᠦ᠂ ᠵᠠᠮ ᠳᠠᠭᠠᠤ ᠶᠢᠨ ᠭᠠᠵᠠᠷ ᠣᠷᠣᠨ ᠤ ᠠᠵᠤ ᠠᠬᠤᠶ ᠪᠠ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号