︽ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠰᠤᠯᠠᠷᠠᠭᠤᠯᠤᠯ ᠥᠬᠡᠶ︾ ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ  ᠴᠢᠯᠦᠭᠡᠳᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠲᠠᠯᠠᠪᠤᠷ ᠢ  ᠱᠠᠭᠠᠷᠳᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/8/25
            8 ᠰᠠᠷ᠎ᠠ ᠶᠢᠨ 23 ᠤ ᠡᠳᠦᠷ᠂ ᠬᠤᠲᠠ ᠶᠢᠨ ᠳᠡᠳ᠋ ᠳᠠᠷᠤᠭ᠎ᠠ  ᠴᠣᠭᠵᠢᠯ ᠣᠯᠠᠨ ᠰᠠᠯᠠᠭ᠎ᠠ ᠮᠥᠴᠢᠷ ᠢ ᠳᠠᠭᠠᠭᠤᠯᠤᠨ ᠤᠬᠢᠶᠠᠯᠭ᠎ᠠ ᠶᠢᠨ ᠲᠥᠪ᠂ ᠡᠮ ᠤᠨ ᠳᠡᠯᠭᠡᠭᠦᠷ᠂ ᠴᠢᠯᠦᠭᠡᠳᠦ ᠳᠡᠯᠭᠡᠭᠦᠷ᠂ ᠦᠵᠡᠮᠵᠢ ᠶᠢᠨ ᠣᠷᠣᠨ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠨ ᠰᠤᠳᠤᠯᠤᠯᠲᠠ ᠪᠠ ᠬᠢᠨᠠᠨ ᠵᠢᠯᠣᠭᠤᠳᠣᠯᠭ᠎ᠠ ᠥᠷᠨᠢᠭᠦᠯᠪᠡ᠃
       ᠡᠮ ᠤᠨ ᠳᠡᠯᠭᠡᠭᠦᠷ ᠰᠣᠩᠭᠤᠨ ᠪᠠᠶᠢᠴᠠᠭᠠᠨ᠎ᠠ
    ᠴᠢᠯᠦᠭᠡᠳᠦ ᠳᠡᠯᠬᠡᠬᠦᠷ ᠢ ᠰᠣᠩᠭᠤᠨ ᠪᠠᠶᠢᠴᠠᠭᠠᠨ᠎ᠠ         ᠴᠣᠭᠵᠢᠯ ᠨᠠᠷ  ᠮᠧᠩ ᠺᠧ ᠯᠦᠩ ᠴᠢᠯᠦᠭᠡᠳᠦ ᠳᠡᠯᠭᠡᠭᠦᠷ᠂ ᠶᠤᠸᠠᠢ ᠬᠤᠸᠠ ᠡᠮ ᠤᠨ ᠳᠡᠯᠭᠡᠭᠦᠷ᠂ ᠬᠤᠪᠢ ᠶᠢᠨ ᠡᠮᠴᠢᠯᠡᠭᠡᠨ ᠤ ᠭᠠᠵᠠᠷ᠂ ᠭᠠᠵᠠᠷ ᠰᠢᠨᠵᠢᠯᠡᠭᠡᠨ ᠤ ᠴᠡᠴᠡᠷᠯᠢᠭ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠬᠦᠷᠴᠦ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ᠂ ᠠᠵᠤ ᠠᠬᠤᠶᠢᠯᠠᠯ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠣᠰ ᠲᠣᠰ ᠤᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠠᠭ ᠬᠢᠵᠠᠭᠠᠷᠯᠠᠨ ᠴᠡᠭᠴᠡᠯᠡᠨ ᠵᠠᠰᠠᠬᠤ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
   ᠤᠬᠢᠶᠠᠯᠭ᠎ᠠ ᠶᠢᠨ ᠭᠠᠵᠠᠷ ᠤᠨ ᠵᠣᠴᠢᠳ ᠤᠨ ᠮᠡᠳᠡᠭᠡ ᠵᠠᠩᠭᠢ ᠶᠢ ᠪᠠᠶᠢᠴᠠᠭᠠᠨ᠎ᠠ
  ᠡᠬᠦᠳᠡᠨ ᠡᠮᠨᠡᠯᠭᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ        ᠴᠣᠭᠵᠢᠯ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠪᠠᠰᠠ ᠬᠦᠨᠳᠦ ᠨᠣᠴᠢᠲᠠᠢ ᠪᠠᠶᠢᠨ᠎ᠠ᠂ ᠡᠯ᠎ᠡ ᠭᠤᠣᠯᠳᠠᠯᠭ᠎ᠠ ᠲᠠᠢ ᠲᠠᠯᠠᠪᠤᠷ ᠤᠨ ᠬᠢᠨ ᠳᠡᠭᠡᠳᠦ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ︽ᠲᠦᠷᠪᠡᠨ ᠡᠷᠳᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠠᠷᠢᠭᠤᠳᠬᠠᠵᠤ ᠤᠰᠠᠳᠬᠠᠬᠤ ᠵᠡᠷᠭᠡ ᠡᠳᠦᠷ ᠲᠤᠳᠤᠮ ᠤᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠵᠠᠪᠠᠯ ᠳᠤᠯᠠᠭᠠᠨ ᠤ ᠬᠡᠮᠵᠢᠯᠲᠡ ᠶᠢᠨ ᠥᠷᠲᠡᠭᠡᠨ ᠤ ᠺᠠᠷᠲ ᠭᠠᠷᠭᠠᠵᠤ᠂ ᠨᠢᠭᠡ ᠮᠧᠲᠷ ᠤᠨ ︽ᠡᠷᠡᠭᠦᠯ ᠮᠡᠨᠳᠦ ᠶᠢᠨ ᠱᠤᠭᠤᠮ︾ ᠤᠨ ᠵᠠᠶ ᠶᠢ ᠪᠠᠲᠤᠯᠠᠨ᠂ ᠠᠮᠠᠪᠴᠢ ᠶᠢ ᠴᠢᠩᠭ᠎ᠠ ᠵᠡᠭᠦᠵᠦ᠂ ᠪᠡᠶ᠎ᠡ ᠶᠢᠨ ᠳᠤᠯᠠᠭᠠᠨ ᠢ ᠬᠡᠮᠵᠢᠵᠦ᠂ ︽ᠬᠤᠶᠠᠷ ᠨᠣᠮᠧᠷ︾ ᠢ ᠪᠠᠶᠢᠴᠠᠭᠠᠨ ᠦᠵᠡᠵᠦ ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠂ ᠶᠠᠭᠠᠬᠢᠭᠰᠠᠨ ᠴᠤ ᠠᠯᠮᠠᠶᠢᠷᠠᠨ ᠲᠠᠶᠢᠪᠤᠰᠢᠷᠠᠵᠤ ᠪᠣᠯᠬᠤ ᠥᠬᠡᠶ︔ ᠡᠯ᠎ᠡ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠴᠢᠭ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠡᠰᠡᠷᠭᠦᠴᠡᠬᠦ ᠡᠳ᠋ ᠵᠡᠷᠭᠡ ︽ᠳᠥᠷᠪᠡᠨ ᠲᠥᠷᠥᠯ ᠤᠨ ᠡᠮ ᠤᠨ ᠵᠦᠢᠯ︾ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠰᠦᠯᠵᠢᠶ᠎ᠡ ᠪᠠᠷ ᠰᠢᠭᠤᠳ ᠮᠡᠳᠡᠭᠦᠯᠬᠦ᠂ ᠡᠬᠡ ᠲᠠᠩᠰᠠ ᠪᠠᠷ ᠳᠠᠩᠰᠠᠯᠠᠬᠤ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠬᠡᠷᠡᠭᠯᠡᠭᠴᠢᠳ ᠤᠨ ᠪᠡᠶ᠎ᠡ ᠶᠢᠨ ᠮᠡᠳᠡᠭᠡ ᠵᠠᠩᠭᠢ ᠶᠢ ᠨᠡᠬᠡᠮᠵᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠰ ᠰᠠᠯᠠᠭ᠎ᠠ ᠮᠥᠴᠢᠷ ᠤᠨ ᠢᠶᠠᠨ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠵᠠᠩᠭᠢᠯᠠᠭ᠎ᠠ ᠶᠢᠨ ᠭᠤᠭᠴᠤᠭ᠎ᠠ ᠪᠠ ᠲᠦᠭᠰᠢᠭᠦᠷᠢ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠦᠨ᠂ ᠴᠠᠭ ᠲᠤᠬᠠᠶ ᠳᠤᠨᠢ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠪᠥᠭᠡᠳ ᠪᠠᠲᠤ ᠰᠦᠯᠵᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃        ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠳᠤ ᠣᠷᠣᠯᠴᠠᠪᠠ᠃  
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号