| | 8 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ | ᠬᠤᠷᠢᠶᠠᠨ ᠤ ᠱᠦᠵᠢ ᠯᠢᠦ ᡁᠢ ᠫᠢᠩ ᠠᠩᠭᠢ ᠳᠠᠭᠠᠭᠤᠯᠤᠨ ᠮᠠᠨ ᠤ ᠬᠤᠲᠠ ᠶᠢᠨ ᠡᠯ᠎ᠡ ᠬᠡᠤᠬᠡᠳ ᠤᠨ ᠴᠡᠴᠡᠷᠯᠢᠭ᠂ | ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠪᠡᠯᠡᠳᠬᠡᠯ | ᠪᠠᠶᠢᠳᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ | ᠵᠢᠭᠠᠨ ᠵᠢᠯᠣᠭᠤᠳᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠶᠠᠩ ᠶᠢᠨ ᠷᠦᠢ᠂ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷᠠᠨᠳᠠᠨ᠎ᠠ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠤᠯᠠᠭᠠᠨ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ | ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠧᠩ ᡁᠢ ᠵᠢᠶᠦ᠋ᠨ᠂ ᠬᠤᠲᠠ ᠶᠢᠨ ᠳᠡᠳ᠋ ᠳᠠᠷᠤᠭ᠎ᠠ ᠴᠣᠭᠵᠢᠯ | ᠪᠠᠶᠢᠴᠠᠭᠠᠨ ᠰᠤᠳᠤᠯᠤᠯᠲᠠ ᠬᠢᠪᠡ᠃ | | | | | ᠭᠤᠷᠪᠠᠳᠤᠭᠠᠷ ᠪᠠᠭ᠎ᠠ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠨ᠎ᠡ᠃ | | ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠡ | | ᠯᠢᠦ ᡁᠢ ᠫᠢᠩ ᠨᠡᠷ ᠤᠷᠢᠳ ᠬᠤᠵᠢᠳ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠂ | ᠦᠨᠳᠦᠰᠦᠲᠡᠨ ᠤ ᠬᠡᠦᠬᠡᠳ ᠤᠨ ᠴᠡᠴᠡᠷᠯᠢᠭ᠂ ᠬᠤᠳᠠ ᠶᠢᠨ ᠬᠡᠦᠬᠡᠳ ᠤᠨ ᠴᠡᠴᠡᠷᠯᠢᠭ᠂ ᠭᠤᠷᠪᠠᠳᠤᠭᠠᠷ ᠪᠠᠭ᠎ᠠ | ᠰᠤᠷᠭᠠᠭᠤᠯᠢ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ | ᠬᠤᠶᠠᠳᠤᠭᠠᠷ ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬᠦᠷᠴᠦ᠂ | ᠰᠤᠷᠭᠠᠭᠤᠯᠢ ᠶᠢᠨ ᠠᠯᠪᠠᠨ ᠭᠡᠷ᠂ ᠬᠢᠴᠢᠶᠡᠯ ᠤᠨ ᠭᠡᠷ᠂ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ ᠤᠨ | ᠲᠠᠯᠠᠪᠠᠢ᠂ ᠪᠡᠶ᠎ᠡ ᠶᠢᠨ ᠲᠠᠮᠢᠷ ᠤᠨ ᠣᠷᠳᠣᠨ ᠳᠤ ᠬᠦᠷᠴᠦ᠂ ᠡᠯ᠎ᠡ ᠰᠤᠷᠭᠠᠭᠤᠯᠢ ᠶᠢᠨ ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠪᠡᠯᠡᠳᠬᠡᠯ᠂ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ᠂ ᠪᠠᠭᠰᠢ ᠶᠢᠨ ᠲᠤᠬᠢᠷᠠᠭᠤᠯᠤᠯᠳᠠ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ | ᠵᠡᠷᠭᠡ ᠠᠵᠢᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠪᠠᠭᠰᠢ ᠶᠢᠨ ᠲᠥᠯᠥᠭᠡᠯᠡᠭᠴᠢᠳ ᠲᠠᠢ ᠶᠠᠷᠢᠯᠴᠠᠨ | ᠰᠣᠯᠢᠯᠴᠠᠵᠤ᠂ ᠮᠠᠨ ᠤ ᠬᠤᠲᠠ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ | ᠴᠢᠩᠭᠠᠳᠬᠠᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠤᠷᠤᠯᠭ᠎ᠠ ᠡᠬᠢᠯᠡᠬᠦ ᠪᠡᠯᠡᠳᠬᠡᠯ ᠵᠡᠷᠭᠡ ᠠᠵᠢᠯ | ᠵᠢᠴᠢ ᠬᠦᠴᠢᠷᠳᠡᠯ ᠣᠷᠣᠰᠢᠵᠤ ᠪᠠᠶᠢᠭ᠎ᠠ ᠬᠠᠷᠢᠭᠤ ᠮᠡᠳᠡᠭᠦᠯᠦᠯᠲᠡ ᠶᠢ ᠰᠣᠨᠣᠰᠪᠠ᠃ | | | | | ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠪᠡ | | ᠯᠢᠦ ᡁᠢ ᠫᠢᠩ ᠵᠢᠭᠠᠵᠤ ᠭᠠᠷᠭᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠨᠠᠮ ᠪᠠ ᠤᠯᠤᠰ ᠤᠨ ᠠᠵᠢᠯ ᠦᠢᠯᠡᠰ ᠤᠨ | ᠬᠥᠭᠵᠢᠯᠲᠡ ᠶᠢᠨ ᠪᠦᠬᠦ ᠲᠠᠯ᠎ᠠ ᠳᠤ ᠴᠢᠭᠯᠡᠭᠦᠯᠦᠨ ᠭᠠᠷᠭᠠᠭᠰᠠᠨ ᠴᠢᠬᠤᠯᠠ ᠶᠡᠭᠡ ᠰᠢᠢᠳᠪᠣᠷᠢᠳᠦ ᠪᠤᠳᠤᠯᠭ᠎ᠠ ᠶᠢᠨ | ᠪᠠᠶᠢᠷᠢᠯᠠᠭᠤᠯᠤᠯᠲᠠ ᠮᠥᠨ᠂ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ | ᠬᠡᠷᠡᠭᠵᠢᠭᠦᠯᠬᠦ ᠪᠣᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠲᠡᠷᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ | ᠲᠠᠪᠰᠢᠯᠳᠠ ᠶᠢ ᠲᠦᠷᠭᠡᠳᠬᠡᠬᠦ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠷᠭᠠᠭᠤᠯᠢ ᠨᠤᠭᠤᠳ ᠰᠢ ᠶᠢᠨ ᠫᠢᠩ ᠶᠡᠷᠦᠩᠬᠡᠶ ᠱᠦᠵᠢ ᠶᠢᠨ | ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠠᠵᠢᠯ ᠢ ᠳᠡᠯᠭᠡᠷᠡᠭᠦᠯᠦᠨ ᠲᠦᠭᠡᠮᠡᠯᠵᠢᠭᠦᠯᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠤᠱᠯᠠᠭᠤᠯᠬᠤ ᠬᠡᠷᠡᠭᠲᠡᠶ᠃ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶ᠎ᠠ ᠶᠢᠨ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠭᠦᠷᠭᠡᠯᠡᠵᠦ | ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠡᠯ᠎ᠡ ᠵᠦᠶ᠋ᠯ ᠤᠨ ᠠᠵᠢᠯ ᠢ ᠲᠤᠭ ᠲᠡᠮᠳᠡᠭ ᠲᠣᠳᠣᠷᠬᠠᠶ ᠪᠠᠷ ᠰᠠᠶᠢᠲᠤᠷ ᠠᠳᠬᠤᠨ᠎ᠠ᠃ | | | | | ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ᠪᠠᠶᠢᠴᠠᠭᠠᠨ ᠰᠤᠳᠤᠯᠤᠯᠲᠠ ᠬᠢᠪᠡ | | | | | ᠦᠨᠳᠦᠰᠦᠲᠡᠨ ᠤ ᠴᠡᠴᠡᠷᠯᠢᠭ ᠲᠤ ᠪᠠᠶᠢᠴᠠᠭᠠᠨ ᠰᠤᠳᠤᠯᠤᠯᠲᠠ ᠬᠢᠪᠡ | | ᠯᠢᠦ ᡁᠢ ᠫᠢᠩ ᠴᠢᠬᠤᠯᠠᠴᠢᠯᠠᠬᠤ ᠳᠠᠭᠠᠨ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ | ᠶᠡᠭᠡ ᠢᠨᠵᠧᠨᠧᠷᠢᠩ ᠮᠥᠨ᠂ ᠰᠢᠯᠢᠳᠡᠭ ᠪᠠᠭᠰᠢ ᠶᠢᠨ ᠡᠩᠨᠡᠭᠡ ᠪᠣᠯ ᠰᠤᠷᠭᠠᠨ ᠬᠥᠮᠦᠵᠢᠯ ᠤᠨ ᠠᠵᠢᠯ ᠢ ᠰᠠᠶᠢᠲᠤᠷ | ᠬᠢᠬᠦ ᠶᠢᠨ ᠦᠨᠳᠦᠰᠦᠨ ᠪᠠᠲᠤᠯᠠᠭ᠎ᠠ ᠮᠥᠨ᠃ ᠡᠯ᠎ᠡ ᠰᠤᠷᠭᠠᠭᠤᠯᠢ ᠶᠢᠨ ᠬᠢᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠤᠯᠤᠰ ᠲᠦᠷᠦ ᠶᠢᠨ ᠬᠡᠪ ᠴᠢᠨᠠᠷ ᠪᠣᠯᠤᠨ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ︽ᠲᠦᠷᠪᠡ ᠶᠢ ᠪᠦᠷᠢᠳᠦᠭᠦᠯᠦᠭᠰᠡᠨ︾ | ᠰᠠᠶᠢᠨ ᠪᠠᠭᠰᠢ ᠪᠣᠯᠬᠤ ᠬᠡᠷᠡᠭᠲᠡᠢ᠃ ᠵᠢᠭᠠᠨ ᠰᠤᠷᠭᠠᠯᠲᠠ ᠶᠢᠨ ᠲᠥᠰᠦᠯ ᠪᠣᠯᠤᠨ ᠬᠢᠴᠢᠶᠡᠯ ᠤᠨ ᠲᠥᠯᠥᠪᠯᠡᠭᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ | ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠰᠠᠶᠢᠲᠤᠷ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ | ᠨᠡᠩ ᠰᠠᠶᠢᠲᠤᠷ ᠠᠭᠤᠰᠤᠯᠴᠠᠭᠤᠯᠵᠤ᠂ ᠪᠠᠭᠰᠢ ᠶᠢᠨ ᠰᠠᠶᠢᠨ ᠵᠢᠭᠠᠬᠤ᠂ ᠰᠠᠶᠢᠨ ᠰᠤᠷᠬᠤ ᠶᠢ ᠪᠠᠲᠤᠯᠠᠵᠤ᠂ ᠭᠡᠷ ᠤᠨ | ᠠᠬᠠᠮᠠᠳ ᠢ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ᠃ ᠪᠣᠭᠤᠮᠲᠠ ᠶᠢᠨ ᠰᠤᠷᠭᠠᠨ ᠬᠥᠮᠦᠵᠢᠯ ᠤᠨ ᠳᠠᠪᠠᠭᠤᠯᠢᠭ ᠢ | ᠪᠠᠳᠠᠷᠠᠭᠤᠯᠵᠤ᠂ ᠡᠷᠢᠶᠡᠨ ᠤ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠡᠷᠬᠢᠯᠡᠬᠦ | ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ | ᠡᠳᠦᠷ ᠲᠤᠲᠤᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠤᠶᠢᠷᠭᠤᠰᠢᠬᠤ ᠥᠬᠡᠶ᠂ ᠮᠢᠨᠴᠦᠭᠦᠷᠡᠬᠦ ᠥᠬᠡᠶ᠂ ᠰᠤᠯᠠᠷᠠᠬᠤ ᠥᠬᠡᠶ ᠪᠠᠶᠢᠬᠤ ᠶᠢ ᠡᠷᠡᠰ ᠪᠡᠶᠡᠯᠡᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠰᠠᠶᠢᠲᠤᠷ ᠰᠠᠬᠢᠵᠤ᠂ | ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠰᠡᠷᠭᠡᠶᠢᠯᠡᠯᠲᠡ ᠶᠢᠨ ᠬᠡᠷᠡᠮ︾ ᠢ | ᠪᠠᠲᠤ ᠴᠣᠭᠴᠠᠯᠠᠬᠤ ᠬᠡᠷᠡᠭᠲᠡᠶ ᠭᠡᠪᠡ᠃ | | |